ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠲᠤᠰᠬᠠᠶ ᠠᠩᠭᠢ ᠪᠠᠶᠢᠭᠤᠯᠬᠤ ᠲᠤᠬᠠᠶ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/4/12
                                   ᠬᠢᠶ᠎ᠠ ᠵᠠᠰᠠᠭ ᠠᠯᠪᠠᠨ ᠲᠠᠷᠬᠠᠭᠠᠭᠰᠠᠨ ︹2024︺ 5 ᠳ᠋ᠤᠭᠠᠷ ᠲᠣᠭᠠᠲᠤᠡᠯ᠎ᠡ ᠬᠠᠮᠢᠶ᠎ᠠ ᠪᠥᠬᠦᠶ ᠨᠢᠭᠡᠴᠡ᠄         ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠢᠨᠲ᠋ᠧᠷ ᠰᠦᠯᠵᠢᠶ᠎ᠡ +︾ ᠶᠢᠨ ᠥᠨᠳᠥᠷ ᠪᠦᠲᠦᠮᠵᠢᠲᠡᠶ ᠪᠠᠷᠠᠭᠠᠨ ᠤ ᠭᠦᠢᠯᠭᠡᠭᠡ ᠵᠢᠴᠢ ᠲᠠᠪᠴᠠᠩ ᠤᠨ ᠠᠵᠤ ᠠᠬᠤᠶ ᠶᠢᠨ ᠵᠢᠷᠤᠮᠵᠢᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠴᠢᠬᠤᠯᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂  ︽ᠣᠷᠳᠣᠰ ᠬᠤᠲᠠ ᠶᠢᠨ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ ︾ ︵ᠣᠷᠳᠣᠰ ᠵᠠᠮ ᠲᠡᠭᠡᠭᠡᠪᠦᠷᠢ ᠲᠠᠷᠬᠠᠭᠠᠭᠰᠠᠨ ︹2020︺ 269 ᠳ᠋ᠦ᠋ᠭᠡᠷ ᠲᠣᠭᠠᠲᠤ︶ ︽ᠣᠷᠳᠣᠰ ᠬᠤᠲᠠ ᠶᠢᠨ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠨᠠᠷᠢᠨ ᠲᠦᠷᠢᠮ︾ ︵ᠣᠷᠳᠣᠰ ᠵᠠᠮ ᠲᠡᠭᠡᠭᠡᠪᠦᠷᠢ ᠲᠠᠷᠬᠠᠭᠠᠭᠰᠠᠨ ︹2023︺ 325 ᠳ᠋ᠤᠭᠠᠷ ᠲᠣᠭᠠᠲᠤ︶ ᠤᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠤᠬᠠᠶᠢᠯᠠᠭᠰᠠᠨ ᠠᠵᠢᠯ ᠳᠠᠭᠠᠨ ᠪᠤᠴᠠᠬᠤ᠂ ᠲᠤᠭ᠎ᠠ ᠪᠠᠷᠢᠮᠲᠠ ᠶᠢ ᠪᠤᠴᠠᠭᠠᠬᠤ᠂ ᠭᠠᠶᠢᠯᠢ ᠲᠠᠲᠠᠪᠤᠷᠢ ᠶᠢ ᠪᠤᠴᠠᠭᠠᠬᠤ ᠶᠢ ᠪᠡᠶᠡᠯᠡᠭᠦᠯᠵᠦ᠂ ᠮᠠᠨ ᠤ ᠲᠣᠭᠤᠷᠢᠭ ᠤᠨ ᠵᠠᠮ ᠤᠨ ᠪᠠᠷᠠᠭᠠᠨ ᠤ ᠲᠡᠭᠡᠭᠡᠪᠦᠷᠢ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠳᠤᠯᠬᠤ ᠪᠠᠷ ᠳᠡᠮᠵᠢᠨ᠂ ᠬᠢᠶ᠎ᠠ ᠪᠠᠭᠰᠢ ᠲᠣᠭᠤᠷᠢᠭ ᠤᠨ ᠵᠠᠮ ᠪᠠᠷᠠᠭᠠᠨ ᠤ ᠲᠡᠭᠡᠭᠡᠪᠦᠷᠢ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠲᠤᠰᠬᠠᠶ ᠠᠩᠭᠢ ︵ᠳᠣᠷᠣᠭᠰᠢ ᠠᠵᠢᠯ ᠤᠨ ᠲᠤᠰᠬᠠᠶ ᠠᠩᠭᠢ ᠭᠡᠵᠦ ᠲᠣᠪᠴᠢᠯᠠᠨ᠎ᠠ︶ ᠶᠢ ᠪᠠᠶᠢᠭᠤᠯᠬᠤ ᠪᠠᠷ ᠲᠣᠭᠲᠠᠪᠠ᠂ ᠡᠳᠦᠭᠡ ᠬᠠᠮᠢᠶ᠎ᠠ ᠪᠥᠬᠦᠶ ᠪᠦᠷᠢᠯᠳᠦᠬᠦᠨ ᠢ ᠳᠣᠤᠷᠠᠬᠢ ᠮᠡᠲᠦ ᠮᠡᠳᠡᠭᠳᠡᠶ᠎ᠡ᠄          ᠳᠤᠭᠤᠶᠢᠯᠠᠩ ᠤᠨ ᠳᠠᠷᠤᠭ᠎ᠠ᠄ ᠯᠢᠦ ᠭᠠᠩ       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ          ᠳᠤᠭᠤᠶᠢᠯᠠᠩ ᠤᠨ ᠳᠡᠳ᠋ ᠳᠠᠷᠤᠭ᠎ᠠ᠄ ᠱᠠᠩ ᡁᠢ ᠭᠠᠩ      ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶᠠᠨ ᠤ ᠲᠣᠪᠴᠢᠶᠠᠨ ᠳᠠᠷᠤᠭ᠎ᠠ          ᠪᠦᠷᠢᠯᠳᠦᠭᠦᠨ᠄ ᠵᠣᠣ ᠷᠦᠩ      ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ          ᠠᠨ ᠺᠧ ᠹᠧᠩ          ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ          ᠭᠤᠤ ᠯᠧᠢ              ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠪᠠ ᠲᠣᠮᠣ ᠳ᠋ᠠᠶᠢᠲ᠋ᠠ ᠶᠢᠨ ᠲᠥᠪ ᠤᠨ ᠡᠷᠬᠢᠯᠡᠭᠴᠢ          ᠸᠠᠩ ᠰᠢᠶᠣᠤ ᠳ᠋ᠠᠨ        ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ          ᠯᠢ ᠭᠦᠸᠧ ᠫᠢᠩ         ᠲᠤᠭᠤᠷᠢᠭ ᠤᠨ ᠵᠠᠮ ᠬᠠᠷᠢᠯᠴᠠᠭᠠᠨ ᠤ ᠲᠤᠪᠴᠢᠶᠠᠨ ᠤ ᠳᠡᠳ᠋ ᠳᠠᠷᠤᠭ᠎ᠠ          ᠯᠢᠦ ᠰᠦᠸᠧ ᠵᠦ         ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ          ᠸᠠᠩ ᡁᠢ ᠫᠧᠩ          ᠲᠣᠭᠤᠷᠢᠭ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ          ᠲᠦᠩ ᠯᠠᠨ             ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ          ᠼᠦᠢ ᠸᠧᠶ             ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ  ᠲᠣᠪᠴᠢᠶᠠᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ          ᠸᠠᠩ ᠳ᠋ᠦᠩ ᠪᠥᠸᠧ       ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ          ᠠᠵᠢᠯ ᠤᠨ ᠲᠤᠰᠬᠠᠶ ᠠᠩᠭᠢ ᠶᠢᠨ ᠳᠣᠤᠷ᠎ᠠ ᠠᠯᠪᠠᠨ ᠬᠡᠷ ᠭᠠᠷᠭᠠᠵᠤ᠂ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ ᠳᠤ ᠲᠣᠬᠢᠷᠠᠭᠤᠯᠪᠠ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠱᠠᠩ ᡁᠢ ᠭᠠᠩ ᠨᠥᠬᠦᠷ ᠬᠠᠪᠰᠤᠷᠭᠠᠨ ᠬᠠᠷᠢᠭᠤᠴᠠᠵᠤ᠂ ᠠᠯᠪᠠᠨ ᠬᠡᠷ ᠨᠢ ᠭᠤᠤᠯᠳᠠᠭᠤ ᠬᠢᠶ᠎ᠠ ᠪᠠᠭᠰᠢ ᠲᠣᠭᠤᠷᠢᠭ ᠤᠨ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠦᠬᠦᠯᠢ ᠴᠣᠭᠴᠠ ᠶᠢᠨ ᠠᠵᠢᠯ ᠢ ᠬᠠᠷᠢᠭᠤᠴᠠᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠢᠯ ᠤᠨ ᠠᠬᠢᠴᠠ ᠶᠢ ᠲᠣᠬᠢᠷᠠᠭᠤᠯᠬᠤ ᠶᠢᠨ ᠬᠠᠮᠲᠤ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠳᠤ ᠠᠵᠢᠯ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠦᠨ᠎ᠡ᠃         ᠡᠯ᠎ᠡ ᠪᠦᠷᠢᠯᠳᠦᠬᠦᠨ ᠨᠢᠭᠡᠴᠡ ᠨᠢ ᠡᠭᠦᠷᠭᠡ ᠬᠠᠷᠢᠭᠤᠴᠠᠯᠭ᠎ᠠ ᠪᠠᠨ ︽ᠣᠷᠳᠣᠰ ᠬᠤᠲᠠ ᠶᠢᠨ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ︾ ︵ᠣᠷᠳᠣᠰ ᠵᠠᠮ ᠲᠡᠭᠡᠭᠡᠪᠦᠷᠢ ᠲᠠᠷᠬᠠᠭᠠᠭᠰᠠᠨ ︹2020︺ 269 ᠳ᠋ᠦ᠋ᠭᠡᠷ ᠲᠣᠭᠠᠲᠤ︶ ︽ᠣᠷᠳᠣᠰ ᠬᠤᠲᠠ ᠶᠢᠨ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠨᠠᠷᠢᠨ ᠲᠦᠷᠢᠮ︾ ︵ᠣᠷᠳᠣᠰ ᠵᠠᠮ ᠲᠡᠭᠡᠭᠡᠪᠦᠷᠢ ᠲᠠᠷᠬᠠᠭᠠᠭᠰᠠᠨ ︹2023︺ 325 ᠳ᠋ᠤᠭᠠᠷ ᠲᠣᠭᠠᠲᠤ︶ ᠲᠠᠢ ᠬᠠᠷᠢᠴᠠᠭᠤᠯᠤᠨ ᠲᠠᠨᠢᠵᠤ ᠠᠪᠬᠤ ᠶᠢᠨ ᠬᠠᠮᠲᠤ ᠨᠠᠶᠢᠲᠠᠪᠣᠷᠢᠵᠢᠭᠤᠯᠣᠨ᠎ᠠ᠃         ᠬᠤᠶᠢᠰᠢᠳᠠ ᠠᠵᠢᠯ ᠤᠨ ᠲᠤᠰᠬᠠᠶ ᠠᠩᠭᠢ ᠶᠢᠨ ᠪᠦᠷᠢᠯᠳᠦᠬᠦᠨ ᠬᠡᠷᠪᠡ ᠬᠤᠪᠢᠷᠠᠯᠲᠠ ᠭᠠᠷᠪᠠᠯ᠂ ᠲᠡᠭᠦᠨ ᠤ ᠵᠠᠰᠠᠭ ᠵᠠᠬᠢᠷᠭᠠᠨ ᠤ ᠲᠤᠰᠢᠶᠠᠯ ᠢ ᠣᠷᠣᠯᠠᠨ ᠬᠠᠷᠢᠭᠤᠴᠠᠵᠤ ᠪᠠᠶᠢᠭ᠎ᠠ ᠬᠥᠮᠦᠰ ᠥᠪᠡᠰᠦᠪᠡᠨ ᠨᠥᠬᠦᠪᠦᠷᠢᠯᠡᠨ᠎ᠡ᠃ ᠲᠣᠰ ᠠᠵᠢᠯ ᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠳᠠᠭᠤᠰᠬᠠᠭᠰᠠᠨ ᠤ ᠳᠠᠷᠠᠭ᠎ᠠ᠂ ᠠᠵᠢᠯ ᠤᠨ ᠲᠤᠰᠬᠠᠶ ᠠᠩᠭᠢ ᠥᠪᠡᠰᠦᠪᠡᠨ ᠬᠦᠴᠦᠨ ᠥᠬᠡᠶ ᠪᠣᠯᠭᠠᠵᠤ᠂ ᠠᠰᠲᠠᠭᠠᠨ ᠪᠢᠴᠢᠭ ᠮᠠᠲ᠋ᠧᠷᠢᠶᠠᠯ ᠢᠶᠠᠷ ᠮᠡᠳᠡᠭᠳᠡᠬᠦ ᠥᠬᠡᠶ᠃                        ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                                        2024 ᠣᠨ ᠤ 1 ᠰᠠᠷ᠎ᠠ ᠶᠢᠨ 22 ᠤᠨ ᠡᠳᠦᠷ 
ᠢᠷᠡᠯᠲᠡ᠄ ᠲᠣᠰ ᠰᠥᠯᠵᠢᠶ᠎ᠡ