ᠬᠢᠶ᠎ᠠ ᠪᠠᠭᠰᠢ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠦᠢᠯᠡᠰ ᠤᠨ ᠬᠥᠳᠡᠯᠦᠩᠭᠦᠢ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2024/4/10
                                 ᠣᠷᠳᠣᠰ ᠬᠢᠶ᠎ᠠ ᠤᠯᠤᠰ ᠤᠨ ᠡᠳ᠋ ᠬᠥᠷᠥᠩᠭᠡ ᠲᠠᠷᠬᠠᠭᠠᠬᠤ〔2024〕13 ᠳ᠋ᠤᠭᠠᠷ ᠲᠣᠭᠠᠲᠤ︽ᠬᠢᠶ᠎ᠠ ᠪᠠᠭᠰᠢ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠪᠡᠯᠡ ᠭᠠᠷᠭᠠᠵᠤ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠦᠢᠯᠡᠰ ᠤᠨ ᠬᠥᠳᠡᠯᠦᠩᠭᠦᠢ ᠬᠠᠮᠢᠶᠠᠷᠤᠯᠲᠠ ᠶᠢᠨ ᠠᠷᠭ᠎ᠠ︾ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠮᠡᠳᠡᠭᠳᠡᠯ  ᠡᠯ᠎ᠡ ᠪᠡᠯᠡ ᠭᠠᠷᠭᠠᠯᠲᠠ ᠶᠢ ᠬᠢᠨᠠᠨ ᠬᠠᠮᠢᠶᠠᠷᠬᠤ ᠠᠵᠤ ᠠᠬᠤᠶᠢᠯᠠᠯ᠄          ︽ᠬᠢᠶ᠎ᠠ ᠪᠠᠭᠰᠢ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠪᠡᠯᠡ ᠭᠠᠷᠭᠠᠭᠰᠠᠨ ᠬᠢᠨᠠᠨ ᠬᠠᠮᠢᠶᠠᠷᠤᠯᠲᠠ ᠶᠢᠨ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠤᠨ ᠬᠥᠳᠡᠯᠦᠩᠭᠦᠢ ᠬᠠᠮᠢᠶᠠᠷᠤᠯᠲᠠ ᠶᠢᠨ ᠠᠷᠭ᠎ᠠ︾ ︵ᠲᠤᠷᠰᠢᠨ ᠬᠡᠷᠡᠭᠵᠢᠭᠦᠯᠬᠦ︶ ᠶᠢ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠠᠴᠠ ᠨᠢᠭᠡᠨᠲᠡ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠢ᠃                                             ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠤᠯᠤᠰ ᠤᠨ ᠥᠮᠴᠢᠯᠡᠯᠲᠦ                                                  ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ                                                        2024 ᠣᠨ ᠤ 3 ᠰᠠᠷ᠎ᠠ ᠶᠢᠨ 27 ᠤ ᠡᠳᠣᠷ                 ᠬᠢᠶ᠎ᠠ ᠪᠠᠭᠰᠢ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ                ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ            ᠭᠤᠣᠯ ᠦᠢᠯᠡᠰ ᠤᠨ ᠬᠥᠳᠡᠯᠦᠩᠭᠦᠢ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶         ᠨᠢᠭᠡᠳᠦᠭᠡᠷ ᠪᠦᠯᠦᠭ       ᠶᠡᠷᠦᠩᠬᠡᠢ ᠳᠦᠷᠢᠮ       ᠨᠢᠭᠡᠳᠦᠭᠡᠷ ᠵᠦᠢᠯ        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠪᠠ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠲᠣᠭᠤᠰᠢᠯᠠᠭᠤᠯᠵᠣ᠂ ᠤᠯᠤᠰ ᠤᠨ ᠥᠮᠴᠢᠯᠡᠯᠲᠦ ᠠᠵᠤ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠬᠦ ᠪᠠ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠶᠢ  ᠠᠬᠢᠭᠤᠯᠣᠨ᠂ ᠭᠤᠣᠯᠯᠠᠭᠴᠢ ᠥᠷᠢᠰᠦᠯᠳᠦᠭᠡᠨ ᠤ ᠬᠦᠴᠦᠨ ᠢᠶᠠᠨ ᠳᠡᠭᠡᠭᠰᠢᠯᠡᠭᠦᠯᠵᠦ᠂ ᠭᠤᠣᠯᠯᠠᠭᠴᠢ ᠴᠢᠳᠠᠮᠵᠢ ᠪᠠᠨ ᠴᠢᠩᠭᠠᠳᠬᠠᠨ᠂ ᠤᠯᠤᠰ ᠤᠨ ᠥᠮᠴᠢᠯᠡᠯᠲᠦ ᠬᠥᠷᠥᠩᠭᠡ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠡᠷᠡᠰ ᠭᠤᠶᠢᠪᠢᠰᠢ ᠦᠭᠡᠢ ᠪᠠᠷ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠤᠯᠢ︾ ︽ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠱᠠᠭᠠᠷᠳᠠᠯᠭ᠎ᠠ ᠵᠢᠴᠢ ᠬᠢᠶ᠎ᠠ ᠪᠠᠭᠰᠢ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃        ᠬᠤᠶᠠᠳᠤᠭᠠᠷ ᠵᠦᠢᠯ        ᠲᠣᠰ ᠠᠷᠭ᠎ᠠ ᠳᠤ ᠬᠡᠯᠡᠵᠦ ᠪᠠᠶᠢᠭ᠎ᠠ ᠬᠢᠨᠠᠨ ᠬᠠᠮᠢᠶᠠᠷᠬᠤ ᠠᠵᠤ ᠠᠬᠤᠶᠢᠯᠠᠯ ᠨᠢ ᠬᠢᠶ᠎ᠠ ᠪᠠᠭᠰᠢ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ︵ᠳᠣᠷᠣᠭᠰᠢ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ ᠭᠡᠵᠦ ᠲᠣᠪᠴᠢᠯᠠᠨ᠎ᠠ︶  ᠠᠴᠠ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠵᠢᠭᠠᠵᠤ ᠪᠣᠶ᠃ ᠲᠣᠰ ᠠᠷᠭ᠎ᠠ ᠳᠤ ᠬᠡᠯᠡᠵᠦ ᠪᠠᠶᠢᠭ᠎ᠠ ᠭᠤᠣᠯ ᠬᠠᠷᠢᠭᠤᠴᠠᠯᠭ᠎ᠠ ᠭᠡᠳᠡᠭ ᠨᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠴᠢᠬᠤᠯᠠ ᠡᠭᠦᠷᠭᠡ ᠪᠣᠯᠣᠨ ᠴᠢᠬᠤᠯᠠ ᠶᠡᠭᠡ ᠬᠠᠷᠢᠭᠤᠴᠠᠯᠭ᠎ᠠ ᠶᠢ ᠵᠢᠭᠠᠵᠤ ᠪᠣᠶ᠃ ᠲᠣᠰ ᠠᠷᠭ᠎ᠠ ᠳᠤ ᠬᠡᠯᠡᠵᠦ ᠪᠠᠶᠢᠭ᠎ᠠ ᠭᠤᠣᠯ ᠠᠵᠢᠯ ᠭᠡᠳᠡᠭ ᠨᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠶᠢᠨ ᠱᠠᠭᠠᠷᠳᠠᠯᠭ᠎ᠠ ᠶᠣᠰᠣᠭᠠᠷ ᠥᠷᠨᠢᠭᠦᠯᠬᠦ ᠶᠢᠨ ᠬᠠᠮᠲᠤ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠢᠶᠠᠷ ᠬᠢᠨᠠᠨ ᠲᠣᠭᠲᠠᠭᠠᠯᠭᠠᠭᠰᠠᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠢ ᠵᠢᠭᠠᠵᠤ ᠪᠣᠶ᠃        ᠭᠤᠷᠪᠠᠳᠤᠭᠠᠷ ᠵᠦᠢᠯ        ᠬᠢᠨᠠᠨ ᠲᠣᠭᠲᠠᠭᠠᠭᠰᠠᠨ ᠭᠤᠣᠯ ᠬᠠᠷᠢᠭᠤᠴᠠᠯᠭ᠎ᠠ ᠭᠤᠣᠯ ᠠᠵᠢᠯ ᠪᠣᠯ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠠᠵᠤ ᠠᠬᠤᠶᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ᠂ ᠥᠭᠡᠷᠡᠴᠢᠯᠡᠯᠲᠡ ᠬᠢᠵᠦ ᠲᠠᠬᠢᠨ ᠵᠣᠬᠢᠶᠠᠨ ᠪᠠᠶᠢᠭᠤᠯᠬᠤ᠂ ᠬᠢᠨᠠᠨ ᠰᠢᠯᠭᠠᠵᠤ ᠦᠨᠡᠯᠡᠬᠦ᠂ ᠴᠢᠬᠤᠯᠠ ᠶᠡᠭᠡ ᠪᠡᠯᠡ ᠣᠷᠣᠭᠤᠯᠤᠯᠲᠠ ᠵᠡᠷᠭᠡ ᠵᠦᠢᠯ ᠳᠤ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢᠨ ᠴᠢᠬᠤᠯᠠ ᠦᠨᠳᠦᠰᠦᠯᠡᠯ ᠪᠣᠯᠬᠤ ᠪᠥᠭᠡᠳ ᠪᠠᠰᠠ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ᠂ ᠡᠵᠡᠩᠨᠡᠯᠲᠡ ᠶᠢᠨ ᠪᠡᠯᠡ ᠣᠷᠣᠭᠤᠯᠤᠯᠲᠠ ᠶᠢᠨ ᠲᠥᠯᠥᠪᠯᠡᠭᠡ ᠨᠠᠶᠢᠷᠠᠭᠤᠯᠤᠨ ᠵᠣᠬᠢᠶᠠᠬᠤ ᠵᠡᠷᠭᠡ ᠶᠢ ᠬᠢᠨᠠᠨ ᠬᠠᠮᠢᠶᠠᠷᠬᠤ ᠶᠢᠨ ᠴᠢᠬᠤᠯᠠ ᠦᠨᠳᠦᠰᠦᠯᠡᠯ ᠪᠣᠯᠣᠨ᠎ᠠ᠃        ᠳᠥᠷᠪᠡᠳᠦᠭᠡᠷ ᠵᠦᠢᠯ        ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ᠂ ᠳᠣᠣᠷᠠᠬᠢ ᠡᠭᠦᠷᠭᠡ ᠶᠢ ᠬᠠᠷᠢᠭᠤᠴᠠᠨ᠎ᠠ᠃       ︵ᠨᠢᠭᠡ︶ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠦᠢᠯᠡᠰ ᠤᠨ ᠬᠥᠳᠡᠯᠦᠩᠭᠦᠢ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠪᠥᠬᠦ ᠲᠣᠭᠤᠷᠢᠭ ᠲᠤ ᠦᠢᠯᠡᠴᠢᠯᠡᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠬᠦᠨᠳᠦᠳᠬᠡᠬᠦ ᠶᠢ ᠪᠠᠷᠢᠮᠲᠠᠯᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠯᠦᠭᠡ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠠᠬᠢᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠪᠠᠶᠢᠳᠠᠯ ᠳᠤᠨᠢ ᠵᠣᠬᠢᠴᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠦᠢᠯᠡᠰ ᠤᠨ ᠬᠠᠮᠢᠶᠠᠷᠤᠯᠲᠠ ᠶᠢᠨ ᠵᠢᠷᠤᠮᠵᠢᠯ ᠢ ᠲᠣᠳᠣᠷᠬᠠᠶᠢᠯᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃        ︵ᠬᠤᠶᠠᠷ︶ ᠭᠤᠣᠯ ᠬᠠᠷᠢᠭᠤᠴᠠᠯᠭ᠎ᠠ ᠶᠢᠨ ᠴᠢᠳᠠᠮᠵᠢ ᠪᠠ ᠭᠤᠣᠯ ᠦᠢᠯᠡᠰ ᠤᠨ ᠪᠠᠷᠢᠮᠵᠢᠶ᠎ᠠ ᠶᠢ ᠲᠣᠳᠣᠷᠬᠠᠶᠢᠯᠠᠵᠤ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠦᠢᠯᠡᠰ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠵᠤ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠬᠢᠨᠠᠯᠲᠠ ᠬᠠᠮᠢᠶᠠᠷᠤᠯᠲᠠ ᠵᠢᠴᠢ ᠬᠥᠳᠡᠯᠦᠩᠭᠦᠢ ᠲᠣᠬᠢᠷᠠᠭᠤᠯᠤᠯᠲᠠ ᠶᠢ ᠬᠡᠷᠡᠭᠵᠢᠭᠦᠯᠦᠨ᠎ᠡ᠃       ︵ᠭᠤᠷᠪᠠ︶ ᠬᠢᠨᠠᠨ ᠬᠠᠮᠢᠶᠠᠷᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠭᠤᠣᠯ ᠬᠠᠷᠢᠭᠤᠴᠠᠯᠭ᠎ᠠ ᠭᠤᠣᠯ ᠦᠢᠯᠡᠰ ᠤᠨ ᠲᠣᠭᠤᠷᠢᠨ ᠳᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠤᠭᠤᠷᠣᠨᠳᠤ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ ᠳᠣᠲᠣᠭᠠᠳᠤ ᠳᠤ ᠲᠤᠰᠬᠠᠶᠢᠵᠢᠭᠰᠠᠨ ᠳᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠬᠦ ᠶᠢ ᠠᠬᠢᠭᠤᠯᠤᠨ᠂ ᠭᠤᠣᠯ ᠪᠤᠰᠤ ᠠᠵᠢᠯ᠂ ᠳᠠᠪᠠᠭᠤᠯᠢᠭ ᠪᠤᠰᠤ ᠲᠤᠬᠠᠶᠢᠯᠠᠭᠰᠠᠨ ᠠᠵᠢᠯ ᠢ ᠲᠦᠷᠭᠡᠳᠬᠡᠨ ᠰᠠᠯᠭᠠᠵᠤ᠂ ᠠᠵᠤ ᠦᠢᠯᠡᠰ ᠤᠨ ᠬᠠᠮᠵᠢᠯᠴᠠᠨ ᠬᠥᠭᠵᠢᠬᠦ ᠳᠠᠪᠠᠭᠤᠯᠢᠭ ᠢ ᠶᠡᠬᠡᠰᠬᠡᠵᠦ᠂ ᠬᠢᠨᠠᠨ ᠬᠠᠮᠢᠶᠠᠷᠬᠤ ᠠᠵᠤ ᠠᠬᠤᠶᠢᠯᠠᠯ ᠢ ᠵᠢᠯᠣᠭᠤᠳᠤᠨ ᠳᠣᠲᠣᠭᠠᠳᠤ ᠶᠢᠨ ᠭᠤᠣᠯ ᠦᠢᠯᠡᠰ ᠤᠨ ᠬᠠᠮᠢᠶᠠᠷᠤᠯᠲᠠ ᠶᠢᠨ ᠳᠦᠷᠢᠮ ᠵᠢᠴᠢ ᠵᠣᠬᠢᠬᠤ ᠬᠠᠮᠢᠶᠠᠷᠤᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃       ︵ᠳᠥᠷᠪᠡ︶ ᠬᠢᠨᠠᠨ ᠬᠠᠮᠢᠶᠠᠷᠬᠤ ᠠᠵᠤ ᠠᠬᠤᠶᠢᠯᠠᠯ ᠤᠨ ᠠᠳᠠᠯᠢ ᠪᠤᠰᠤ ᠲᠥᠷᠥᠯ ᠬᠡᠯᠪᠡᠷᠢ ᠶᠢ ᠦᠨᠳᠦᠰᠦᠯᠡᠨ᠂ ᠴᠢᠨᠠᠷ ᠢ ᠲᠣᠭᠲᠠᠭᠠᠬᠤ ᠪᠠ ᠬᠡᠮᠵᠢᠶ᠎ᠡ ᠶᠢ ᠲᠣᠭᠲᠠᠭᠠᠬᠤ ᠶᠢ ᠬᠠᠷᠢᠯᠴᠠᠨ ᠤᠶᠠᠯᠳᠤᠭᠤᠯᠤᠭᠰᠠᠨ ᠦᠨᠡᠯᠡᠬᠦ ᠪᠠᠷᠢᠮᠵᠢᠶ᠎ᠠ ᠶᠢ ᠲᠣᠭᠲᠠᠭᠠᠵᠤ᠂ ᠠᠵᠤ ᠠᠬᠤᠶᠢᠯᠠᠯ ᠤᠨ ᠭᠤᠣᠯ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠬᠢᠨᠠᠨ ᠬᠡᠮᠵᠢᠵᠦ ᠦᠨᠡᠯᠡᠯᠲᠡ ᠬᠢᠬᠦ ᠶᠢ ᠬᠡᠷᠡᠭᠵᠢᠭᠦᠯᠦᠨ᠎ᠡ᠃       ︵ᠲᠠᠪᠤ︶ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠦᠢᠯᠡᠰ ᠤᠨ ᠬᠥᠭᠵᠢᠯᠲᠡ ᠯᠦᠭᠡ ᠬᠤᠯᠪᠣᠭᠳᠠᠬᠤ ᠪᠤᠰᠤᠳ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠃        ᠲᠠᠪᠤᠳᠤᠭᠠᠷ ᠵᠦᠢᠯ       ᠬᠢᠨᠠᠨ ᠬᠠᠮᠢᠶᠠᠷᠬᠤ ᠠᠵᠤ ᠠᠬᠤᠶᠢᠯᠠᠯ ᠨᠢ ᠭᠤᠣᠯ ᠬᠠᠷᠢᠭᠤᠴᠠᠯᠭ᠎ᠠ ᠭᠤᠣᠯ ᠦᠢᠯᠡᠰ ᠲᠡᠭᠡᠨ ᠠᠩᠬᠠᠷᠤᠯ ᠢᠶᠠᠨ ᠲᠥᠪᠯᠡᠷᠡᠭᠦᠯᠦᠨ ᠡᠵᠡᠩᠨᠡᠯᠲᠡ ᠬᠠᠮᠢᠶᠠᠷᠤᠯᠲᠠ ᠶᠢᠨ ᠠᠵᠢᠯᠯᠠᠭ᠎ᠠ ᠥᠷᠨᠢᠭᠦᠯᠬᠦ ᠶᠢᠨ ᠬᠠᠮᠲᠤ᠂ ᠲᠣᠭᠤᠷᠢᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄        ︵ᠨᠢᠭᠡ︶ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠦᠨᠳᠦᠰᠦᠯᠡᠨ᠂ ᠭᠤᠣᠯ ᠦᠢᠯᠡᠰ ᠤᠨ ᠭᠠᠷᠴᠠᠭ ᠢ ᠲᠣᠭᠲᠠᠭᠠᠵᠤ᠂ ᠪᠢᠴᠢᠭ ᠤᠨ ᠬᠡᠯᠪᠡᠷᠢ ᠪᠠᠷ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠬᠦᠷᠭᠡᠵᠦ ᠬᠢᠨᠠᠨ ᠲᠣᠭᠲᠠᠭᠠᠯᠭᠠᠨ᠎ᠠ᠃        ︵ᠬᠤᠶᠠᠷ︶ ᠠᠵᠤ ᠠᠬᠤᠶᠢᠯᠠᠯ ᠤᠨ ᠳᠣᠲᠣᠭᠠᠳᠤ ᠶᠢᠨ ᠭᠤᠣᠯ ᠦᠢᠯᠡᠰ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠪᠣᠳᠠᠲᠠᠢ ᠡᠵᠡᠮᠳᠡᠬᠦ ᠡᠷᠬᠡ ᠲᠠᠢ ᠬᠠᠷᠢᠶ᠎ᠠ ᠡᠯ᠎ᠡ ᠱᠠᠲᠤᠨ ᠤ ᠠᠵᠤ ᠠᠬᠤᠶᠢᠯᠠᠯ ᠳᠤ ᠪᠥᠬᠦ ᠲᠠᠯ᠎ᠠ ᠶᠢᠨ ᠪᠦᠲᠦᠮᠵᠢᠲᠡᠶ ᠭᠤᠣᠯ ᠦᠢᠯᠡᠰ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠭᠤᠣᠯ ᠦᠢᠯᠡᠰ ᠢ ᠳᠣᠪᠤᠶᠢᠯᠭᠠᠬᠤ᠂ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠵᠤ᠂ ᠭᠤᠣᠯ ᠦᠢᠯᠡᠰ ᠤᠨ ᠪᠤᠰᠤ ᠪᠡᠯᠡ ᠣᠷᠣᠭᠤᠯᠤᠯᠲᠠ ᠶᠢ ᠴᠢᠩᠭ᠎ᠠ ᠬᠢᠵᠠᠭᠠᠷᠯᠠᠵᠤ᠂ ᠭᠤᠣᠯ ᠦᠢᠯᠡᠰ ᠤᠨ ᠲᠥᠪᠯᠡᠷᠡᠯ ᠤᠨ ᠬᠡᠮᠵᠢᠶ᠎ᠡ᠂ ᠬᠥᠭᠵᠢᠯᠲᠡ ᠶᠢᠨ ᠶᠠᠰᠤ ᠴᠢᠨᠠᠷ ᠪᠠ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃         ︵ᠭᠤᠷᠪᠠ︶ ᠬᠠᠷᠢᠶ᠎ᠠ ᠪᠦᠬᠦᠢ ᠠᠵᠤ ᠠᠬᠤᠶᠢᠯᠠᠯ ᠤᠨ ᠲᠤᠰᠬᠠᠶᠢᠵᠢᠭᠰᠠᠨ ᠳᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠬᠦ ᠪᠠ ᠬᠠᠮᠵᠢᠯᠴᠠᠨ ᠬᠥᠭᠵᠢᠭᠦᠯᠬᠦ ᠶᠢ ᠡᠮᠬᠢ ᠵᠢᠷᠤᠮ ᠲᠠᠢ ᠪᠠᠷ ᠠᠬᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠭᠤᠣᠯ ᠦᠢᠯᠡᠰ ᠤᠨ ᠬᠦᠷᠢᠶ᠎ᠡ ᠴᠠᠷᠠᠭ᠎ᠠ᠂ ᠳᠠᠪᠠᠭᠤᠯᠢᠭ ᠠᠵᠤ ᠠᠬᠤᠶᠢᠯᠠᠯ ᠳᠠᠰᠢ ᠲᠥᠪᠯᠡᠷᠡᠬᠦ ᠶᠢ ᠠᠬᠢᠭᠤᠯᠤᠨ᠂ ᠡᠷᠴᠢᠮᠵᠢᠭᠦᠯᠦᠭᠰᠡᠨ ᠬᠠᠮᠢᠶᠠᠷᠤᠯᠲᠠ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠳᠠᠪᠬᠤᠴᠠᠬᠤ ᠪᠠ ᠡᠮᠬᠢ ᠵᠢᠷᠤᠮ ᠲᠠᠢ ᠪᠠᠷ ᠥᠷᠢᠰᠦᠯᠳᠦᠬᠦ ᠠᠴᠠ ᠵᠠᠶᠢᠯᠠᠰᠬᠢᠵᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃         ︵ᠳᠥᠷᠪᠡ︶ ᠬᠥᠳᠡᠯᠦᠩᠭᠦᠢ ᠵᠠᠳᠠᠯᠬᠤ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠭᠤᠣᠯ ᠦᠢᠯᠡᠰ ᠤᠨ ᠬᠥᠭᠵᠢᠯᠲᠡ ᠶᠢᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠨ᠎ᠠ᠃        ︵ᠲᠠᠪᠤ︶ ᠲᠣᠭᠤᠷᠢᠭ ᠤᠨ ᠥᠮᠴᠢᠯᠡᠯ ᠤᠨ ᠡᠳ᠋ ᠬᠥᠷᠥᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠲᠣᠭᠲᠠᠭᠠᠭᠰᠠᠨ ᠪᠤᠰᠤᠳ ᠲᠤᠰᠢᠶᠠᠯ ᠬᠠᠷᠢᠭᠤᠴᠠᠯᠭ᠎ᠠ᠃         ᠬᠤᠶᠠᠳᠤᠭᠠᠷ ᠪᠦᠯᠦᠭ      ᠦᠨᠳᠦᠰᠦᠨ ᠵᠠᠷᠴᠢᠮ ᠪᠠ ᠬᠢᠨᠠᠨ ᠲᠣᠭᠲᠠᠭᠠᠭᠰᠠᠨ ᠪᠠᠷᠢᠮᠵᠢᠶ᠎ᠠ         ᠵᠢᠷᠭᠤᠳᠤᠭᠠᠷ ᠵᠦᠢᠯ       ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠦᠢᠯᠡᠰ ᠢ ᠬᠢᠨᠠᠨ ᠲᠣᠭᠲᠠᠭᠠᠬᠤ ᠳᠤ ᠳᠣᠣᠷᠠᠬᠢ ᠦᠨᠳᠦᠰᠦᠨ ᠵᠠᠷᠴᠢᠮ ᠳᠤ ᠨᠡᠶᠢᠴᠡᠭᠦ ᠬᠡᠷᠡᠭᠲᠡᠢ᠄          ︵ᠨᠢᠭᠡ︶ ᠰᠢᠨ᠎ᠡ ᠴᠠᠭ ᠦᠶ᠎ᠡ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠲᠡᠦᠬᠡᠲᠦ ᠡᠭᠦᠷᠭᠡ ᠳᠤ ᠨᠡᠶᠢᠴᠡᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ ᠪᠠ ᠲᠣᠭᠤᠷᠢᠭ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠠᠵᠢᠯ ᠲᠥᠷᠥᠯ ᠤᠨ ᠲᠥᠷᠥ ᠶᠢᠨ ᠪᠣᠳᠣᠯᠭ᠎ᠠ ᠵᠢᠴᠢ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠳᠤ ᠨᠡᠶᠢᠴᠡᠨ᠎ᠡ᠃          ︵ᠬᠤᠶᠠᠷ︶ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠬᠦ ᠪᠠ ᠪᠦᠲᠦᠴᠡ ᠶᠢ ᠲᠣᠬᠢᠷᠠᠭᠤᠯᠬᠤ ᠴᠢᠭᠯᠡᠯ ᠳᠤ ᠨᠡᠶᠢᠴᠡᠨ᠎ᠡ ᠃ ᠬᠢᠨᠠᠨ ᠬᠠᠮᠢᠶᠠᠷᠬᠤ ᠠᠵᠤ ᠠᠬᠤᠶᠢᠯᠠᠯ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠪᠣᠳᠠᠲᠤ ᠴᠣᠭᠴᠠ ᠶᠢᠨ ᠠᠵᠤ ᠠᠬᠤᠢ ᠶᠢ ᠪᠤᠵᠠᠭᠠᠶᠢᠷᠠᠭᠤᠯᠬᠤ ᠪᠠᠷ ᠬᠦᠴᠦᠯᠡᠨ ᠴᠢᠷᠮᠠᠶᠢᠵᠤ᠂ ᠤᠯᠤᠰ ᠤᠨ ᠥᠮᠴᠢᠯᠡᠯ ᠤᠨ ᠬᠥᠷᠥᠩᠭᠡ ᠶᠢ ᠤᠯᠤᠰ ᠤᠨ ᠠᠮᠤᠷ ᠲᠦᠪᠰᠢᠨ᠂ ᠤᠯᠤᠰ ᠠᠷᠠᠳ ᠤᠨ ᠠᠵᠤ ᠠᠬᠤᠢ ᠶᠢᠨ ᠠᠮᠢᠨ ᠰᠤᠳᠠᠰᠤ ᠳᠤ ᠬᠤᠯᠪᠣᠭᠳᠠᠬᠤ ᠴᠢᠬᠤᠯᠠ ᠠᠵᠢᠯ ᠲᠦᠷᠦᠯ ᠳᠤ ᠲᠥᠪᠯᠡᠷᠡᠭᠦᠯᠬᠦ᠂ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠪᠠ ᠨᠡᠶᠢᠲᠡ ᠶᠢᠨ ᠠᠰᠠᠷᠠᠮᠵᠢ ᠶᠢᠨ ᠴᠢᠨᠠᠷ ᠵᠡᠷᠭᠡ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠳᠤ ᠬᠤᠯᠪᠣᠭᠳᠠᠬᠤ ᠴᠢᠬᠤᠯᠠ ᠠᠵᠢᠯ ᠲᠦᠷᠦᠯ ᠳᠤ ᠲᠥᠪᠯᠡᠷᠡᠭᠦᠯᠬᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠲᠤ ᠲᠥᠪᠯᠡᠷᠡᠭᠦᠯᠬᠦ ᠶᠢ ᠲᠦᠯᠬᠢᠨ ᠠᠬᠢᠭᠤᠯᠵᠤ᠂ ᠭᠤᠣᠯ ᠬᠠᠷᠢᠭᠤᠴᠠᠯᠭ᠎ᠠ ᠪᠠᠨ ᠪᠠᠲᠤ ᠰᠠᠭᠢᠨ᠂ ᠭᠤᠣᠯ ᠠᠵᠢᠯ ᠢᠶᠠᠨ ᠬᠦᠴᠦᠷᠬᠡᠭᠵᠢᠭᠦᠯᠦᠨ᠎ᠡ᠃         ︵ᠭᠤᠷᠪᠠ︶ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠳᠤ ᠠᠰᠢᠭᠲᠠᠢ ᠲᠣᠰᠠ ᠲᠠᠢ᠃ ᠬᠢᠨᠠᠨ ᠬᠠᠮᠢᠶᠠᠷᠬᠤ ᠠᠵᠤ ᠠᠬᠤᠶᠢᠯᠠᠯ ᠨᠢ ᠭᠤᠣᠯ ᠬᠠᠷᠢᠭᠤᠴᠠᠯᠭ᠎ᠠ ᠪᠠᠷ ᠦᠨᠳᠦᠰᠦᠯᠡᠯ ᠪᠣᠯᠭᠠᠵᠤ᠂ ᠲᠣᠰ ᠪᠡᠶ᠎ᠡ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ᠂ ᠣᠲᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠪᠠ ᠢᠷᠡᠭᠡᠳᠦᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠬᠡᠷᠡᠭᠴᠡᠭᠡ ᠳᠤ ᠰᠠᠭᠤᠷᠢᠯᠠᠨ᠂ ᠡᠬᠢ ᠪᠠᠶᠠᠯᠢᠭ ᠤᠨ ᠳᠠᠪᠠᠭᠤᠯᠢᠭ ᠪᠠ ᠰᠠᠭᠤᠷᠢ ᠨᠥᠬᠦᠴᠡᠯ ᠢ ᠪᠦᠷᠢᠯᠳᠦᠭᠦᠯᠦᠭᠰᠡᠨ᠂ ᠨᠡᠯᠢᠶᠡᠳ ᠴᠢᠩᠭ᠎ᠠ ᠠᠵᠢᠯ ᠲᠥᠷᠥᠯ ᠤᠨ ᠥᠷᠢᠰᠦᠯᠳᠦᠬᠦ ᠬᠦᠴᠦᠨ ᠪᠠ ᠬᠥᠭᠵᠢᠯᠲᠡ ᠶᠢᠨ ᠳᠠᠯᠳᠠ ᠬᠦᠴᠦᠨ ᠲᠠᠢ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠶ ᠪᠠᠷ ᠬᠥᠲᠥᠯᠥᠨ ᠳᠠᠭᠠᠭᠤᠯᠵᠤ ᠳᠡᠶᠢᠯᠬᠦ ᠲᠤᠬᠠᠶᠢᠯᠠᠭᠰᠠᠨ ᠠᠵᠢᠯ ᠢᠶᠠᠷ ᠭᠤᠣᠯ ᠠᠵᠢᠯ ᠢᠶᠠᠨ ᠪᠣᠯᠭᠠᠨ᠎ᠠ᠃ ᠬᠤᠳᠠᠯᠳᠤᠭᠠᠨ ᠤ ᠲᠦᠷᠦᠯ ᠤᠨ ᠠᠵᠤ ᠠᠬᠤᠶᠢᠯᠠᠯ ᠤᠨ ᠭᠤᠣᠯ ᠠᠵᠢᠯ ᠲᠦᠷᠦᠯ ᠤᠨ ᠭᠤᠣᠯᠳᠠᠯᠭ᠎ᠠ ᠨᠢ ᠠᠵᠤ ᠠᠬᠤᠢ ᠶᠢᠨ ᠦᠷ᠎ᠡ ᠠᠰᠢᠭ ᠪᠠ ᠠᠵᠤ ᠠᠬᠤᠶᠢᠯᠠᠯ ᠤᠨ ᠦᠷᠳᠡᠭ ᠢ ᠲᠤᠪᠤᠶᠢᠯᠭᠠᠵᠤ᠂ ᠨᠡᠶᠢᠭᠡᠮ ᠤᠨ ᠦᠷ᠎ᠡ ᠠᠰᠢᠭ ᠢ ᠬᠠᠮᠲᠤ ᠳᠤᠨᠢ ᠬᠠᠷᠠᠭᠠᠯᠵᠠᠨ᠂ ᠣᠨᠴᠠᠭᠠᠶ ᠴᠢᠳᠠᠮᠵᠢᠲᠤ ᠠᠵᠤ ᠠᠬᠤᠶᠢᠯᠠᠯ ᠤᠨ ᠭᠤᠣᠯ ᠠᠵᠢᠯ ᠲᠦᠷᠦᠯ ᠤᠨ ᠭᠤᠣᠯᠳᠠᠯᠭ᠎ᠠ ᠨᠢ ᠣᠨᠴᠠᠭᠠᠶ ᠪᠠᠲᠤᠯᠠᠭ᠎ᠠ ᠶᠢᠨ ᠴᠢᠳᠠᠮᠵᠢ ᠶᠢ ᠲᠤᠪᠤᠶᠢᠯᠭᠠᠵᠤ᠂ ᠨᠡᠶᠢᠲᠡ ᠶᠢᠨ ᠠᠰᠠᠷᠠᠮᠵᠢ ᠶᠢᠨ ᠲᠦᠷᠦᠯ ᠤᠨ ᠠᠵᠤ ᠠᠬᠤᠶᠢᠯᠠᠯ ᠤᠨ ᠭᠤᠣᠯ ᠠᠵᠢᠯ ᠲᠦᠷᠦᠯ ᠤᠨ ᠭᠤᠣᠯᠳᠠᠯᠭ᠎ᠠ ᠨᠢ ᠤᠯᠠᠨ ᠨᠡᠶᠢᠲᠡ ᠶᠢᠨ ᠦᠢᠯᠡᠴᠢᠯᠡᠭᠡᠨ ᠤ  ᠴᠢᠳᠠᠮᠵᠢ ᠶᠢ ᠲᠣᠪᠣᠶᠢᠯᠭᠠᠨ᠎ᠠ᠃        ︵ᠳᠥᠷᠪᠡ︶ ᠠᠵᠤ ᠠᠬᠤᠶᠢᠯᠠᠯ ᠤᠨ ᠭᠤᠣᠯᠯᠠᠬᠤ ᠴᠢᠳᠠᠮᠵᠢ ᠶᠢ ᠴᠢᠩᠭᠠᠷᠠᠭᠤᠯᠬᠤ ᠳᠤ ᠠᠰᠢᠭᠲᠠᠢ᠃ ᠠᠵᠤ ᠠᠬᠤᠶᠢᠯᠠᠯ ᠤᠨ ᠭᠤᠣᠯ ᠦᠢᠯᠡᠰ ᠢ ᠬᠢᠨᠠᠨ ᠬᠠᠮᠢᠶᠠᠷᠬᠤ ᠳᠤ ᠭᠤᠣᠯ ᠬᠠᠷᠢᠭᠤᠴᠠᠯᠭ᠎ᠠ ᠯᠤᠭ᠎ᠠ ᠬᠤᠯᠪᠤᠭᠠᠯᠠᠨ ᠬᠥᠳᠡᠯᠦᠯᠴᠡᠵᠦ ᠵᠣᠯᠭᠠᠭᠤᠯᠤᠨ᠂ ᠠᠵᠤ ᠠᠬᠤᠶᠢᠯᠠᠯ ᠤᠨ ᠴᠢᠬᠤᠯᠠ ᠡᠭᠦᠷᠭᠡ ᠬᠠᠷᠢᠭᠤᠴᠠᠯᠭ᠎ᠠ ᠪᠠ ᠴᠢᠬᠤᠯᠠ ᠶᠡᠭᠡ ᠬᠠᠷᠢᠭᠤᠴᠠᠯᠭ᠎ᠠ ᠶᠢ ᠪᠦᠲᠦᠮᠵᠢᠲᠡᠶ ᠲᠤᠯᠭᠠᠭᠤᠷᠢᠯᠠᠵᠤ᠂ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠠ ᠬᠥᠭᠵᠢᠯᠲᠡ ᠶᠢᠨ ᠠᠷᠭ᠎ᠠ ᠬᠡᠮᠵᠢᠶ᠎ᠡ ᠯᠦᠭᠡ ᠬᠠᠷᠢᠯᠴᠠᠨ ᠵᠣᠬᠢᠴᠠᠯᠳᠤᠭᠤᠯᠵᠤ᠂ ᠠᠵᠤ ᠠᠬᠤᠶᠢᠯᠠᠯ ᠤᠨ ᠪᠠᠶᠢᠷᠢᠰᠢᠭᠤᠯᠤᠯᠲᠠ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠬᠥᠭᠵᠢᠯᠲᠡ ᠶᠢᠨ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠡᠲᠦ ᠥᠷᠢᠲᠦᠵᠦ ᠣᠪᠣᠭᠠᠷᠠᠭᠰᠠᠨ ᠭᠤᠣᠯ ᠦᠢᠯᠡᠰ ᠯᠦᠭᠡ ᠬᠠᠮᠢᠶ᠎ᠠ ᠦᠭᠡᠢ ᠡᠳ᠋ ᠬᠥᠷᠥᠩᠭᠡ ᠶᠢ ᠡᠷᠡᠰ ᠬᠤᠷᠢᠭᠯᠠᠨ᠎ᠠ᠃ ᠨᠡᠷᠡᠲᠦ ᠲᠡᠮᠳᠡᠭ᠂ ᠮᠡᠷᠭᠡᠵᠢᠯ᠂ ᠴᠢᠳᠠᠪᠤᠷᠢᠲᠠᠨ᠂ ᠪᠡᠯᠡ ᠮᠥᠩᠭᠦ᠂ ᠬᠠᠮᠢᠶᠠᠷᠤᠯᠲᠠ ᠵᠡᠷᠭᠡ ᠡᠬᠢ ᠪᠠᠶᠠᠯᠢᠭ ᠤᠨ ᠳᠠᠪᠠᠭᠤᠯᠢᠭ ᠪᠠ ᠰᠠᠭᠤᠷᠢ ᠨᠥᠬᠦᠴᠡᠯ ᠲᠠᠢ ᠠᠵᠤ ᠠᠬᠤᠶᠢᠯᠠᠯ ᠨᠢ ᠣᠷᠳᠣ ᠬᠤᠭᠤᠴᠠᠭ᠎ᠠ ᠪᠠᠷ ᠠᠵᠤ ᠠᠬᠤᠶᠢᠯᠠᠯ ᠤᠨ ᠲᠤᠯᠭᠠᠭᠤᠷᠢ ᠠᠵᠤ ᠦᠢᠯᠡᠰ ᠪᠣᠯᠵᠤ᠂ ᠦᠷᠭᠦᠯᠵᠢᠯᠡᠨ ᠠᠰᠢᠭ ᠣᠯᠬᠤ ᠴᠢᠳᠠᠪᠤᠷᠢ ᠪᠠᠷ ᠨᠡᠯᠢᠶᠡᠳ ᠴᠢᠩᠭ᠎ᠠ ᠪᠠᠶᠢᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠵᠤ ᠳᠡᠶᠢᠯᠦᠨ᠎ᠡ᠃          ᠳᠣᠯᠣᠳᠤᠭᠠᠷ ᠵᠦᠢᠯ        ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠢ ᠬᠢᠨᠠᠨ ᠲᠣᠭᠲᠠᠭᠠᠬᠤ ᠪᠠᠷᠢᠮᠵᠢᠶ᠎ᠠ  ᠨᠢ ᠳᠣᠣᠷᠠᠬᠢ ᠮᠡᠲᠦ᠄          ︵ᠨᠢᠭᠡ︶ ᠭᠤᠣᠯ ᠠᠵᠢᠯ ᠤᠨ ᠨᠡᠷᠡᠶᠢᠳᠦᠯ ᠨᠢ ︽ᠤᠯᠤᠰ ᠠᠷᠠᠳ ᠤᠨ ᠠᠵᠤ ᠠᠬᠤᠢ ᠶᠢᠨ ᠠᠵᠢᠯ ᠲᠥᠷᠥᠯ ᠤᠨ ᠠᠩᠭᠢᠯᠠᠯ︾ ︵GB/T4754 ︱ 2017︶ ᠶᠢᠨ ᠶᠡᠭᠡ ᠲᠥᠷᠥᠯ᠂ ᠳᠤᠮᠳᠠ ᠲᠥᠷᠥᠯ ᠤᠨ ᠪᠠᠷᠢᠮᠵᠢᠶ᠎ᠠ ᠵᠢᠴᠢ ︽ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠠᠩᠭᠢᠯᠠᠯ ︵2018︶︾ ᠪᠠᠷ ᠯᠠᠪᠯᠠᠯᠲᠠ ᠪᠣᠯᠭᠠᠨ ᠲᠣᠭᠲᠠᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠯᠪᠣᠭᠳᠠᠬᠤ ᠬᠡᠮᠵᠢᠶ᠎ᠡ ᠪᠠᠷ ᠥᠨᠳᠥᠷ᠂ ᠬᠠᠮᠵᠢᠯᠴᠠᠬᠤ ᠴᠢᠨᠠᠷ ᠢᠶᠠᠷ ᠴᠢᠩᠭ᠎ᠠ ᠲᠤᠬᠠᠶᠢᠯᠠᠭᠰᠠᠨ ᠠᠵᠢᠯ ᠢ ᠵᠣᠬᠢᠰᠲᠠᠢ ᠪᠠᠷ ᠲᠥᠷᠥᠯᠵᠢᠭᠦᠯᠵᠦ ᠪᠣᠯᠣᠨ᠎ᠠ᠃          ︵ᠬᠤᠶᠠᠷ︶ ᠭᠤᠣᠯ ᠦᠢᠯᠡᠰ ᠢ ᠭᠤᠣᠯᠯᠠᠬᠤ ᠲᠤᠬᠠᠶᠢᠯᠠᠭᠰᠠᠨ ᠠᠵᠢᠯ ᠪᠠ ᠪᠣᠶᠢᠵᠢᠭᠤᠯᠬᠤ ᠲᠤᠬᠠᠶᠢᠯᠠᠭᠰᠠᠨ ᠠᠵᠢᠯ ᠭᠡᠵᠦ ᠬᠤᠶᠠᠷ ᠲᠥᠷᠥᠯ ᠳᠤ ᠬᠤᠪᠢᠶᠠᠵᠤ ᠪᠣᠯᠣᠨ᠎ᠠ᠂ ᠡᠭᠦᠨ ᠳᠤ᠂ ᠭᠤᠣᠯᠯᠠᠬᠤ ᠲᠤᠬᠠᠶᠢᠯᠠᠭᠰᠠᠨ ᠠᠵᠢᠯ ᠢ ᠵᠠᠷᠴᠢᠮ ᠳᠡᠭᠡᠷ᠎ᠡ ᠪᠠᠨ 3  ᠠᠴᠠ ᠬᠡᠲᠦᠷᠡᠭᠦᠯᠵᠦ ᠪᠣᠯᠬᠤ ᠦᠭᠡᠢ᠂ ᠪᠣᠶᠢᠵᠢᠭᠤᠯᠬᠤ ᠲᠤᠬᠠᠶᠢᠯᠠᠭᠰᠠᠨ ᠠᠵᠢᠯ ᠢ ᠵᠠᠷᠴᠢᠮ ᠳᠡᠭᠡᠷ᠎ᠡ ᠪᠠᠨ 2  ᠠᠴᠠ ᠬᠡᠲᠦᠷᠡᠭᠦᠯᠵᠦ ᠪᠣᠯᠬᠤ ᠦᠭᠡᠢ᠃          ᠭᠤᠣᠯᠯᠠᠬᠤ ᠲᠤᠬᠠᠶᠢᠯᠠᠭᠰᠠᠨ ᠠᠵᠢᠯ ᠪᠣᠯ ᠨᠡᠯᠢᠶᠡᠳ ᠶᠡᠭᠡ ᠡᠳ᠋ ᠬᠥᠷᠥᠩᠭᠡ ᠶᠢᠨ ᠬᠡᠪᠴᠢᠶ᠎ᠡ ᠲᠠᠢ ᠪᠣᠯᠤᠭᠰᠠᠨ ᠪᠤᠶᠤ ᠨᠢᠭᠡᠨᠲᠡ ᠪᠦᠷᠢᠯᠳᠦᠭᠰᠡᠨ᠂ ᠦᠷᠭᠦᠯᠵᠢᠯᠡᠨ ᠲᠣᠭᠲᠠᠪᠤᠷᠢᠲᠠᠢ ᠠᠰᠢᠭ ᠣᠯᠬᠤ ᠴᠢᠳᠠᠪᠤᠷᠢ ᠲᠠᠢ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠢᠯᠡᠷᠡᠭᠦᠯᠦᠭᠰᠡᠨ᠂ ᠠᠵᠤ ᠠᠬᠤᠶᠢᠯᠠᠯ ᠤᠨ ᠠᠵᠢᠯ  ᠲᠥᠷᠦᠯ ᠤᠨ ᠪᠠᠶᠢᠷᠢ ᠰᠠᠭᠤᠷᠢ ᠶᠢ ᠲᠤᠰᠬᠠᠭᠰᠠᠨ᠂ ᠠᠵᠤ ᠠᠬᠤᠶᠢᠯᠠᠯ ᠤᠨ ᠢᠷᠡᠭᠡᠳᠦᠢ ᠶᠢᠨ ᠠᠯᠤᠰ ᠭᠡᠳᠦ ᠶᠢᠨ ᠬᠥᠭᠵᠢᠯᠲᠡ ᠶᠢ ᠲᠤᠯᠭᠠᠭᠤᠷᠢᠯᠠᠵᠤ ᠴᠢᠳᠠᠬᠤ ᠲᠤᠬᠠᠶᠢᠯᠠᠭᠰᠠᠨ ᠠᠵᠢᠯ ᠪᠣᠯᠣᠨ᠎ᠠ᠃          ᠪᠣᠶᠢᠵᠢᠭᠤᠯᠬᠤ ᠲᠤᠬᠠᠶᠢᠯᠠᠭᠰᠠᠨ ᠠᠵᠢᠯ ᠨᠢ ᠠᠵᠤ ᠠᠬᠤᠶᠢᠯᠠᠯ ᠤᠨ ᠣᠷᠣᠰᠢᠵᠤ ᠪᠠᠶᠢᠭ᠎ᠠ ᠠᠵᠢᠯ ᠲᠥᠷᠥᠯ ᠯᠦᠭᠡ ᠬᠠᠷᠢᠯᠴᠠᠨ ᠬᠤᠯᠪᠣᠭᠳᠠᠬᠤ ᠴᠢᠨᠠᠷᠲᠠᠢ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠬᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠬᠥᠭᠵᠢᠭᠦᠯᠬᠦ ᠵᠡᠷᠭᠡ ᠬᠡᠷᠡᠭᠴᠡᠭᠡ ᠳᠤ ᠵᠣᠬᠢᠴᠠᠵᠤ᠂ ᠵᠣᠬᠢᠬᠤ ᠬᠥᠭᠵᠢᠯᠲᠡ ᠶᠢᠨ ᠰᠠᠭᠤᠷᠢ ᠲᠠᠢ ᠪᠣᠯᠪᠠᠴᠤ ᠬᠤᠯᠪᠣᠭᠳᠠᠯ ᠪᠦᠬᠦᠢ ᠡᠵᠡᠩᠨᠡᠯᠲᠡ ᠶᠢᠨ ᠭᠦᠢᠴᠡᠳᠬᠡᠯ ᠲᠤᠭ᠎ᠠ ᠨᠢ ᠭᠤᠣᠯ ᠦᠢᠯᠡᠰ ᠤᠨ ᠪᠠᠷᠢᠮᠵᠢᠶ᠎ᠠ ᠳᠤ ᠭᠦᠷᠦᠭᠰᠡᠨ ᠦᠭᠡᠢ ᠲᠤᠬᠠᠶᠢᠯᠠᠭᠰᠠᠨ ᠠᠵᠢᠯ ᠢ ᠵᠢᠭᠠᠵᠤ ᠪᠣᠶ᠃ ᠡᠩ ᠲᠡᠷᠢᠭᠦᠨ ᠳᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠪᠣᠶᠢᠵᠢᠭᠤᠯᠬᠤ ᠭᠤᠣᠯ ᠦᠢᠯᠡᠰ ᠲᠤ ᠣᠷᠣᠭᠤᠯᠵᠤ᠂ ᠪᠣᠶᠢᠵᠢᠭᠤᠯᠬᠤ ᠭᠤᠣᠯ ᠦᠢᠯᠡᠰ ᠢ ᠵᠠᠷᠴᠢᠮ ᠳᠡᠭᠡᠷ᠎ᠡ ᠪᠠᠨ ᠪᠤᠰᠤᠳ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠣᠯᠯᠠᠬᠤ ᠭᠤᠣᠯ ᠦᠢᠯᠡᠰ ᠢ ᠳᠠᠪᠬᠤᠷᠳᠠᠭᠤᠯᠤᠨ ᠪᠠᠶᠢᠷᠢᠰᠢᠭᠤᠯᠵᠤ ᠪᠣᠯᠬᠤ ᠦᠭᠡᠢ᠃          ︵ᠭᠤᠷᠪᠠ︶ ᠭᠤᠣᠯᠯᠠᠬᠤ ᠲᠤᠬᠠᠶᠢᠯᠠᠭᠰᠠᠨ ᠠᠵᠢᠯ ᠳᠤ ᠣᠷᠣᠭᠤᠯᠤᠭᠰᠠᠨ ᠲᠠᠩ ᠵᠦᠢᠯ ᠤᠨ ᠲᠤᠬᠠᠶᠢᠯᠠᠭᠰᠠᠨ ᠠᠵᠢᠯ ᠤᠨ ᠡᠳ᠋ ᠬᠥᠷᠥᠩᠭᠡ ᠶᠢᠨ ᠶᠡᠷᠦᠩᠬᠡᠢ ᠲᠤᠭ᠎ᠠ᠂ ᠡᠵᠡᠩᠨᠡᠯᠲᠡ ᠶᠢᠨ ᠣᠷᠣᠯᠭ᠎ᠠ᠂ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ ᠵᠡᠷᠭᠡ ᠭᠤᠣᠯᠳᠠᠯᠭᠠᠲᠣ ᠡᠵᠡᠩᠨᠡᠯᠲᠡ ᠶᠢᠨ ᠭᠦᠢᠴᠡᠳᠬᠡᠯ ᠲᠣᠭᠠᠨ ᠤ ᠲᠣᠷ᠎ᠠ  ᠶᠢᠨ ᠨᠢᠭᠡ ᠭᠦᠢᠴᠡᠳᠬᠡᠯ ᠲᠣᠭᠠᠨ ᠤ ᠦᠢᠷ᠎ᠠ ᠶᠢᠨ ᠭᠤᠷᠪᠡᠨ ᠵᠢᠯ ᠤᠨ ᠳᠤᠮᠳᠠᠴᠢ ᠥᠷᠲᠡᠭ ᠨᠢ ᠵᠠᠷᠴᠢᠮ ᠳᠡᠭᠡᠷ᠎ᠡ ᠪᠠᠨ ᠠᠵᠤ ᠠᠬᠤᠶᠢᠯᠠᠯ ᠤᠨ ᠶᠡᠷᠦᠩᠬᠡᠢ ᠬᠡᠮᠵᠢᠶ᠎ᠡ ᠶᠢᠨ 20%  ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃          ︵ᠳᠥᠷᠪᠡ︶  ᠪᠣᠶᠢᠵᠢᠭᠤᠯᠬᠤ ᠲᠤᠬᠠᠶᠢᠯᠠᠭᠰᠠᠨ ᠠᠵᠢᠯ ᠢ ᠪᠣᠶᠢᠵᠢᠭᠤᠯᠬᠤ ᠳᠤ ᠬᠠᠷᠠᠯᠲᠠ ᠪᠠᠨ ᠲᠣᠳᠣᠷᠬᠠᠶᠢᠯᠠᠵᠤ᠂ ᠪᠣᠶᠢᠵᠢᠭᠤᠯᠬᠤ ᠪᠠᠷ ᠳᠡᠮᠵᠢᠨ ᠭᠤᠣᠯᠯᠠᠬᠤ ᠲᠤᠬᠠᠶᠢᠯᠠᠭᠰᠠᠨ ᠠᠵᠢᠯ ᠤᠨ ᠱᠠᠭᠠᠷᠳᠠᠯᠭ᠎ᠠ ᠳᠤ  ᠬᠦᠷᠦᠪᠡᠯ᠂ ᠲᠠᠰ ᠳᠠᠷᠠᠭᠠᠯᠠᠯ ᠢᠶᠠᠷ ᠭᠤᠣᠯᠯᠠᠬᠤ ᠲᠤᠬᠠᠶᠢᠯᠠᠭᠰᠠᠨ ᠠᠵᠢᠯ ᠢᠶᠠᠷ ᠬᠢᠨᠠᠨ ᠲᠣᠭᠲᠠᠭᠠᠨ᠎ᠠ ᠃ ᠪᠣᠶᠢᠵᠢᠭᠤᠯᠬᠤ ᠪᠠᠷ ᠳᠡᠮᠵᠢᠨ ᠬᠠᠷᠠᠯᠲᠠ ᠳᠠᠭᠠᠨ ᠬᠦᠷᠴᠦ ᠳᠡᠶᠢᠯᠦᠭᠰᠡᠨ ᠦᠭᠡᠢ ᠪᠠᠶᠢᠪᠠᠯ᠂ ᠬᠢᠨᠠᠨ ᠬᠠᠮᠢᠶᠠᠷᠬᠤ ᠠᠵᠤ ᠠᠬᠤᠶᠢᠯᠠᠯ ᠨᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠰᠠᠨᠠᠯ ᠢᠶᠠᠨ ᠳᠤᠷᠠᠳᠬᠤ ᠬᠡᠷᠡᠭᠲᠡᠢ᠃          ︵ᠲᠠᠪᠤ︶ ᠭᠤᠣᠯᠯᠠᠬᠤ ᠲᠤᠬᠠᠶᠢᠯᠠᠭᠰᠠᠨ ᠠᠵᠢᠯ ᠪᠠ ᠪᠣᠶᠢᠵᠢᠭᠤᠯᠬᠤ ᠲᠤᠬᠠᠶᠢᠯᠠᠭᠰᠠᠨ ᠠᠵᠢᠯ ᠤᠨ ᠨᠡᠶᠢᠲᠡ ᠡᠳ᠋ ᠬᠥᠷᠥᠩᠭᠡ ᠶᠢᠨ ᠪᠦᠬᠦ ᠲᠤᠭ᠎ᠠ᠂ ᠡᠵᠡᠩᠨᠡᠯᠲᠡ ᠶᠢᠨ ᠣᠷᠣᠯᠭ᠎ᠠ ᠪᠠ ᠠᠰᠢᠭ ᠬᠤᠨᠵᠢᠪᠤᠷᠢ ᠶᠢᠨ ᠪᠦᠬᠦ ᠲᠤᠭ᠎ᠠ ᠵᠡᠷᠭᠡ ᠭᠤᠣᠯᠳᠠᠯᠭᠠᠲᠣ ᠡᠵᠡᠩᠨᠡᠯᠲᠡ ᠶᠢᠨ ᠭᠦᠢᠴᠡᠳᠬᠡᠯ ᠲᠣᠭᠠᠨ ᠤ ᠠᠳᠠᠭ ᠲᠠᠭᠠᠨ ᠨᠢᠭᠡ ᠭᠦᠢᠴᠡᠳᠬᠡᠯ ᠲᠤᠭ᠎ᠠ ᠨᠢ ᠠᠵᠤ ᠠᠬᠤᠶᠢᠯᠠᠯ ᠤᠨ ᠪᠦᠬᠦ ᠲᠣᠭᠠᠨ ᠤ  80% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃         ᠭᠤᠷᠪᠠᠳᠤᠭᠠᠷ ᠪᠦᠯᠦᠭ        ᠬᠢᠨᠠᠨ ᠲᠣᠭᠲᠠᠭᠠᠬᠤ ᠵᠢᠷᠤᠮ          ᠨᠠᠢᠮᠠᠳᠤᠭᠠᠷ ᠵᠦᠢᠯ        ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠢ ᠳᠣᠣᠷᠠᠬᠢ ᠲᠠᠰ ᠳᠠᠷᠠᠭᠠᠯᠠᠯ ᠢᠶᠠᠷ ᠬᠢᠨᠠᠨ ᠲᠣᠭᠲᠠᠭᠠᠨ᠎ᠠ᠄         ︵ᠨᠢᠭᠡ︶  ᠣᠷᠢᠳᠴᠢᠯᠠᠨ ᠰᠢᠭᠦᠭᠦ᠃ ᠬᠢᠨᠠᠨ ᠬᠠᠮᠢᠶᠠᠷᠬᠤ ᠠᠵᠤ ᠠᠬᠤᠶᠢᠯᠠᠯ ᠨᠢ ᠭᠦᠢᠴᠡᠳ ᠰᠤᠳᠤᠯᠤᠨ ᠨᠤᠲᠠᠯᠠᠭᠰᠠᠨ ᠰᠠᠭᠤᠷᠢᠨ ᠳᠡᠭᠡᠷ᠎ᠡ᠂ ᠭᠤᠣᠯ ᠬᠠᠷᠢᠭᠤᠴᠠᠯᠭ᠎ᠠ ᠭᠤᠣᠯ ᠦᠢᠯᠡᠰ ᠤᠨ ᠰᠠᠨᠠᠭᠤᠯᠭ᠎ᠠ ᠶᠢ ᠳᠤᠷᠠᠳᠴᠤ᠂ ᠬᠢᠨᠠᠨ ᠲᠣᠭᠲᠠᠭᠠᠬᠤ ᠪᠠᠷ ᠪᠠᠶᠢᠭ᠎ᠠ ᠭᠤᠣᠯᠯᠠᠬᠤ ᠲᠤᠬᠠᠶᠢᠯᠠᠭᠰᠠᠨ ᠠᠵᠢᠯ ᠢ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ ᠳᠤ ᠮᠡᠳᠡᠭᠦᠯᠦᠨ ᠤᠷᠢᠳᠴᠢᠯᠠᠨ ᠬᠢᠨᠠᠭᠤᠯᠵᠤ᠂ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ ᠨᠢ ᠡᠯ᠎ᠡ ᠠᠵᠤ ᠠᠬᠤᠶᠢᠯᠠᠯ ᠤᠨ ᠮᠡᠳᠡᠭᠦᠯᠵᠦ ᠬᠢᠨᠠᠨ ᠲᠣᠭᠲᠠᠭᠠᠯᠭᠠᠬᠤ ᠪᠠᠷ ᠪᠠᠶᠢᠭ᠎ᠠ ᠭᠤᠣᠯ ᠠᠵᠢᠯ ᠳᠤ ᠤᠷᠢᠳᠴᠢᠯᠠᠨ ᠬᠢᠨᠠᠭᠰᠠᠨ ᠰᠠᠨᠠᠯ ᠢᠶᠠᠨ ᠳᠤᠷᠠᠳᠬᠤ ᠶᠢᠨ ᠬᠠᠮᠲᠤ ᠠᠵᠤ ᠠᠬᠤᠶᠢᠯᠠᠯ ᠳᠤ ᠬᠠᠷᠢᠭᠤ ᠲᠤᠰᠬᠠᠨ᠎ᠠ᠃          ︵ᠬᠤᠶᠠᠷ︶ ᠭᠤᠣᠯᠯᠠᠬᠤ ᠲᠤᠬᠠᠶᠢᠯᠠᠭᠰᠠᠨ ᠠᠵᠢᠯ ᠤᠨ ᠬᠢᠨᠠᠨ ᠲᠣᠭᠲᠠᠭᠠᠭᠰᠠᠨ ᠮᠡᠳᠡᠭᠦᠯᠦᠯᠲᠡ  ᠪᠢᠴᠢᠬᠦ᠃ ᠬᠢᠨᠠᠨ ᠬᠠᠮᠢᠶᠠᠷᠬᠤ ᠠᠵᠤ ᠠᠬᠤᠶᠢᠯᠠᠯ ᠨᠢ ᠬᠢᠨᠠᠨ ᠲᠣᠭᠲᠠᠭᠠᠯᠭᠠᠬᠤ ᠪᠠᠷ ᠭᠤᠶᠤᠴᠢᠯᠠᠭᠰᠠᠨ ᠮᠡᠳᠡᠭᠦᠯᠦᠯᠲᠡ ᠪᠢᠴᠢᠵᠦ᠂ ᠭᠤᠶᠤᠴᠢᠯᠠᠨ ᠮᠡᠳᠡᠭᠦᠯᠵᠦ ᠨᠤᠲᠠᠯᠠᠭᠤᠯᠬᠤ ᠭᠤᠣᠯ ᠠᠵᠢᠯ ᠢᠶᠠᠨ ᠲᠣᠳᠣᠷᠬᠠᠶᠢᠯᠠᠬᠤ ᠬᠡᠷᠡᠭᠲᠡᠢ᠃ ᠮᠡᠳᠡᠭᠦᠯᠦᠯᠲᠡ ᠳᠤ ᠠᠵᠢᠯ ᠲᠦᠷᠦᠯ ᠤᠨ ᠢᠷᠡᠭᠡᠳᠦᠢ ᠶᠢᠨ ᠲᠥᠯᠥᠪ᠂ ᠪᠦᠬᠦ᠋ᠢᠯᠡ ᠡᠵᠡᠩᠨᠡᠯᠲᠡ ᠶᠢᠨ ᠣᠷᠣᠯᠭ᠎ᠠ᠂ ᠠᠰᠢᠭ ᠬᠤᠨᠵᠢᠪᠤᠷᠢ ᠶᠢᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ᠂ ᠠᠳᠠᠯᠢ ᠠᠵᠢᠯ ᠲᠦᠷᠦᠯ ᠳᠠᠬᠢ ᠥᠷᠢᠰᠦᠯᠳᠦᠭᠡᠨ ᠤ ᠳᠠᠪᠠᠭᠤᠯᠢᠭ ᠵᠡᠷᠭᠡ ᠮᠡᠳᠡᠭᠦᠯᠦᠭᠰᠡᠨ ᠤᠴᠢᠷ ᠰᠢᠯᠲᠠᠭᠠᠨ ᠢᠶᠠᠨ ᠲᠣᠳᠣᠷᠬᠠᠶᠢᠯᠠᠨ᠎ᠠ᠃         ︵ᠭᠤᠷᠪᠠ︶ ᠵᠢᠩᠬᠢᠨᠢ ᠪᠠᠷ ᠮᠡᠳᠡᠭᠦᠯᠬᠦ᠃ ᠬᠢᠨᠠᠨ ᠬᠠᠮᠢᠶᠠᠷᠬᠤ ᠠᠵᠤ ᠠᠬᠤᠶᠢᠯᠠᠯ ᠨᠢ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠤᠷᠢᠳᠴᠢᠯᠠᠨ ᠬᠢᠨᠠᠭᠰᠠᠨ ᠰᠠᠨᠠᠯ ᠢ ᠦᠨᠳᠦᠰᠦᠯᠡᠨ᠂ ᠮᠡᠳᠡᠭᠦᠯᠵᠦ ᠬᠢᠨᠠᠨ ᠲᠣᠭᠲᠠᠭᠠᠯᠭᠠᠬᠤ ᠪᠠᠷ ᠪᠠᠶᠢᠭ᠎ᠠ ᠭᠤᠣᠯ ᠬᠠᠷᠢᠭᠤᠴᠠᠯᠭ᠎ᠠ ᠭᠤᠣᠯ ᠠᠵᠢᠯ ᠢ ᠵᠠᠰᠠᠨ ᠲᠡᠭᠦᠯᠳᠡᠷᠵᠢᠭᠦᠯᠵᠦ᠂ ᠬᠡᠷᠡᠭ ᠮᠡᠳᠡᠭᠴᠢᠳ ᠤᠨ ᠵᠥᠪᠯᠡᠯ ᠵᠡᠷᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠤᠮᠵᠢ ᠪᠠᠷ ᠬᠢᠨᠠᠨ ᠵᠥᠪᠯᠡᠭᠦᠯᠵᠦ ᠪᠠᠲᠤᠯᠠᠭᠤᠯᠤᠭᠰᠠᠨ ᠤ ᠳᠠᠷᠠᠭ᠎ᠠ᠂ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠭᠤᠣᠯ ᠬᠠᠷᠢᠭᠤᠴᠠᠯᠭ᠎ᠠ ᠭᠤᠣᠯ ᠠᠵᠢᠯ ᠢ ᠬᠢᠨᠠᠨ ᠲᠣᠭᠲᠠᠭᠠᠯᠭᠠᠬᠤ ᠪᠠᠷ ᠭᠤᠶᠤᠴᠢᠯᠠᠭᠰᠠᠨ ᠵᠢᠭᠠᠪᠤᠷᠢ ᠠᠪᠬᠤ ᠮᠡᠳᠡᠭᠦᠯᠦᠯᠲᠡ ᠪᠠᠨ ᠮᠡᠳᠡᠭᠦᠯᠦᠨ ᠬᠦᠷᠭᠡᠨ᠎ᠡ᠃           ︵ᠳᠥᠷᠪᠡ︶ ᠬᠢᠨᠠᠨ ᠲᠣᠭᠲᠠᠭᠠᠵᠤ ᠨᠡᠶᠢᠲᠡᠯᠡᠬᠦ᠃ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠶᠢ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠨᠡᠶᠢᠲᠡᠯᠡᠨ᠎ᠡ᠃           ᠶᠢᠰᠦᠳᠦᠭᠡᠷ ᠵᠦᠢᠯ       ᠬᠢᠨᠠᠨ ᠬᠠᠮᠢᠶᠠᠷᠬᠤ ᠠᠵᠤ ᠠᠬᠤᠶᠢᠯᠠᠯ ᠨᠢ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ  ᠵᠢᠴᠢ ᠣᠨᠣᠪᠴᠢᠲᠤ ᠴᠢᠨᠠᠷ ᠲᠤ ᠬᠠᠷᠢᠭᠤᠴᠠᠵᠤ᠂ ᠮᠡᠳᠡᠭᠦᠯᠦᠨ ᠬᠦᠷᠭᠡᠬᠦ ᠮᠠᠲ᠋ᠧᠷᠢᠶᠠᠯ ᠳᠤ ᠳᠣᠣᠷᠠᠬᠢ ᠵᠦᠢᠯ ᠢ ᠪᠠᠭᠲᠠᠭᠠᠨ᠎ᠠ᠄           ︵ᠨᠢᠭᠡ︶ ᠭᠤᠣᠯ ᠬᠠᠷᠢᠭᠤᠴᠠᠯᠭ᠎ᠠ ᠭᠤᠣᠯ ᠦᠢᠯᠡᠰ ᠢ ᠬᠢᠨᠠᠨ ᠲᠣᠭᠲᠠᠭᠠᠬᠤ ᠲᠤᠬᠠᠢ ᠵᠢᠭᠠᠪᠤᠷᠢ ᠠᠪᠬᠤ ᠮᠡᠳᠡᠭᠦᠯᠦᠯᠲᠡ ᠶᠢᠨ ᠭᠤᠣᠯ ᠠᠭᠤᠯᠭ᠎ᠠ ᠨᠢ᠄ ᠲᠤᠰ ᠠᠵᠤ ᠠᠬᠤᠶᠢᠯᠠᠯ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠨᠠᠷᠢᠨ ᠬᠢᠨᠠᠮᠠᠭᠠᠢ ᠰᠤᠳᠤᠯᠤᠨ ᠨᠤᠲᠠᠯᠠᠵᠤ᠂ ᠬᠠᠷᠢᠶ᠎ᠠ ᠠᠵᠤ ᠠᠬᠤᠶᠢᠯᠠᠯ ᠤᠨ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠪᠠ ᠡᠮᠬᠢᠯᠡᠨ ᠨᠡᠶᠢᠯᠡᠭᠦᠯᠵᠦ ᠬᠥᠭᠵᠢᠭᠦᠯᠬᠦ ᠴᠢᠭᠯᠡᠯ ᠢ ᠶᠡᠷᠦᠩᠬᠡᠶᠢᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ ᠭᠤᠣᠯ ᠬᠠᠷᠢᠭᠤᠴᠠᠯᠭ᠎ᠠ ᠭᠤᠣᠯ ᠦᠢᠯᠡᠰ ᠤᠨ ᠦᠨᠳᠦᠰᠦᠯᠡᠯ ᠤᠨ ᠲᠣᠳᠣᠷᠬᠠᠶᠢᠯᠠᠯᠲᠠ᠂ ᠬᠥᠭᠵᠢᠯᠲᠡ ᠶᠢᠨ ᠣᠳᠣᠬᠢ ᠪᠠᠶᠢᠳᠠᠯ ᠵᠢᠴᠢ ᠢᠷᠡᠭᠡᠳᠦᠢ ᠶᠢᠨ ᠲᠥᠯᠥᠪ᠂ ᠠᠵᠢᠯ ᠲᠥᠷᠥᠯ ᠤᠨ ᠪᠠᠷᠢᠮᠵᠢᠶ᠎ᠠ ᠶᠢ ᠬᠠᠷᠭᠤᠭᠤᠯᠤᠭᠰᠠᠨ ᠪᠠᠶᠢᠳᠠᠯ ᠵᠢᠴᠢ ᠥᠷᠢᠰᠦᠯᠳᠦᠭᠡᠨ ᠤ ᠰᠠᠶᠢᠨ ᠮᠠᠭᠤ ᠪᠠᠶᠢᠳᠠᠯ ᠤᠨ ᠵᠠᠳᠠᠯᠤᠯᠲᠠ᠂ ᠬᠥᠭᠵᠢᠯᠲᠡ ᠶᠢᠨ ᠬᠠᠷᠠᠯᠲᠠ ᠵᠢᠴᠢ ᠡᠭᠦᠷᠭᠡ ᠠᠷᠭ᠎ᠠ ᠬᠡᠮᠵᠢᠶ᠎ᠡ᠂ ᠪᠤᠰᠤᠳ ᠲᠤᠬᠠᠶᠢᠯᠠᠭᠰᠠᠨ ᠠᠵᠢᠯ ᠤᠨ ᠬᠠᠮᠢᠶ᠎ᠠ ᠪᠦᠬᠦᠢ ᠪᠠᠶᠢᠳᠠᠯ ᠢ ᠲᠤᠭᠤᠷᠪᠢᠨ ᠲᠣᠭᠲᠠᠭᠠᠨ᠎ᠠ ᠃         ︵ᠬᠤᠶᠠᠷ︶ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠰᠠᠭᠤᠷᠢ ᠲᠤᠭ᠎ᠠ ᠪᠠᠷᠢᠮᠲᠠ ᠶᠢᠨ ᠭᠤᠣᠯ ᠠᠭᠤᠯᠭ᠎ᠠ ᠨᠢ᠄ ᠬᠢᠨᠠᠨ ᠬᠠᠮᠢᠶᠠᠷᠬᠤ ᠠᠵᠤ ᠠᠬᠤᠶᠢᠯᠠᠯ ᠤᠨ ᠡᠳ᠋ ᠬᠥᠷᠥᠩᠭᠡ ᠶᠢᠨ ᠶᠡᠷᠦᠩᠬᠡᠢ ᠲᠤᠭ᠎ᠠ᠂ ᠡᠵᠡᠩᠨᠡᠯᠲᠡ ᠶᠢᠨ ᠣᠷᠣᠯᠭ᠎ᠠ᠂ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ᠂ ᠴᠡᠪᠡᠷ ᠡᠳ᠋ ᠬᠥᠷᠥᠩᠭᠡ᠂ ᠴᠡᠪᠡᠷ ᠠᠰᠢᠭ ᠬᠤᠨᠵᠢᠪᠤᠷᠢ᠂ ᠡᠯ᠎ᠡ ᠵᠦᠢᠯ ᠤᠨ ᠭᠤᠣᠯ ᠠᠵᠢᠯ ᠤᠨ ᠬᠠᠷᠠᠭᠠᠯᠵᠠᠭᠰᠠᠨ ᠪᠠᠶᠢᠳᠠᠯ ᠵᠢᠴᠢ ᠡᠵᠡᠯᠡᠬᠦ ᠬᠠᠷᠢᠴᠠᠯ᠂ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠤ ᠲᠤᠭ᠎ᠠ ᠵᠡᠷᠭᠡ ᠶᠢ ᠪᠠᠭᠲᠠᠭᠠᠨ᠎ᠠ᠃          ︵ᠭᠤᠷᠪᠠ︶ ᠠᠵᠤ ᠠᠬᠤᠶᠢᠯᠠᠯ ᠤᠨ ᠪᠦᠯᠦᠭᠯᠡᠯ ᠤᠨ ᠳᠣᠲᠣᠭᠠᠳᠤ ᠶᠢᠨ ᠰᠢᠢᠳᠪᠦᠷᠢᠲᠦ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠬᠡᠷᠡᠭ ᠮᠡᠳᠡᠭᠴᠢᠳ ᠤᠨ ᠬᠤᠷᠠᠯ ᠤᠨ ᠰᠢᠢᠳᠪᠦᠷᠢ ᠵᠡᠷᠭᠡ᠃          ︵ᠳᠥᠷᠪᠡ︶ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠱᠠᠭᠠᠷᠳᠠᠭᠰᠠᠨ ᠪᠤᠰᠤᠳ ᠬᠠᠮᠢᠶ᠎ᠠ ᠪᠦᠬᠦᠢ ᠮᠠᠲ᠋ᠧᠷᠢᠶᠠᠯ᠃         ᠠᠷᠪᠠᠳᠤᠭᠠᠷ ᠵᠦᠢᠯ       ᠭᠤᠣᠯ ᠬᠠᠷᠢᠭᠤᠴᠠᠯᠭ᠎ᠠ ᠭᠤᠣᠯ ᠦᠢᠯᠡᠰ ᠲᠤ ᠬᠥᠳᠡᠯᠦᠩᠭᠦᠢ ᠲᠣᠬᠢᠷᠠᠭᠤᠯᠤᠯᠲᠠ ᠬᠢᠬᠦ ᠱᠠᠭᠠᠷᠳᠠᠯᠭ᠎ᠠ᠄          ︵ᠨᠢᠭᠡ︶ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠨᠢ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠭᠤᠣᠯᠯᠠᠬᠤ ᠴᠢᠳᠠᠮᠵᠢ ᠪᠠ ᠣᠷᠳᠣ ᠬᠤᠭᠤᠴᠠᠭᠠᠨ ᠤ ᠬᠥᠭᠵᠢᠯᠲᠡ ᠶᠢᠨ ᠴᠢᠭᠯᠡᠯ ᠢ ᠢᠯᠡᠷᠡᠭᠦᠯᠵᠦ᠂ ᠬᠢᠨᠠᠨ ᠲᠣᠭᠲᠠᠭᠠᠭᠰᠠᠨ ᠤ ᠳᠠᠷᠠᠭ᠎ᠠ ᠬᠠᠷᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠮᠠᠨ ᠤ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠬᠢᠨᠠᠨ ᠬᠠᠮᠢᠶᠠᠷᠬᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠭᠤᠣᠯ ᠬᠠᠷᠢᠭᠤᠴᠠᠯᠭ᠎ᠠ ᠳᠤ ᠲᠣᠬᠢᠷᠠᠭᠤᠯᠤᠯᠲᠠ ᠬᠢᠵᠦ ᠪᠣᠯᠣᠨ᠎ᠠ᠃          ︵ᠬᠤᠶᠠᠷ︶ ᠭᠤᠣᠯ ᠦᠢᠯᠡᠰ ᠢ ᠬᠢᠨᠠᠨ ᠲᠣᠭᠲᠠᠭᠠᠭᠰᠠᠨ ᠤ ᠲᠠᠷᠠᠭ᠎ᠠ ᠵᠠᠷᠴᠢᠮ ᠳᠡᠭᠡᠷ᠎ᠡ ᠪᠠᠨ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠲᠣᠬᠢᠷᠠᠭᠤᠯᠤᠯᠲᠠ ᠬᠢᠬᠦ ᠦᠭᠡᠢ᠃ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠬᠢᠨᠠᠨ ᠬᠠᠮᠢᠶᠠᠷᠬᠤ ᠠᠵᠤ ᠠᠬᠤᠶᠢᠯᠠᠯ ᠳᠤ ᠳᠣᠣᠷᠠᠬᠢ ᠮᠡᠲᠦ ᠪᠠᠶᠢᠳᠠᠯ ᠲᠠᠢ ᠪᠠᠶᠢᠵᠤ᠂ ᠭᠤᠣᠯ ᠦᠢᠯᠡᠰ ᠲᠤ ᠦᠨᠡᠨᠬᠦ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ᠂ ᠳᠠᠬᠢᠨ ᠰᠤᠳᠤᠯᠵᠤ ᠨᠤᠲᠠᠯᠠᠬᠤ ᠠᠵᠢᠯ᠂ ᠲᠤᠬᠠᠶᠢᠯᠠᠭᠰᠠᠨ ᠠᠵᠢᠯ ᠤᠨ ᠡᠵᠡᠯᠡᠬᠦ ᠬᠠᠷᠢᠴᠠᠯ ᠢ ᠪᠤᠳᠤᠭᠰᠠᠨ ᠰᠠᠭᠤᠷᠢᠨ ᠳᠡᠭᠡᠷ᠎ᠡ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ ᠳᠤ ᠭᠤᠶᠤᠴᠢᠯᠠᠬᠤ ᠶᠢᠨ ᠬᠠᠮᠲᠤ᠂ ᠲᠣᠰ ᠠᠷᠭ᠎ᠠ ᠶᠢᠨ ᠨᠠᠢᠮᠠᠳᠤᠭᠠᠷ ᠵᠦᠢᠯ ᠤᠨ ᠲᠣᠭᠲᠠᠭᠠᠯ ᠶᠣᠰᠣᠭᠠᠷ ᠬᠢᠨᠠᠨ ᠲᠣᠭᠲᠠᠭᠠᠬᠤ ᠲᠠᠰ ᠳᠠᠷᠠᠭᠠᠯᠠᠯ ᠢ ᠳᠠᠬᠢᠨ ᠰᠢᠨ᠎ᠡ ᠪᠠᠷ ᠭᠦᠢᠴᠡᠳᠬᠡᠬᠦ ᠬᠡᠷᠡᠭᠲᠡᠢ᠃          ︵ᠭᠤᠷᠪᠠ︶ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠠᠶᠢᠷᠢᠰᠢᠭᠤᠯᠤᠯᠲᠠ ᠶᠢᠨ ᠲᠣᠬᠢᠷᠠᠭᠤᠯᠤᠯᠲᠠ ᠪᠠ ᠬᠢᠨᠠᠨ ᠬᠠᠮᠢᠶᠠᠷᠬᠤ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠣᠯ ᠠᠵᠢᠯ ᠢᠶᠠᠨ ᠲᠣᠬᠢᠷᠠᠭᠤᠯᠬᠤ ᠶᠢ ᠱᠠᠭᠠᠷᠳᠠᠵᠤ ᠪᠣᠯᠣᠨ᠎ᠠ᠃          ᠠᠷᠪᠠᠨ ᠨᠢᠭᠡᠳᠦᠭᠡᠷ ᠵᠦᠢᠯ      ᠰᠢᠨ᠎ᠡ ᠪᠠᠷ ᠪᠠᠶᠢᠭᠤᠯᠤᠭᠰᠠᠨ ᠬᠢᠨᠠᠨ ᠬᠠᠮᠢᠶᠠᠷᠬᠤ ᠠᠵᠤ ᠠᠬᠤᠶᠢᠯᠠᠯ ᠳᠤ᠂ ᠪᠠᠶᠢᠭᠤᠯᠬᠤ ᠲᠥᠰᠥᠯ ᠳᠡᠭᠡᠨ ᠭᠤᠣᠯ ᠬᠠᠷᠢᠭᠤᠴᠠᠯᠭ᠎ᠠ ᠭᠤᠣᠯ ᠦᠢᠯᠡᠰ᠂ ᠪᠠᠶᠢᠯᠳᠤᠬᠤ ᠪᠣᠳᠣᠯᠭ᠎ᠠ ᠶᠢᠨ ᠬᠠᠷᠠᠯᠲᠠ ᠵᠢᠴᠢ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠤᠨ ᠬᠠᠮᠢᠶᠠᠷᠤᠯᠲᠠ ᠶᠢ ᠥᠷᠨᠢᠭᠦᠯᠬᠦ ᠶᠢᠨ ᠦᠨᠳᠦᠰᠦᠯᠡᠯ ᠪᠣᠯᠭᠠᠬᠤ ᠬᠡᠷᠡᠭᠲᠡᠢ᠃           ᠳᠥᠷᠪᠡᠳᠦᠭᠡᠷ ᠪᠦᠯᠦᠭ       ᠬᠢᠨᠠᠯᠲᠠ ᠬᠠᠮᠢᠶᠠᠷᠤᠯᠲᠠ          ᠠᠷᠪᠠᠨ ᠬᠤᠶᠠᠳᠤᠭᠠᠷ ᠵᠦᠢᠯ       ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠪᠠᠨ ᠨᠢᠭᠡᠳᠦᠯᠲᠡᠶ ᠲᠥᠯᠥᠪᠯᠡᠨ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠤᠯ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠪᠥᠬᠦ ᠶᠠᠪᠤᠴᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠭᠤᠤᠯ ᠦᠢᠯᠡᠰ ᠢ ᠬᠢᠨᠠᠨ ᠲᠣᠭᠲᠠᠭᠠᠭᠰᠠᠨ ᠤ ᠳᠠᠷᠠᠭ᠎ᠠ ᠳᠣᠤᠷᠠᠬᠢ ᠮᠡᠲᠦ ᠦᠢᠯᠡᠳᠦᠯ ᠢ ᠭᠤᠤᠯᠳᠠᠯᠭ᠎ᠠ ᠲᠠᠢ ᠪᠠᠳᠠᠷᠠᠭᠤᠯᠤᠨ᠎ᠠ᠄         ︵ᠨᠢᠭᠡ︶ ᠭᠤᠣᠯ ᠪᠤᠰᠤ ᠪᠡᠯᠡ ᠣᠷᠣᠭᠤᠯᠤᠯᠲᠠ ᠶᠢ ᠵᠠᠭᠠᠭᠯᠠᠨ ᠲᠣᠭᠲᠠᠭᠠᠬᠤ ᠭᠤᠣᠯ ᠦᠨᠳᠦᠰᠦ ᠪᠠᠷᠢᠮᠲᠠ᠃ ᠭᠤᠤᠯ ᠦᠢᠯᠡᠰ ᠠᠴᠠ ᠭᠠᠳᠠᠨᠠᠬᠢ ᠪᠡᠯᠡ ᠣᠷᠣᠭᠤᠯᠤᠯᠲᠠ ᠪᠣᠯ ᠭᠤᠤᠯ ᠦᠢᠯᠡᠰ ᠪᠤᠰᠤ ᠪᠡᠯᠡ ᠣᠷᠣᠭᠤᠯᠤᠯᠲᠠ ᠪᠣᠯᠤᠨ᠎ᠠ᠂ ᠵᠠᠷᠴᠢᠮ ᠳᠡᠭᠡᠷ᠎ᠡ ᠪᠠᠨ ᠬᠤᠳᠠᠯᠳᠤᠭᠠᠨ ᠤ ᠲᠥᠷᠥᠯ᠂ ᠣᠨᠴᠣᠭᠤᠶ ᠲᠣᠭᠲᠠᠭᠠᠭᠰᠠᠨ ᠴᠢᠳᠠᠮᠵᠢ ᠶᠢᠨ ᠲᠥᠷᠥᠯ᠂ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠠᠵᠤ ᠠᠬᠤᠶᠢᠯᠠᠯ ᠤᠨ ᠭᠤᠤᠯ ᠦᠢᠯᠡᠰ ᠪᠤᠰᠤ ᠪᠡᠯᠡ ᠣᠷᠣᠭᠤᠯᠤᠯᠲᠠ ᠶᠢᠨ ᠬᠡᠪᠴᠢᠶ᠎ᠡ ᠶᠢᠨ ᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠳᠠᠬᠢ ᠡᠵᠡᠯᠡᠬᠦ ᠬᠠᠷᠢᠴᠠᠯ ᠢ ᠲᠤᠰ ᠲᠤᠰ 15%᠂ 10%᠂ 5% ᠶᠢ ᠳᠠᠪᠠᠭᠤᠯᠬᠤ ᠦᠭᠡᠶ ᠪᠠᠶᠢᠬᠤ ᠶᠢᠨ ᠬᠠᠮᠲᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠥᠳᠡᠯᠦᠩᠭᠦᠶ ᠪᠠᠷ ᠲᠣᠬᠢᠷᠠᠭᠤᠯᠬᠤ ᠬᠡᠷᠡᠭᠲᠡᠶ᠃        ︵ᠬᠤᠶᠠᠷ︶  ᠡᠵᠡᠩᠨᠡᠯᠲᠡ ᠶᠢᠨ ᠠᠮᠵᠢᠯᠲᠠ ᠶᠢ  ᠬᠢᠨᠠᠨ ᠰᠢᠯᠭᠠᠬᠤ ᠴᠢᠬᠤᠯᠠ ᠦᠨᠳᠦᠰᠦᠯᠡᠯ᠃ ᠲᠣᠭᠤᠷᠢᠭ  ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠲᠥᠷᠥᠯ ᠬᠤᠪᠢᠶᠠᠨ ᠰᠢᠯᠭᠠᠨ ᠬᠢᠨᠠᠬᠤ ᠶᠢ ᠪᠠᠷᠢᠮᠲᠠᠯᠠᠨ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠭᠤᠤᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠠᠵᠤ ᠦᠢᠯᠡᠰ ᠢ ᠬᠦᠴᠦᠷᠬᠡᠭᠵᠢᠭᠦᠯᠵᠦ᠂ ᠪᠦᠲᠦᠴᠡ ᠶᠢᠨ ᠲᠣᠬᠢᠷᠠᠭᠤᠯᠤᠯᠲᠠ ᠪᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠭᠤᠤᠯ ᠬᠠᠷᠢᠭᠤᠴᠠᠯᠭ᠎ᠠ ᠭᠤᠤᠯ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠲᠣᠪᠤᠶᠢᠮ᠎ᠠ ᠦᠷ᠎ᠡ ᠪᠦᠲᠦᠮᠵᠢ ᠣᠯᠤᠭᠰᠠᠨ ᠪᠤᠶᠤ ᠵᠢᠱᠢᠯᠲᠡ ᠳᠤ ᠥᠯᠥ ᠬᠦᠷᠦᠭᠰᠡᠨ ᠪᠠᠶᠢᠪᠠᠯ᠂ ᠪᠠᠶᠢᠳᠠᠯ ᠢ ᠨᠢ ᠦᠵᠡᠵᠦ ᠪᠠᠶᠢᠭᠠᠳ ᠰᠢᠯᠭᠠᠨ ᠬᠢᠨᠠᠬᠤ ᠳᠤᠮᠳᠠ ᠤᠷᠮᠠᠰᠢᠭᠤᠯᠬᠤ ᠪᠤᠶᠤ ᠬᠤᠪᠢ ᠬᠠᠰᠤᠨ᠎ᠠ᠃         ︵ᠭᠤᠷᠪᠠ︶ ᠬᠡᠷᠡᠭ ᠮᠡᠳᠡᠭᠴᠢᠳ ᠤᠨ ᠵᠦᠪᠯᠡᠯ ᠤᠨ ᠡᠭᠦᠷᠭᠡ ᠲᠤᠰᠢᠶᠠᠯ ᠢᠶᠠᠨ ᠭᠦᠢᠴᠡᠳᠭᠡᠭᠰᠡᠨ ᠡᠰᠡᠬᠦ ᠶᠢ ᠦᠨᠡᠯᠡᠬᠦ ᠴᠢᠬᠤᠯᠠ ᠦᠨᠳᠦᠰᠦ ᠪᠠᠷᠢᠮᠲᠠ᠃ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠵᠥᠪᠯᠡᠯ ᠵᠢᠴᠢ ᠬᠡᠷᠡᠭ ᠮᠡᠳᠡᠭᠴᠢᠳ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠤᠨ ᠭᠤᠤᠯ ᠬᠠᠷᠢᠭᠤᠴᠠᠯᠭ᠎ᠠ ᠭᠤᠤᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠭᠰᠡᠨ᠂ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠦᠭᠰᠡᠨ ᠪᠠᠶᠢᠳᠠᠯ ᠢ ᠡᠵᠡᠮᠰᠢᠵᠦ᠂ ᠲᠡᠭᠦᠨ ᠢ ᠬᠡᠷᠡᠭ ᠮᠡᠳᠡᠭᠴᠢᠳ ᠤᠨ ᠵᠥᠪᠯᠡᠯ ᠪᠠ ᠬᠡᠷᠡᠭ ᠮᠡᠳᠡᠭᠴᠢᠳ ᠤᠨ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠢ ᠦᠨᠡᠯᠡᠬᠦ ᠦᠨᠳᠦᠰᠦᠯᠡᠯ ᠤᠨ ᠨᠢᠭᠡ ᠪᠣᠯᠭᠠᠨ᠎ᠠ᠃         ᠠᠷᠪᠠᠨ ᠭᠤᠷᠪᠠᠳᠤᠭᠠᠷ ᠵᠦᠢᠯ       ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠬᠥᠭᠵᠢᠯᠲᠡ ᠶᠢᠨ ᠲᠥᠯᠥᠪᠵᠢᠭᠦᠯᠭᠡ᠂ ᠶᠡᠷᠦᠩᠬᠡᠶᠢᠯᠡᠭᠰᠡᠨ ᠥᠭᠡᠷᠡᠴᠢᠯᠡᠯᠲᠡ᠂ ᠬᠠᠤᠯᠢ ᠴᠠᠭᠠᠵᠠ ᠲᠣᠭᠲᠠᠭᠠᠯ ᠳᠤ ᠨᠡᠶᠢᠴᠡᠬᠦ᠂ ᠡᠳ᠋ ᠤᠨ ᠶᠠᠪᠤᠳᠠᠯ ᠤᠨ ᠲᠥᠰᠦᠪ᠂ ᠥᠮᠴᠢᠯᠡᠬᠦ ᠡᠷᠬᠡ ᠶᠢᠨ ᠬᠠᠮᠢᠶᠠᠷᠤᠯᠲᠠ᠂ ᠰᠢᠯᠭᠠᠨ ᠬᠢᠨᠠᠵᠤ ᠬᠤᠪᠢᠶᠠᠷᠢᠯᠠᠬᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠬᠠᠮᠢᠶ᠎ᠠ ᠪᠥᠬᠦᠶ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠪᠠᠳᠠᠷᠠᠭᠤᠯᠵᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠶᠢᠷᠢᠰᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠭᠤᠤᠯ ᠬᠠᠷᠢᠭᠤᠴᠠᠯᠭ᠎ᠠ ᠭᠤᠤᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ᠃        ᠠᠷᠪᠠᠨ ᠳᠥᠷᠪᠡᠳᠦᠭᠡᠷ ᠵᠦᠢᠯ       ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠤᠯ ᠬᠠᠷᠢᠭᠤᠴᠠᠯᠭ᠎ᠠ ᠭᠤᠤᠯ ᠦᠢᠯᠡᠰ ᠤᠨ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠵᠦ ᠦᠨᠡᠯᠡᠬᠦ ᠶᠢ ᠴᠢᠩᠭᠠᠳᠬᠠᠬᠤ ᠶᠢᠨ ᠬᠠᠮᠲᠤ ᠭᠤᠤᠯ ᠦᠢᠯᠡᠰ ᠤᠨ ᠬᠠᠮᠢᠶᠠᠷᠤᠯᠲᠠ ᠶᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠪᠠᠯᠠ ᠣᠷᠣᠭᠤᠯᠤᠯᠲᠠ ᠶᠢᠨ ᠬᠠᠷᠢᠭᠤᠴᠠᠯᠭ᠎ᠠ ᠨᠡᠬᠡᠮᠵᠢᠯᠡᠬᠦ ᠠᠵᠢᠯ ᠤᠨ ᠰᠢᠰᠲ᠋ᠧᠮ ᠳᠤ ᠣᠷᠣᠭᠤᠯᠤᠨ᠎ᠠ᠃ ᠬᠢᠨᠠᠨ ᠬᠠᠮᠢᠶᠠᠷᠬᠤ ᠠᠵᠤ ᠠᠬᠤᠶᠢᠯᠠᠯ ᠨᠢ ᠭᠤᠣᠯ ᠠᠵᠢᠯ ᠤᠨ ᠬᠠᠮᠢᠶᠠᠷᠤᠯᠲᠠ ᠳᠤ ᠳᠣᠣᠷᠠᠬᠢ ᠪᠠᠶᠢᠳᠠᠯ ᠣᠷᠣᠰᠢᠵᠤ ᠪᠠᠶᠢᠪᠠᠯ᠂ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠪᠣᠯᠵᠣᠨ ᠶᠠᠷᠢᠯᠴᠠᠬᠤ᠂ ᠵᠠᠷᠯᠠᠨ ᠮᠡᠳᠡᠭᠳᠡᠬᠦ᠂ ᠰᠠᠨᠠᠭᠤᠯᠤᠮᠵᠢ ᠶᠢᠨ ᠵᠠᠬᠢᠳᠠᠯ ᠪᠠᠭᠤᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠢ ᠵᠠᠷᠯᠢᠭᠳᠠᠨ ᠴᠡᠭᠴᠡᠯᠡᠨ ᠥᠭᠡᠷᠡᠴᠢᠯᠡᠭᠦᠯᠦᠨ᠎ᠡ᠄         ︵ᠨᠢᠭᠡ︶ ᠭᠤᠣᠯ ᠪᠣᠯᠬᠤ ᠭᠤᠶᠤᠴᠢᠯᠠᠨ ᠮᠡᠳᠡᠭᠦᠯᠬᠦ ᠳᠡᠰ ᠳᠠᠷᠠᠭᠠᠯᠠᠯ ᠢ ᠬᠡᠷᠡᠭᠵᠢᠭᠦᠯᠦᠭᠰᠡᠨ ᠦᠭᠡᠢ ᠪᠤᠶᠤ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠠᠷᠢᠭᠤ ᠲᠤᠰᠬᠠᠭᠰᠠᠨ ᠠᠵᠤ ᠠᠬᠤᠶᠢᠯᠠᠯ ᠳᠤ ᠳᠠᠭᠢᠵᠤ ᠰᠤᠳᠤᠯᠬᠤ ᠪᠠᠷ ᠳᠠᠭᠠᠭᠠᠯᠭᠠᠭᠰᠠᠨ ᠰᠠᠨᠠᠯ ᠢ ᠬᠡᠷᠡᠭᠵᠢᠭᠦᠯᠬᠦ ᠶᠢ ᠲᠡᠪᠴᠢᠬᠦ᠂ ᠬᠡᠷᠡᠭᠵᠢᠭᠦᠯᠬᠦ ᠶᠢ ᠬᠤᠶᠢᠰᠢᠯᠠᠭᠤᠯᠬᠤ᠂ ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ ᠮᠡᠳᠡᠭᠦᠯᠬᠦ᠂ ᠭᠤᠣᠯ ᠠᠵᠢᠯ ᠤᠨ ᠬᠠᠮᠢᠶᠠᠷᠤᠯᠲᠠ ᠶᠢᠨ ᠪᠠᠶᠢᠳᠠᠯ ᠵᠢᠴᠢ ᠬᠠᠷᠢᠶ᠎ᠠ ᠠᠵᠤ ᠠᠬᠤᠶᠢᠯᠠᠯ ᠤᠨ ᠭᠤᠣᠯ ᠠᠵᠢᠯ ᠢ ᠬᠢᠨᠠᠨ ᠲᠣᠭᠲᠠᠭᠠᠭᠰᠠᠨ ᠦᠷ᠎ᠡ ᠳ᠋ᠦᠩ ᠢ ᠴᠠᠭ ᠲᠤᠬᠠᠢ ᠳᠤ ᠨᠢ ᠮᠡᠳᠡᠭᠦᠯᠦᠨ ᠬᠦᠷᠭᠡᠬᠦ ᠦᠭᠡᠢ᠂ ᠰᠠᠨᠠᠭᠤᠯᠤᠮᠵᠢ ᠶᠢᠨ ᠵᠠᠬᠢᠳᠠᠯ ᠶᠠᠪᠤᠭᠤᠯᠬᠤ ᠠᠴᠠ ᠠᠪᠤᠭᠠᠳ ᠵᠠᠷᠯᠠᠨ ᠮᠡᠳᠡᠭᠳᠡᠨ᠎ᠡ᠃        ︵ᠬᠤᠶᠠᠷ︶ ᠭᠤᠣᠯ ᠠᠵᠢᠯ ᠭᠤᠶᠤᠴᠢᠯᠠᠨ ᠮᠡᠳᠡᠭᠦᠯᠬᠦ ᠳᠤᠮᠳᠠ ᠪᠣᠭᠤᠮᠲᠠ ᠶᠢ ᠴᠢᠩᠭ᠎ᠠ ᠠᠳᠬᠤᠭᠰᠠᠨ ᠦᠭᠡᠢ᠂ ᠪᠣᠳᠠᠲᠤ ᠪᠠᠶᠢᠳᠠᠯ ᠢᠶᠠᠨ ᠠᠯᠳᠠᠭᠰᠠᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ ᠢᠯᠠᠩᠭᠤᠶ᠎ᠠ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠰᠠᠭᠤᠷᠢ ᠲᠤᠭ᠎ᠠ ᠪᠠᠷᠢᠮᠲᠠ ᠶᠢᠨ ᠪᠦᠷᠢᠳᠬᠡᠯ ᠢ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠵᠡᠷᠭᠡ ᠲᠠᠯ᠎ᠠ ᠪᠠᠷ ᠠᠵᠤ ᠠᠬᠤᠶᠢᠯᠠᠯ ᠤᠨ ᠪᠦᠯᠦᠭᠯᠡᠯ ᠤᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠲᠠᠢ ᠪᠣᠯᠵᠣᠨ ᠶᠠᠷᠢᠯᠴᠠᠪᠠ᠃        ︵ᠭᠤᠷᠪᠠ︶ ᠲᠣᠰ ᠠᠷᠭ᠎ᠠ ᠳᠤ ᠲᠣᠭᠲᠠᠭᠠᠭᠰᠠᠨ ᠭᠤᠤᠯ ᠦᠢᠯᠡᠰ ᠢ ᠡᠵᠡᠮᠳᠡᠬᠦ ᠲᠤᠭ᠎ᠠ ᠬᠡᠮᠵᠢᠶ᠎ᠡ ᠶᠢ ᠬᠡᠷᠡᠭᠵᠢᠭᠦᠯᠬᠦ ᠥᠬᠡᠶ᠂ ᠤᠯᠤᠰ ᠤᠨ ᠥᠮᠴᠢᠯᠡᠯ ᠤᠨ ᠬᠥᠷᠥᠩᠭᠡ ᠶᠢ ᠨᠡᠮᠡᠭᠳᠡᠭᠦᠯᠬᠦ ᠨᠢ ᠭᠤᠤᠯ ᠪᠤᠰᠤ ᠬᠦᠷᠢᠶᠡᠨ ᠳᠤ ᠡᠮᠬᠢ ᠵᠢᠷᠤᠮ ᠥᠬᠡᠶ ᠪᠠᠷ ᠣᠷᠣᠭᠤᠯᠵᠤ᠂ ᠭᠤᠤᠯ ᠪᠤᠰᠤ ᠲᠤᠭ᠎ᠠ ᠬᠡᠮᠵᠢᠶ᠎ᠡ ᠨᠢ ᠬᠡᠲᠦ ᠠᠷᠪᠢᠨ᠂ ᠭᠤᠤᠯ ᠪᠤᠰᠤ ᠡᠳ᠋ ᠬᠥᠷᠥᠩᠭᠡ ᠶᠢᠨ ᠬᠡᠪᠴᠢᠶ᠎ᠡ ᠨᠢ ᠬᠡᠲᠦ ᠶᠡᠭᠡ ᠪᠣᠯᠵᠣ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠡᠳ᠋ ᠤᠨ ᠶᠠᠪᠤᠳᠠᠯ ᠤᠨ ᠪᠠᠶᠢᠳᠠᠯ ᠵᠡᠷᠭᠡ ᠳᠤ ᠴᠢᠬᠤᠯᠠ ᠶᠡᠭᠡ ᠨᠥᠯᠥᠭᠡ ᠦᠵᠡᠭᠦᠯᠪᠡᠯ᠂ ᠠᠵᠤ ᠠᠬᠤᠶᠢᠯᠠᠯ ᠤᠨ ᠪᠦᠯᠦᠭᠯᠡᠯ ᠤᠨ ᠭᠤᠤᠯ ᠬᠠᠷᠢᠭᠤᠴᠠᠯᠭᠠᠲᠠᠨ ᠨᠥᠬᠦᠳ ᠲᠠᠢ ᠪᠣᠯᠵᠣᠨ ᠶᠠᠷᠢᠯᠴᠠᠨ᠎ᠠ᠃        ︵ᠲᠦᠷᠪᠡ︶ ᠭᠤᠣᠯ ᠦᠢᠯᠡᠰ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠥᠯᠥ ᠭᠦᠢᠴᠡᠳᠬᠡᠭᠰᠡᠨ ᠪᠤᠶᠤ ᠵᠥᠪ ᠢᠶᠠᠷ ᠭᠦᠢᠴᠡᠳᠭᠡᠭᠰᠡᠨ ᠦᠭᠡᠢ᠂ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠲᠣᠭᠲᠠᠭᠠᠭᠰᠠᠨ ᠭᠤᠣᠯ ᠦᠢᠯᠡᠰ ᠢᠶᠠᠨ ᠭᠦᠢᠴᠡᠳᠬᠡᠭᠰᠡᠨ ᠨᠢ ᠬᠦᠴᠦᠨ ᠦᠭᠡᠢ᠂ ᠭᠤᠣᠯ ᠦᠢᠯᠡᠰ ᠠᠴᠠ ᠪᠠᠨ ᠰᠠᠯᠤᠭᠠᠳ ᠡᠵᠡᠩᠨᠡᠯᠲᠡ ᠪᠡᠯᠡ ᠣᠷᠣᠭᠤᠯᠤᠯᠲᠠ ᠶᠢᠨ ᠠᠵᠢᠯᠯᠠᠭ᠎ᠠ ᠥᠷᠨᠢᠭᠦᠯᠵᠦ ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠤᠬᠢᠷᠠᠭᠤᠯᠤᠭᠰᠠᠨ ᠪᠤᠶᠤ ᠪᠤᠰᠤᠳ ᠬᠦᠨᠳᠦ ᠨᠣᠴᠢᠲᠠᠢ ᠮᠠᠭᠤ ᠦᠷ᠎ᠡ ᠳ᠋ᠦᠩ ᠭᠠᠷᠭᠠᠭᠰᠠᠨ ᠪᠠᠶᠢᠪᠠᠯ᠂ ᠲᠣᠭᠲᠠᠭᠠᠯ ᠠᠴᠠ ᠵᠥᠷᠢᠴᠡᠨ ᠡᠵᠡᠩᠨᠡᠵᠦ ᠪᠡᠯᠡ ᠣᠷᠣᠭᠤᠯᠤᠭᠰᠠᠨ ᠤ ᠬᠠᠷᠢᠭᠤᠴᠠᠯᠭ᠎ᠠ ᠨᠡᠬᠡᠮᠵᠢᠯᠡᠬᠦ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠠᠵᠢᠯᠲᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃         ᠠᠷᠪᠠᠨ ᠲᠠᠪᠤᠳᠤᠭᠠᠷ ᠵᠦᠢᠯ     ᠬᠢᠨᠠᠨ ᠬᠠᠮᠢᠶᠠᠷᠬᠤ ᠠᠵᠤ ᠠᠬᠤᠶᠢᠯᠠᠯ ᠨᠢ ᠲᠣᠰ ᠠᠷᠭ᠎ᠠ ᠵᠢᠴᠢ ᠤᠯᠤᠰ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠠᠴᠠ ᠵᠥᠷᠢᠴᠡᠵᠦ᠂ ᠭᠤᠤᠯ ᠠᠵᠢᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠥᠯᠥ ᠭᠦᠢᠴᠡᠳᠬᠡᠭᠰᠡᠨ ᠪᠤᠶᠤ ᠵᠥᠪ ᠭᠦᠢᠴᠡᠳᠬᠡᠭᠰᠡᠨ ᠥᠬᠡᠶ ᠠᠴᠠ ᠪᠣᠯᠵᠣ᠂ ᠡᠵᠡᠩᠨᠡᠯᠲᠡ ᠶᠢᠨ ᠠᠵᠢᠯᠯᠠᠭ᠎ᠠ ᠳᠤᠮᠳᠠ ᠪᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠯᠳᠠᠭᠳᠠᠭᠤᠯᠤᠭᠰᠠᠨ ᠪᠤᠶᠤ ᠪᠤᠰᠤᠳ ᠬᠦᠨᠳᠦ ᠨᠣᠴᠢᠲᠠᠶ ᠮᠠᠭᠤ ᠦᠷ᠎ᠡ ᠳ᠋ᠦᠩ ᠭᠠᠷᠭᠠᠭᠰᠠᠨ ᠪᠠᠶᠢᠪᠠᠯ᠂ ︽ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠪᠠᠯᠠ ᠣᠷᠣᠭᠤᠯᠤᠯᠲᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ ︹2021︺ 31 ᠳ᠋ᠤᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠪᠠᠯᠠ ᠣᠷᠣᠭᠤᠯᠤᠯᠲᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ︹2020︺ 75 ᠳ᠋ᠤᠭᠠᠷ ᠲᠣᠭᠠᠲᠤ︶  ᠵᠡᠷᠭᠡ ᠲᠣᠭᠳᠠᠭᠠᠯ ᠢ ᠦᠨᠳᠣᠰᠦᠯᠡᠨ ᠬᠤᠯᠪᠣᠭᠳᠠᠯ ᠪᠦᠬᠦᠢ ᠬᠦᠮᠦᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃          ᠲᠠᠪᠤᠳᠤᠭᠠᠷ ᠪᠦᠯᠦᠭ      ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠣᠲᠣᠭᠠᠳᠤ ᠶᠢᠨ ᠭᠤᠤᠯ ᠦᠢᠯᠡᠰ ᠤᠨ ᠬᠠᠮᠢᠶᠠᠷᠤᠯᠲᠠ         ᠠᠷᠪᠠᠨ ᠵᠢᠷᠭᠤᠳᠤᠭᠠᠷ ᠵᠦᠢᠯ      ᠬᠢᠨᠠᠨ ᠬᠠᠮᠢᠶᠠᠷᠬᠤ ᠠᠵᠤ ᠠᠬᠤᠶᠢᠯᠠᠯ ᠨᠢ ᠭᠤᠣᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠳᠣᠲᠣᠭᠠᠳᠤ ᠶᠢᠨ ᠭᠤᠣᠯ ᠦᠢᠯᠡᠰ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠳᠣᠲᠣᠭᠠᠳᠤ ᠶᠢᠨ ᠬᠢᠨᠠᠨ ᠰᠢᠯᠭᠠᠬᠤ ᠬᠠᠷᠢᠭᠤᠴᠠᠯᠭ᠎ᠠ ᠶᠢᠨ ᠳᠠᠮᠵᠢᠭᠤᠯᠬᠤ ᠲᠣᠭᠲᠠᠴᠠ ᠶᠢ ᠪᠦᠷᠢᠯᠳᠦᠭᠦᠯᠦᠨ᠂ ᠲᠤᠰ ᠠᠷᠭ᠎ᠠ ᠵᠢᠴᠢ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠲᠣᠭᠲᠠᠭᠠᠭᠰᠠᠨ ᠭᠤᠣᠯ ᠦᠢᠯᠡᠰ ᠢᠶᠠᠷ ᠯᠠᠪᠯᠠᠯᠲᠠ ᠪᠣᠯᠭᠠᠨ ᠡᠷᠬᠡ ᠶᠢᠨ ᠬᠠᠷᠢᠶ᠎ᠠ ᠶᠢᠨ ᠠᠵᠤ ᠠᠬᠤᠶᠢᠯᠠᠯ ᠳᠤ ᠭᠤᠣᠯ ᠦᠢᠯᠡᠰ ᠢᠶᠠᠨ ᠬᠢᠨᠠᠨ ᠲᠣᠭᠲᠠᠭᠠᠬᠤ ᠶᠢ ᠦᠷᠨᠢᠭᠦᠯᠵᠦ᠂ ᠬᠡᠷᠡᠭ ᠮᠡᠳᠡᠭᠴᠢᠳ ᠤᠨ ᠵᠥᠪᠯᠡᠯ ᠵᠡᠷᠭᠡ ᠰᠢᠢᠳᠪᠦᠷᠢᠲᠦ ᠪᠣᠳᠣᠯᠭ᠎ᠠ ᠶᠢᠨ ᠪᠠᠶᠢᠭᠤᠯᠤᠮᠵᠢ ᠪᠠᠷ ᠬᠢᠨᠠᠨ ᠵᠥᠪᠯᠡᠭᠦᠯᠵᠦ ᠪᠠᠲᠤᠯᠠᠭᠤᠯᠤᠭᠰᠠᠨ ᠤ ᠳᠠᠷᠠᠭ᠎ᠠ᠂ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠤᠨ᠎ᠠ᠃         ᠠᠷᠪᠠᠨ ᠳᠣᠯᠣᠳᠤᠭᠠᠷ ᠵᠦᠢᠯ       ᠬᠢᠨᠠᠨ ᠬᠠᠮᠢᠶᠠᠷᠬᠤ ᠠᠵᠤ ᠠᠬᠤᠶᠢᠯᠠᠯ ᠨᠢ ᠡᠯ᠎ᠡ ᠱᠠᠲᠤᠨ ᠤ ᠠᠵᠤ ᠠᠬᠤᠶᠢᠯᠠᠯ ᠳᠤ ᠪᠦᠬᠦ ᠲᠠᠯ᠎ᠠ ᠶᠢᠨ ᠪᠦᠲᠦᠮᠵᠢᠲᠡᠶ ᠭᠤᠤᠯ ᠦᠢᠯᠡᠰ ᠤᠨ ᠬᠠᠮᠢᠶᠠᠷᠤᠯᠲᠠ ᠶᠢ ᠬᠡᠷᠡᠭᠵᠢᠭᠦᠯᠬᠦ ᠪᠠᠨ ᠴᠢᠩᠭᠠᠳᠬᠠᠵᠤ᠂ ᠡᠯ᠎ᠡ ᠱᠠᠲᠤᠨ ᠤ ᠬᠤᠪᠢᠶᠠᠷᠢ ᠠᠵᠤ ᠠᠬᠤᠶᠢᠯᠠᠯ ᠤᠨ ᠭᠤᠤᠯ ᠦᠢᠯᠡᠰ ᠨᠢ ᠵᠠᠭᠠᠭ ᠬᠡᠪᠴᠢᠶ᠎ᠡ ᠨᠢ ᠲᠣᠳᠣᠷᠬᠠᠶ᠂ ᠲᠤᠭ᠎ᠠ ᠬᠡᠮᠵᠢᠶ᠎ᠡ ᠨᠢ ᠴᠣᠮᠬᠠᠳᠬᠠᠬᠤ᠂ ᠳᠠᠪᠠᠭᠤᠯᠢᠭ ᠢᠶᠠᠨ ᠲᠣᠪᠤᠶᠢᠯᠭᠠᠨ᠂ ᠭᠤᠤᠯ ᠠᠵᠢᠯ ᠨᠢ ᠢᠵᠢᠯᠢᠰᠢᠭᠰᠡᠨ ᠥᠷᠢᠰᠥᠯᠳᠦᠭᠡᠨ ᠠᠴᠠ ᠵᠠᠶᠢᠯᠠᠰᠬᠢᠬᠦ ᠬᠡᠷᠡᠭᠲᠡᠶ᠃ ᠥᠷᠢᠰᠥᠯᠳᠦᠭᠡᠨ ᠤ ᠳᠠᠪᠠᠭᠤᠯᠢᠭ ᠢ ᠪᠦᠷᠢᠯᠳᠦᠭᠦᠯᠦᠭᠡᠳᠦᠶ᠂ ᠬᠥᠭᠵᠢᠯᠲᠡ ᠶᠢᠨ ᠳᠠᠯᠳᠠ ᠬᠦᠴᠦᠨ ᠢᠶᠠᠷ ᠳᠤᠲᠠᠮᠠᠭ ᠭᠤᠤᠯ ᠠᠵᠢᠯ ᠪᠤᠰᠤ᠂ ᠳᠠᠪᠠᠭᠤᠯᠢᠭ ᠪᠤᠰᠤ ᠲᠤᠬᠠᠶᠢᠯᠠᠭᠰᠠᠨ ᠠᠵᠢᠯ ᠪᠣᠯᠤᠨ ᠳᠣᠤᠷ᠎ᠠ ᠦᠷ᠎ᠡ ᠠᠰᠢᠭ ᠲᠠᠢ ᠬᠦᠴᠦᠨ ᠦᠭᠡᠶ ᠡᠳ᠋ ᠬᠥᠷᠥᠩᠭᠡ ᠶᠢ ᠢᠯᠭᠠᠷᠠᠭᠤᠯᠤᠨ ᠭᠠᠷᠭᠠᠬᠤ ᠬᠡᠷᠡᠭᠲᠡᠶ᠃        ᠠᠷᠪᠠᠨ ᠨᠠᠢᠮᠠᠳᠤᠭᠠᠷ ᠵᠦᠢᠯ        ᠬᠢᠨᠠᠨ ᠬᠠᠮᠢᠶᠠᠷᠬᠤ ᠠᠵᠤ ᠠᠬᠤᠶᠢᠯᠠᠯ ᠨᠢ ᠭᠤᠣᠯ ᠦᠢᠯᠡᠰ ᠡᠵᠡᠩᠨᠡᠯᠲᠡ ᠶᠢᠨ ᠡᠳᠦᠷ ᠲᠤᠳᠤᠮ ᠤᠨ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠵᠤ᠂ ᠭᠤᠣᠯ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠶᠢ  ᠦᠷᠨᠢᠭᠦᠯᠦᠨ᠂ ᠬᠥᠳᠡᠯᠦᠩᠭᠦᠢ ᠪᠠᠷ ᠵᠠᠳᠠᠯᠤᠨ ᠳ᠋ᠦᠩᠨᠡᠵᠦ᠂ ᠡᠵᠡᠩᠨᠡᠯᠲᠡ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠪᠤᠰᠤᠳᠴᠢ᠂ ᠦᠨᠡᠨ ᠪᠣᠳᠠᠲᠠᠶ᠂ ᠣᠨᠣᠪᠴᠢᠲᠠᠶ ᠢᠯᠡᠷᠡᠭᠦᠯᠵᠦ᠂ ᠡᠵᠡᠩᠨᠡᠯᠲᠡ ᠶᠢᠨ ᠣᠷᠴᠢᠨ ᠲᠣᠭᠤᠷᠢᠨ ᠤ ᠬᠤᠪᠢᠷᠠᠯᠲᠠ᠂ ᠠᠵᠢᠯ ᠲᠦᠷᠦᠯ ᠤᠨ ᠬᠥᠭᠵᠢᠯᠲᠡ ᠶᠢᠨ ᠬᠠᠨᠳᠤᠰᠢ ᠶᠢ ᠰᠤᠳᠤᠯᠤᠨ ᠮᠠᠭᠠᠳᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠭᠤᠣᠯ ᠦᠢᠯᠡᠰ ᠤᠨ ᠬᠥᠭᠵᠢᠯᠲᠡ ᠶᠢᠨ ᠠᠷᠭ᠎ᠠ ᠪᠣᠳᠣᠯᠭ᠎ᠠ ᠶᠢ ᠴᠠᠭ ᠲᠤᠬᠠᠶ ᠳᠤᠨᠢ ᠰᠢᠯᠢᠳᠡᠭᠵᠢᠭᠦᠯᠦᠨ ᠲᠣᠬᠢᠷᠠᠭᠤᠯᠵᠤ᠂ ᠭᠤᠣᠯ ᠦᠢᠯᠡᠰ ᠤᠨ ᠬᠥᠭᠵᠢᠯᠲᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠡᠷᠡᠭᠲᠡᠢ᠃ ᠡᠭᠦᠨ ᠤ ᠬᠠᠮᠲᠤ ᠵᠢᠯ ᠪᠦᠷᠢ ᠶᠢᠨ 3 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ᠂ ᠳᠡᠭᠡᠷ᠎ᠡ ᠨᠢᠭᠡ ᠵᠢᠯ ᠤᠨ ᠭᠤᠤᠯ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠮᠡᠳᠡᠭᠦᠯᠦᠯᠲᠡ ᠶᠢ ᠲᠤᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃       ᠵᠢᠷᠭᠤᠳᠤᠭᠠᠷ ᠪᠦᠯᠦᠭ         ᠳᠠᠭᠠᠯᠳᠤᠭᠤᠯᠤᠯ ᠳᠦᠷᠢᠮ      ᠠᠷᠪᠠ ᠶᠢᠰᠦᠳᠦᠭᠡᠷ ᠵᠦᠢᠯ      ᠲᠤᠰ ᠠᠷᠭ᠎ᠠ ᠶᠢ ᠲᠤᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠨ᠎ᠠ᠃      ᠬᠤᠷᠢᠳᠤᠭᠠᠷ ᠵᠦᠢᠯ            ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠭᠤᠣᠯ ᠠᠵᠢᠯ ᠤᠨ ᠬᠠᠮᠢᠶᠠᠷᠤᠯᠲᠠ ᠳᠤ ᠬᠤᠯᠪᠣᠭᠳᠠᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠲᠦᠷᠦ ᠶᠢᠨ ᠪᠤᠳᠤᠯᠭ᠎ᠠ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃      ᠬᠤᠷᠢᠨ ᠨᠢᠭᠡᠳᠦᠭᠡᠷ ᠵᠦᠢᠯ       ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    
ᠢᠷᠡᠯᠲᠡ᠄ ᠲᠣᠰ ᠰᠥᠯᠵᠢᠶ᠎ᠡ