ᠣᠷᠳᠣᠰ ᠬᠢᠶ᠎ᠠ ᠵᠠᠰᠠᠭ ᠲᠠᠷᠬᠠᠭᠠᠭᠰᠠᠨ〔2024〕33 ᠳ᠋ᠣᠭᠠᠷ ᠲᠣᠭᠠᠲᠣ | | ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠰᠠᠯᠠᠭ᠎ᠠ | ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ︾ ᠶᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ | ᠰᠤᠳᠤᠯᠤᠨ ᠪᠠᠲᠤᠯᠠᠪᠠ᠂ ᠡᠳᠦᠭᠡ ᠨᠡᠶᠢᠲᠡᠯᠡᠶ᠎ᠡ᠃ | | ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | 2024 ᠣᠨ ᠤ 3 ᠰᠠᠷ᠎ᠠ ᠶᠢᠨ 22 ᠤᠨ ᠡᠳᠦᠷ | | | | | | | | | ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ | ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ | | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ | ᠬᠤᠷᠢᠶ᠎ᠠ ᠵᠠᠰᠠᠭ ᠤᠨ ᠣᠷᠳᠣᠨ᠂ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠷᠲᠤ ᠬᠤᠭᠤᠴᠠᠭ᠎ᠠ ᠠᠷᠪᠢᠯᠠᠨ ᠭᠠᠮᠨᠠᠬᠤ ᠶᠢ ᠪᠠᠷᠢᠮᠲᠠᠯᠠᠬᠤ | ᠱᠠᠭᠠᠷᠳᠠᠯᠭ᠎ᠠ ᠶᠣᠰᠣᠭᠠᠷ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠦᠮᠴᠢᠯᠡᠯᠲᠦ | ᠡᠳ᠋ ᠬᠥᠷᠥᠩᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠠᠮᠲᠤ ᠪᠠᠷ | ᠡᠳ᠋ᠯᠡᠬᠦ᠂ ᠬᠠᠮᠲᠤ ᠲᠣᠬᠢᠷᠠᠭᠤᠯᠤᠯᠲᠠ ᠨᠢ ᠵᠣᠬᠢᠰᠲᠠᠢ᠂ ᠰᠢᠢᠳᠪᠦᠷᠢᠯᠡᠯᠲᠡ ᠨᠢ ᠵᠢᠷᠤᠮᠵᠢᠭᠰᠠᠨ᠂ ᠬᠢᠨᠠᠯᠲᠠ ᠲᠠᠯᠪᠢᠯᠲᠠ ᠨᠢ ᠪᠣᠳᠠᠲᠠᠶᠢᠵᠢᠭᠰᠠᠨ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠰᠤᠯᠠ ᠪᠠᠶᠢᠭ᠎ᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ | ᠪᠦᠲᠦᠮᠵᠢᠲᠡᠶ ᠠᠮᠢᠳᠤᠯᠢᠭ ᠪᠣᠯᠭᠠᠵᠤ᠂ ︽ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ | ︵ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ ᠢᠶᠠᠷ 738 ᠳ᠋ᠤᠭᠠᠷ ᠲᠣᠭᠠᠲᠤ︶ ︽ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠲᠣᠭᠲᠠᠮᠠᠯ | ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠬᠥᠷᠥᠩᠭᠡ ﹇2020﹈ 97 ᠳ᠋ᠤᠭᠠᠷ ᠲᠣᠭᠠᠲᠤ | ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠶᠢᠨ ᠵᠠᠷᠯᠢᠭ 181 ᠳ᠋ᠦ᠋ᠭᠡᠷ ᠲᠣᠭᠠᠲᠤ︶ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠠᠯᠪᠠᠨ ᠤ ᠡᠳ᠋ ᠪᠠᠷᠠᠭ᠎ᠠ ᠶᠢᠨ | ᠬᠥᠮᠥᠷᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠳᠣᠲᠣᠭᠠᠳᠤ ᠡᠳ᠋ ᠬᠥᠷᠥᠩᠭᠡ ᠲᠣᠭᠲᠠᠭᠠᠯ ﹇2018﹈ 3 ᠳ᠋ᠤᠭᠠᠷ ᠲᠣᠭᠠᠲᠤ︶ ︽ | ᠣᠷᠳᠣᠰ ᠬᠤᠲᠠ ᠶᠢᠨ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ︾ ︵ᠣᠷᠳᠣᠰ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠣᠷᠣᠨ ᠤ ᠲᠣᠰ ᠱᠠᠲᠤᠨ ᠤ ᠪᠣᠳᠠᠲᠠᠢ ᠲᠠᠢ ᠪᠠᠨ | ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠲᠣᠰ ᠱᠠᠲᠤᠨ ᠤ ᠨᠠᠮ ᠤᠨ ᠪᠠᠶᠢᠭᠤᠯᠭ᠎ᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ᠂ | ᠬᠢᠨᠠᠨ ᠪᠠᠶᠢᠴᠠᠭᠠᠬᠤ ᠪᠠᠶᠢᠭᠤᠯᠭ᠎ᠠ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠪᠠᠶᠢᠭᠤᠯᠭ᠎ᠠ᠂ ᠨᠡᠶᠢᠭᠡᠮ ᠤᠨ ᠬᠤᠷᠠᠯ ᠪᠦᠯᠬᠦᠮ ᠪᠠ ᠪᠤᠰᠤᠳ ᠡᠯ᠎ᠡ ᠲᠥᠷᠥᠯ ᠤᠨ | ᠠᠵᠢᠯ ᠦᠢᠯᠡᠰ ᠤᠨ ᠨᠢᠭᠡᠴᠢ ︵ᠳᠣᠷᠣᠭᠰᠢ ︽ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ︾ ᠭᠡᠵᠦ ᠲᠣᠪᠴᠢᠯᠠᠨ᠎ᠠ︶ ᠳᠤ ᠲᠣᠬᠢᠷᠠᠨ᠎ᠠ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠠᠯᠪᠠᠨ ᠤ ᠡᠳ᠋ ᠤᠨ ᠬᠥᠮᠥᠷᠭᠡ ᠭᠡᠳᠡᠭ ᠨᠢ ᠣᠷᠳᠣᠰ ᠬᠤᠲᠠ ᠶᠢᠨ ᠬᠢᠶ᠎ᠡ ᠪᠠᠭᠰᠢ | ᠲᠣᠭᠤᠷᠢᠭ ᠤᠨ ᠲᠤᠰ ᠱᠠᠲᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠰᠤᠯᠠ ᠬᠠᠶᠠᠭᠰᠠᠨ᠂ ᠣᠷᠣᠨ ᠲᠤᠭ᠎ᠠ ᠠᠴᠠ ᠬᠡᠲᠦᠷᠡᠭᠰᠡᠨ᠂ | ᠪᠠᠷᠢᠮᠵᠢᠶ᠎ᠠ ᠠᠴᠠ ᠬᠡᠲᠦᠷᠡᠭᠦᠯᠦᠨ ᠲᠣᠬᠢᠷᠠᠭᠤᠯᠤᠭᠰᠠᠨ ᠡᠳ᠋ ᠬᠥᠷᠥᠩᠭᠡ ᠵᠢᠴᠢ ᠲᠦᠷ ᠴᠠᠭ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠴᠢᠬᠤᠯᠠ ᠶᠡᠭᠡ ᠬᠤᠷᠠᠯ | ᠬᠤᠷᠠᠯᠳᠤᠭᠤᠯᠤᠭᠰᠠᠨ᠂ ᠲᠣᠮᠣ ᠬᠡᠯᠪᠡᠷᠢ ᠶᠢᠨ ᠠᠵᠢᠯᠯᠠᠭ᠎ᠠ ᠬᠢᠵᠦ ᠬᠤᠳᠠᠯᠳᠤᠨ ᠠᠪᠤᠭᠰᠠᠨ ᠡᠳ᠋ ᠬᠥᠷᠥᠩᠭᠡ ᠶᠢ ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ | ᠲᠣᠬᠢᠷᠠᠭᠤᠯᠬᠤ᠂ ᠨᠢᠭᠡᠳᠦᠯᠲᠡᠶ ᠰᠢᠢᠳᠪᠦᠷᠢᠯᠡᠬᠦ ᠠᠵᠢᠯᠯᠠᠭᠠᠨ ᠤ ᠲᠠᠪᠴᠠᠩ ᠪᠣᠯᠤᠨ᠎ᠠ᠃ | ᠣᠷᠳᠣᠰ ᠬᠤᠲᠠ ᠶᠢᠨ ᠬᠢᠶ᠎ᠡ ᠪᠠᠭᠰᠢ ᠲᠣᠭᠤᠷᠢᠭ ᠤᠨ ᠲᠤᠰ ᠱᠠᠲᠤᠨ ᠳᠤ ᠬᠡᠶᠢᠰᠪᠦᠷᠢ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ᠬᠡᠶᠢᠰᠪᠦᠷᠢ ᠠᠯᠪᠠᠨ ᠤ ᠡᠳ᠋ ᠤᠨ ᠬᠥᠮᠥᠷᠭᠡ ᠭᠡᠳᠡᠭ ᠨᠢ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢ ᠲᠠᠪᠴᠠᠩ ᠳᠤ ᠣᠷᠣᠭᠤᠯᠬᠤ ᠶᠢ | ᠵᠢᠭᠠᠵᠤ ᠪᠤᠶ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠠᠷ ᠦᠨᠡᠮᠰᠢᠭᠦᠯᠦᠭᠰᠡᠨ ᠤ ᠳᠠᠷᠠᠭ᠎ᠠ ᠪᠣᠳᠠᠲᠤ ᠪᠣᠳᠠᠰ ᠢ ᠬᠠᠳᠠᠭᠠᠯᠠᠨ ᠬᠠᠮᠢᠶᠠᠷᠳᠠᠭ ᠬᠡᠶᠢᠰᠪᠦᠷᠢ | ᠬᠥᠮᠥᠷᠭᠡ ᠶᠢᠨ ᠥᠷᠲᠡᠭᠡ ᠪᠣᠯᠤᠨ᠎ᠠ᠃ ᠣᠨᠴᠣᠭᠤᠶ ᠪᠠᠶᠢᠳᠠᠯ ᠳᠤ ᠦᠨᠡᠨᠬᠦ ᠪᠣᠳᠠᠲᠤ ᠴᠣᠭᠴᠠ ᠶᠢᠨ ᠠᠯᠪᠠᠨ ᠤ ᠡᠳ᠋ ᠤᠨ ᠬᠥᠮᠥᠷᠭᠡ ᠳᠤ ᠬᠠᠳᠠᠭᠠᠯᠠᠵᠤ ᠪᠠᠶᠢᠭ᠎ᠠ ᠡᠳ᠋ | ᠪᠣᠳᠠᠰ ᠢ ᠳᠡᠰ ᠳᠠᠷᠠᠭᠠᠯᠠᠯ ᠤᠨ ᠶᠣᠰᠣᠭᠠᠷ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠥᠪᠡᠰᠦᠪᠡᠨ ᠪᠠᠶᠢᠭᠤᠯᠬᠤ ᠪᠤᠶᠤ ᠵᠠᠭᠤᠴᠢ ᠪᠠᠶᠢᠭᠤᠯᠤᠮᠵᠢ ᠳᠤ ᠨᠠᠶᠢᠳᠠᠵᠤ | ᠣᠷᠣᠯᠠᠨ ᠬᠠᠳᠠᠭᠠᠯᠠᠵᠤ ᠪᠣᠯᠤᠨ᠎ᠠ᠃ | ᠳᠥᠷᠪᠡᠳᠦᠭᠡᠷ ᠵᠦᠢᠯ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢᠨ ᠡᠳ᠋ ᠬᠥᠷᠥᠩᠭᠡ ᠳᠤ ᠲᠣᠭᠲᠠᠮᠠᠯ ᠬᠥᠷᠥᠩᠭᠡ ᠪᠠ ᠬᠡᠯᠪᠡᠷᠢ | ᠦᠭᠡᠢ ᠬᠥᠷᠥᠩᠭᠡ ᠪᠠᠭᠲᠠᠨ᠎ᠠ᠃ ᠡᠭᠦᠨ ᠳᠤ᠂ ᠲᠣᠭᠲᠠᠮᠠᠯ ᠬᠥᠷᠥᠩᠭᠡ ᠳᠤ ᠣᠷᠣᠨ ᠰᠠᠭᠤᠴᠠ ᠶᠢᠨ ᠪᠣᠰᠤ ᠪᠠᠷᠢᠯᠭ᠎ᠠ᠂ ᠨᠡᠶᠢᠳᠡᠮ ᠬᠡᠷᠡᠭᠯᠡᠭᠡᠨ ᠤ ᠲᠥᠬᠦᠭᠡᠷᠦᠮᠵᠢ᠂ | ᠲᠤᠰᠬᠠᠶ ᠬᠡᠷᠡᠭᠯᠡᠭᠡᠨ ᠤ ᠲᠥᠬᠦᠭᠡᠷᠦᠮᠵᠢ᠂ ᠲᠡᠤᠬᠡ ᠶᠢᠨ ᠳᠤᠷᠠᠰᠬᠠᠯᠲᠤ ᠵᠦᠢᠯᠡᠰ ᠪᠠ ᠳᠡᠯᠭᠡᠨ ᠦᠵᠡᠭᠦᠯᠬᠦ ᠵᠦᠢᠯᠡᠰ᠂ ᠨᠣᠮ ᠪᠢᠴᠢᠭ᠂ ᠳᠠᠩᠰᠠ ᠡᠪᠬᠡᠮᠡᠯ᠂ ᠭᠡᠷ ᠤᠨ | ᠬᠡᠷᠡᠭᠰᠡᠯ᠂ ᠪᠠᠭᠠᠵᠢ ᠬᠡᠷᠡᠭᠰᠡᠯ ᠵᠢᠴᠢ ᠠᠮᠢᠲᠠᠨ ᠤᠷᠭᠤᠮᠠᠯ ᠪᠠᠭᠲᠠᠨ᠎ᠠ᠃ ᠬᠡᠯᠪᠡᠷᠢ ᠦᠭᠡᠢ ᠬᠥᠷᠥᠩᠭᠡ ᠳᠤ ᠭᠤᠣᠯᠳᠠᠭᠤ ᠲᠤᠰᠬᠠᠢ ᠠᠰᠢᠭ ᠤᠨ ᠡᠷᠬᠡ᠂ ᠭᠠᠵᠠᠷ ᠰᠢᠷᠣᠢ | ᠬᠡᠷᠡᠭᠯᠡᠬᠦ ᠡᠷᠬᠡ᠂ ᠵᠣᠬᠢᠶᠠᠯ ᠪᠦᠲᠦᠭᠡᠯ ᠤᠨ ᠡᠷᠬᠡ ᠵᠡᠷᠭᠡ ᠪᠠᠭᠲᠠᠨ᠎ᠠ᠃ | ᠲᠠᠪᠤᠳᠤᠭᠠᠷ ᠵᠦᠢᠯ ᠠᠯᠪᠠᠨ ᠤ ᠡᠳ᠋ ᠤᠨ ᠬᠥᠮᠥᠷᠭᠡ ᠶᠢᠨ ᠠᠵᠢᠯᠯᠠᠭᠠᠨ ᠨᠢ ᠳᠣᠤᠷᠠᠬᠢ ᠵᠠᠷᠴᠢᠮ ᠢ ᠵᠢᠷᠣᠮᠯᠠᠨ᠎ᠠ᠄ | ︵ᠨᠢᠭᠡ︶ ᠨᠢᠭᠡᠳᠦᠯᠲᠡᠢ ᠬᠠᠮᠢᠶᠠᠷᠴᠤ᠂ ᠬᠢᠨᠠᠯᠲᠠ ᠶᠢ ᠬᠦᠯᠢᠶᠡᠨ᠎ᠡ᠃ | ︵ᠬᠤᠶᠠᠷ︶ ᠲᠥᠪᠯᠡᠷᠡᠭᠦᠯᠦᠨ ᠲᠣᠬᠢᠷᠠᠭᠤᠯᠵᠤ᠂ ᠬᠠᠮᠲᠤᠪᠠᠷ ᠭᠥᠷᠳᠡᠵᠦ ᠬᠡᠷᠡᠭᠯᠡᠨ᠎ᠡ᠃ | ︵ᠭᠤᠷᠪᠠ︶ ᠣᠬᠤᠷ ᠬᠤᠭᠤᠴᠠᠭ᠎ᠠ ᠪᠠᠷ ᠨᠥᠭᠡᠴᠡᠯᠡᠵᠦ᠂ ᠢᠯᠡᠭᠦᠦ ᠳᠤᠲᠠᠭᠤ ᠶᠢ ᠲᠣᠬᠢᠷᠠᠭᠤᠯᠣᠨ᠎ᠠ᠃ | ︵ᠳᠥᠷᠪᠡ︶ ᠡᠷᠭᠢᠯᠳᠦᠭᠦᠯᠦᠨ ᠬᠡᠷᠡᠭᠯᠡᠵᠦ᠂ ᠰᠠᠶᠢᠲᠤᠷ ᠠᠷᠪᠢᠯᠠᠨ ᠭᠠᠮᠨᠠᠨ᠎ᠠ᠃ | ︵ᠲᠠᠪᠤ︶ ᠵᠢᠷᠤᠮᠵᠢᠭᠤᠯᠤᠨ ᠰᠢᠢᠳᠪᠦᠷᠢᠯᠡᠵᠦ᠂ ᠢᠯᠡ ᠲᠣᠳᠣ ᠪᠠᠶᠢᠯᠭᠠᠨ᠎ᠠ᠃ | | | | ᠬᠤᠶᠠᠳᠤᠭᠠᠷ ᠪᠦᠯᠦᠭ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ | ᠵᠢᠷᠭᠤᠳᠤᠭᠠᠷ ᠵᠦᠢᠯ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠲᠣᠰ ᠱᠠᠲᠤᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠪᠣᠯ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ᠎ᠠ᠂ ᠭᠤᠤᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ᠂ ᠬᠢᠶ᠎ᠠ ᠪᠠᠭᠰᠢ ᠲᠣᠭᠤᠷᠢᠭ ᠤᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠬᠠᠤᠯᠢ ᠴᠠᠭᠠᠵᠠ᠂ ᠲᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠣᠭᠤᠰᠢᠯᠠᠭᠤᠯᠣᠨ | ᠬᠡᠷᠡᠭᠵᠢᠭᠦᠯᠦᠨ᠎ᠡ᠃ | ︵ᠬᠤᠶᠠᠷ︶ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠲᠣᠭᠳᠠᠭᠠᠯ ᠢ ᠰᠣᠳᠤᠯᠤᠨ ᠳᠣᠭᠲᠠᠭᠠᠨ᠎ᠠ᠃ | ︵ᠭᠤᠷᠪᠠ︶ ᠠᠯᠪᠠᠨ ᠤ ᠡᠳ᠋ ᠤᠨ ᠬᠥᠮᠥᠷᠭᠡ ᠶᠢᠨ ᠬᠦᠷᠦᠩᠭᠡ ᠶᠢ ᠮᠠᠭᠠᠳᠯᠠᠨ ᠲᠤᠭᠳᠠᠭᠠᠬᠤ᠂ ᠬᠤᠷᠢᠶᠠᠨ ᠠᠪᠬᠤ᠂ ᠲᠤᠬᠢᠷᠠᠭᠤᠯᠬᠤ᠂ ᠬᠡᠷᠡᠭᠯᠡᠬᠦ ᠪᠠ | ᠰᠢᠢᠳᠪᠦᠷᠢᠯᠡᠬᠦ ᠵᠡᠷᠭᠡ ᠵᠦᠢᠯᠡᠰ ᠢ ᠬᠢᠨᠠᠨ ᠵᠦᠪᠰᠢᠶᠡᠷᠡᠬᠦ ᠶᠢ ᠬᠠᠷᠢᠭᠤᠴᠠᠨ᠎ᠠ᠃ | ︵ᠲᠦᠷᠪᠡ︶ ᠠᠯᠪᠠᠨ ᠤ ᠡᠳ᠋ ᠤᠨ ᠬᠥᠮᠥᠷᠭᠡ ᠶᠢᠨ ᠬᠦᠷᠦᠩᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠪᠠ ᠠᠯᠪᠠᠨ ᠤ ᠡᠳ᠋ ᠤᠨ | ᠬᠦᠷᠦᠩᠭᠡ ᠶᠢᠨ ᠮᠡᠳᠡᠭᠡ ᠵᠠᠩᠭᠢ ᠶᠢᠨ ᠲᠠᠪᠴᠠᠩ ᠢ ᠬᠠᠷᠢᠭᠤᠴᠠᠨ ᠪᠠᠶᠢᠭᠤᠯᠣᠨ᠎ᠠ᠃ | ︵ᠲᠠᠪᠤ︶ ᠠᠯᠪᠠᠨ ᠤ ᠡᠳ᠋ ᠤᠨ ᠬᠥᠮᠥᠷᠭᠡ ᠶᠢᠨ ᠬᠦᠷᠦᠩᠭᠡ ᠶᠢᠨ ᠠᠰᠢᠭ ᠣᠯᠵᠠᠪᠤᠷᠢ ᠶᠢ ᠳᠡᠭᠡᠭᠰᠢ ᠲᠤᠰᠢᠶᠠᠬᠤ ᠶᠢ ᠬᠠᠷᠢᠭᠤᠴᠠᠨ᠎ᠠ᠃ | ᠳᠣᠯᠣᠳᠤᠭᠠᠷ ᠵᠦᠢᠯ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠲᠣᠰ ᠰᠠᠯᠠᠭ᠎ᠠ ᠮᠥᠴᠢᠷ ᠤᠨ ᠢᠶᠠᠨ ᠬᠠᠷᠢᠶ᠎ᠠ ᠨᠢᠭᠡᠴᠡ ᠶᠢᠨ ᠠᠯᠪᠠᠨ ᠤ | ᠡᠳ᠋ ᠤᠨ ᠬᠥᠮᠥᠷᠭᠡ ᠶᠢᠨ ᠬᠠᠮᠢᠶᠠᠷᠤᠯᠲᠠ ᠳᠤ ᠬᠤᠯᠪᠣᠭᠳᠠᠬᠤ ᠵᠦᠢᠯᠡᠰ ᠲᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠂ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠲᠤᠰ ᠰᠠᠯᠠᠭ᠎ᠠ ᠮᠦᠴᠢᠷ ᠤᠨ ᠬᠠᠷᠢᠶ᠎ᠠ ᠨᠢᠭᠡᠴᠡ ᠶᠢᠨ ᠠᠯᠪᠠᠨ ᠤ ᠡᠳ᠋ ᠤᠨ ᠬᠥᠮᠥᠷᠭᠡ ᠶᠢ ᠲᠤᠰᠢᠶᠠᠬᠤ᠂ ᠵᠢᠭᠡᠯᠡᠨ ᠬᠡᠷᠡᠭᠯᠡᠬᠦ᠂ ᠪᠤᠴᠠᠭᠠᠬᠤ ᠪᠠ | ᠲᠣᠬᠢᠷᠠᠭᠤᠯᠬᠤ ᠵᠡᠷᠭᠡ ᠵᠦᠢᠯᠡᠰ ᠢ ᠳᠤᠭᠳᠠᠭᠠᠯ ᠶᠤᠰᠤᠭᠠᠷ ᠬᠢᠨᠠᠨ ᠬᠠᠷᠭᠤᠭᠤᠯᠤᠨ᠎ᠠ᠃ | ︵ᠬᠤᠶᠠᠷ︶ ᠲᠤᠰ ᠰᠠᠯᠠᠭ᠎ᠠ ᠮᠦᠴᠢᠷ ᠤᠨ ᠬᠠᠷᠢᠶ᠎ᠠ ᠨᠢᠭᠡᠴᠡ ᠶᠢᠨ ᠠᠯᠪᠠᠨ ᠤ ᠡᠳ᠋ ᠤᠨ ᠬᠥᠮᠥᠷᠭᠡ ᠶᠢᠨ ᠬᠥᠷᠥᠩᠭᠡ ᠶᠢ ᠬᠡᠷᠡᠭᠯᠡᠬᠦ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ | ︵ᠭᠤᠷᠪᠠ︶ ᠲᠤᠰ ᠰᠠᠯᠠᠭ᠎ᠠ ᠮᠥᠴᠢᠷ ᠤᠨ ᠬᠠᠷᠢᠶ᠎ᠠ ᠨᠢᠭᠡᠴᠡ ᠪᠠᠨ ᠰᠢᠮᠳᠠᠭᠤᠯᠵᠤ ᠲᠣᠭᠲᠠᠭᠠᠯ ᠶᠣᠰᠣᠭᠠᠷ ᠨᠡᠶᠢᠲᠡ ᠶᠢᠨ ᠡᠳ᠋ ᠬᠥᠷᠥᠩᠭᠡ ᠶᠢ ᠴᠠᠭ | ᠲᠤᠬᠠᠶ ᠳᠤᠨᠢ ᠳᠡᠭᠡᠭᠰᠢ ᠲᠤᠰᠢᠶᠠᠵᠤ᠂ ᠪᠤᠴᠠᠭᠠᠬᠤ ᠬᠡᠷᠡᠭᠲᠡᠶ᠃ | ᠨᠠᠢᠮᠠᠳᠤᠭᠠᠷ ᠵᠦᠢᠯ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ | ᠭᠤᠤᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠬᠠᠮᠢᠶ᠎ᠠ ᠪᠦᠬᠦᠢ ᠲᠣᠭᠲᠠᠭᠠᠯ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ ᠠᠯᠪᠠᠨ ᠤ ᠡᠳ᠋ ᠤᠨ ᠬᠥᠮᠥᠷᠭᠡ ᠶᠢᠨ ᠡᠳ᠋ ᠬᠥᠷᠥᠩᠭᠡ ᠶᠢ | ᠲᠤᠰᠢᠶᠠᠬᠤ᠂ ᠵᠢᠭᠡᠯᠡᠨ ᠬᠡᠷᠡᠭᠯᠡᠬᠦ ᠪᠠ ᠲᠣᠬᠢᠷᠠᠭᠤᠯᠬᠤ ᠭᠤᠶᠤᠴᠢᠯᠠᠯ ᠭᠠᠷᠭᠠᠬᠤ ᠬᠡᠷᠡᠭᠲᠡᠶ᠃ | ︵ᠬᠤᠶᠠᠷ︶ ᠲᠤᠰ ᠨᠢᠭᠡᠴᠡ ᠶᠢᠨ ᠳᠡᠭᠡᠭᠰᠢ ᠲᠤᠰᠢᠶᠠᠬᠤ᠂ ᠵᠢᠭᠡᠯᠡᠨ ᠬᠡᠷᠡᠭᠯᠡᠬᠦ᠂ ᠪᠤᠴᠠᠭᠠᠬᠤ ᠪᠠ ᠲᠣᠬᠢᠷᠠᠭᠤᠯᠬᠤ ᠵᠡᠷᠭᠡ ᠬᠤᠯᠪᠣᠭᠳᠠᠯ ᠪᠦᠬᠦᠢ ᠭᠠᠷᠳᠠᠮ ᠢ | ᠬᠠᠷᠢᠭᠤᠴᠠᠨ ᠭᠦᠢᠴᠡᠳᠭᠡᠨ᠎ᠡ᠃ | ︵ᠭᠤᠷᠪᠠ︶ ᠲᠣᠰ ᠨᠢᠭᠡᠴᠡ ᠶᠢᠨ ᠠᠯᠪᠠᠨ ᠤ ᠡᠳ᠋ ᠤᠨ ᠬᠥᠮᠥᠷᠭᠡ ᠶᠢᠨ ᠡᠳ᠋ ᠬᠥᠷᠥᠩᠭᠡ ᠶᠢ ᠠᠰᠢᠭᠯᠠᠵᠤ ᠪᠠᠶᠢᠭ᠎ᠠ ᠬᠤᠭᠤᠴᠠᠭᠠᠨ ᠳᠠᠬᠢ ᠳᠠᠩᠰᠠ | ᠡᠪᠬᠡᠮᠡᠯ ᠢ ᠳᠠᠩᠰᠠᠯᠠᠬᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠠᠵᠢᠯ ᠢ ᠬᠠᠷᠢᠭᠤᠴᠠᠵᠤ᠂ ᠠᠯᠪᠠᠨ ᠤ ᠡᠳ᠋ ᠤᠨ ᠬᠥᠮᠥᠷᠭᠡ ᠶᠢᠨ ᠡᠳ᠋ ᠬᠥᠷᠥᠩᠭᠡ ᠶᠢ | ᠬᠡᠷᠡᠭᠯᠡᠵᠦ ᠪᠠᠶᠢᠭ᠎ᠠ ᠬᠤᠭᠤᠴᠠᠭᠠᠨ ᠳᠠᠬᠢ ᠠᠮᠤᠷ ᠲᠦᠪᠰᠢᠨ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠲᠦᠷᠪᠡ︶ ᠨᠡᠶᠢᠲᠡ ᠶᠢᠨ ᠡᠳ᠋ ᠬᠥᠷᠥᠩᠭᠡ ᠶᠢ ᠲᠣᠭᠲᠠᠭᠠᠯ ᠶᠣᠰᠣᠭᠠᠷ ᠴᠠᠭ ᠲᠤᠬᠠᠢ ᠳᠤᠨᠢ ᠲᠣᠰᠢᠶᠠᠨ ᠪᠣᠴᠠᠭᠠᠨ᠎ᠠ᠃ | ︵ᠲᠠᠪᠤ︶ ᠲᠤᠰ ᠨᠢᠭᠡᠴᠡ ᠶᠢᠨ ᠪᠠᠶᠢᠭᠤᠯᠤᠭᠰᠠᠨ ᠬᠡᠶᠢᠰᠪᠦᠷᠢ ᠠᠯᠪᠠᠨ ᠤ ᠡᠳ᠋ ᠤᠨ ᠬᠥᠮᠥᠷᠭᠡ ᠶᠢᠨ ᠡᠳᠦᠷ ᠲᠤᠲᠤᠮ ᠤᠨ ᠬᠠᠮᠢᠶᠠᠷᠣᠯᠲᠠ ᠶᠢ | ᠬᠠᠷᠢᠭᠤᠴᠠᠨ᠎ᠠ᠃ | | | | ᠭᠤᠷᠪᠠᠳᠤᠭᠠᠷ ᠪᠦᠯᠦᠭ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢᠨ ᠬᠡᠪᠴᠢᠶ᠎ᠡ ᠵᠢᠴᠢ ᠶᠠᠪᠣᠴᠠ | ᠶᠢᠰᠦᠳᠦᠭᠡᠷ ᠵᠦᠢᠯ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠳᠤ ᠵᠢᠭᠰᠠᠭᠠᠨ ᠣᠷᠣᠭᠤᠯᠤᠭᠰᠠᠨ ᠡᠳ᠋ ᠬᠥᠷᠥᠩᠭᠡ ᠶᠢᠨ ᠬᠡᠪᠴᠢᠶ᠎ᠡ ᠨᠢ | ᠄ | ︵ᠨᠢᠭᠡ︶ ᠲᠦᠷ ᠴᠠᠭ ᠤᠨ ᠪᠠᠶᠢᠭᠤᠯᠤᠮᠵᠢ ᠶᠢᠨ ᠬᠤᠳᠠᠯᠳᠤᠨ ᠠᠪᠤᠭᠰᠠᠨ ᠡᠳ᠋ ᠬᠥᠷᠥᠩᠭᠡ᠃ | ︵ᠬᠤᠶᠠᠷ︶ ᠬᠠᠰᠤᠵᠤ ᠨᠡᠶᠢᠯᠡᠭᠦᠯᠦᠭᠰᠡᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠰᠤᠯᠠ ᠪᠠᠶᠢᠬᠤ ᠡᠳ᠋ ᠬᠦᠷᠦᠩᠭᠡ᠃ | ︵ᠭᠤᠷᠪᠠ︶ ᠵᠠᠰᠠᠭ ᠤᠨ ᠣᠷᠳᠣᠨ ᠤ ᠪᠡᠯᠡ ᠮᠥᠩᠭᠦ ᠶᠢ ᠬᠡᠷᠡᠭᠯᠡᠨ ᠬᠤᠳᠠᠯᠳᠤᠨ ᠠᠪᠤᠭᠰᠠᠨ ᠲᠣᠮᠣ ᠬᠡᠯᠪᠡᠷᠢ ᠶᠢᠨ ᠬᠤᠷᠠᠯ᠂ ᠲᠣᠮᠣ ᠬᠡᠯᠪᠡᠷᠢ ᠶᠢᠨ | ᠬᠥᠳᠡᠯᠭᠡᠭᠡᠨ᠂ ᠳᠡᠯᠭᠡᠨ ᠦᠵᠡᠭᠦᠯᠦᠯᠭᠡ ᠪᠠ ᠰᠣᠶᠣᠯ ᠪᠡᠶ᠎ᠡ ᠶᠢᠨ ᠲᠠᠮᠢᠷ ᠵᠡᠷᠭᠡ ᠬᠥᠳᠡᠯᠭᠡᠭᠡᠨ ᠤ ᠡᠳ᠋ ᠬᠥᠷᠥᠩᠭᠡ᠃ | ︵ᠲᠦᠷᠪᠡ︶ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠤᠷᠲᠤ ᠬᠤᠭᠤᠴᠠᠭ᠎ᠠ ᠪᠠᠷ | ᠬᠡᠷᠡᠭᠯᠡᠭᠰᠡᠨ ᠦᠭᠡᠢ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ᠃ | ︵ᠲᠠᠪᠤ︶ ᠲᠣᠬᠢᠷᠠᠭᠤᠯᠬᠤ ᠪᠠᠷᠢᠮᠵᠢᠶ᠎ᠠ ᠠᠴᠠ ᠭᠡᠳᠦᠷᠡᠭᠰᠡᠨ ᠳᠡᠭᠡᠭᠰᠢ ᠲᠤᠰᠢᠶᠠᠬᠤ ᠡᠳ᠋ ᠬᠥᠷᠥᠩᠭᠡ᠃ | ︵ᠵᠢᠷᠭᠤᠭ᠎ᠠ︶ ᠠᠯᠪᠠᠨ ᠤ ᠡᠳ᠋ ᠤᠨ ᠬᠥᠮᠥᠷᠭᠡ ᠳᠤ ᠲᠤᠰᠢᠶᠠᠪᠠᠰᠤ ᠵᠣᠬᠢᠬᠤ ᠪᠤᠰᠤᠳ ᠡᠳ᠋ ᠬᠥᠷᠥᠩᠭᠡ᠃ | ᠠᠷᠪᠠᠳᠤᠭᠠᠷ ᠵᠦᠢᠯ ᠡᠳ᠋ ᠬᠥᠷᠥᠩᠭᠡ ᠶᠢ ᠳᠡᠭᠡᠭᠰᠢ ᠲᠤᠰᠢᠶᠠᠬᠤ ᠴᠠᠭ ᠬᠤᠭᠤᠴᠠᠭ᠎ᠠ | ︵ᠨᠢᠭᠡ︶ ᠲᠦᠷ ᠴᠠᠭ ᠤᠨ ᠪᠠᠶᠢᠭᠤᠯᠤᠮᠵᠢ ᠶᠢ ᠬᠠᠰᠤᠬᠤ ᠦᠶ᠎ᠡ ᠳᠤ᠂ ᠪᠤᠶ ᠪᠦᠬᠦᠢ ᠡᠳ᠋ ᠬᠥᠷᠥᠩᠭᠡ ︵ᠬᠤᠳᠠᠯᠳᠤᠨ ᠠᠪᠣᠭᠰᠠᠨ᠂ ᠲᠣᠬᠢᠷᠠᠭᠤᠯᠤᠨ | ᠦᠭᠭᠦᠭᠰᠡᠨ᠂ ᠲᠤᠰᠠᠯᠠᠨ ᠬᠦᠷᠭᠡᠭᠰᠡᠨ ᠵᠡᠷᠭᠡ ᠠᠷᠭ᠎ᠠ ᠮᠠᠶ᠋ᠢᠭ ᠢᠶᠠᠷ ᠣᠯᠤᠭᠰᠠᠨ︶ ᠶᠢ ᠪᠠᠶᠢᠭᠤᠯᠤᠮᠵᠢ ᠶᠢ ᠬᠠᠰᠤᠭᠰᠠᠨ ᠤ ᠳᠠᠷᠠᠭᠠᠬᠢ 15 ᠠᠵᠢᠯᠯᠠᠬᠤ ᠡᠳᠦᠷ ᠤᠨ | ᠳᠣᠲᠣᠷ᠎ᠠ᠂ ᠲᠦᠷ ᠴᠠᠭ ᠤᠨ ᠪᠠᠶᠢᠭᠤᠯᠤᠮᠵᠢ ᠪᠤᠶᠤ ᠡᠳ᠋ ᠬᠥᠷᠥᠩᠭᠡ ᠶᠢ ᠬᠡᠷᠡᠭᠯᠡᠬᠦ ᠨᠢᠭᠡᠴᠡ ᠠᠴᠠ ᠢᠯᠭᠠᠷᠠᠭᠤᠯᠤᠨ ᠪᠠᠶᠢᠴᠠᠭᠠᠵᠤ ᠪᠦᠷᠢᠳᠬᠡᠨ᠂ ᠳᠠᠩᠰᠠᠯᠠᠨ | ᠲᠡᠮᠳᠡᠭᠯᠡᠭᠰᠡᠨ ᠤ ᠳᠠᠷᠠᠭ᠎ᠠ ᠠᠯᠪᠠᠨ ᠤ ᠡᠳ᠋ ᠤᠨ ᠬᠥᠮᠥᠷᠭᠡ ᠳᠤ ᠰᠢᠯᠵᠢᠭᠦᠯᠦᠨ ᠲᠣᠰᠢᠶᠠᠨ᠎ᠠ᠃ | ︵ᠬᠤᠶᠠᠷ︶ ᠨᠡᠶᠢᠯᠡᠭᠦᠯᠦᠭᠰᠡᠨ᠂ ᠪᠠᠶᠢᠭᠤᠯᠤᠯ ᠢᠶᠠᠨ ᠦᠭᠡᠷᠡᠴᠢᠯᠡᠭᠰᠡᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠨᠢ ᠡᠳ᠋ ᠭᠦᠷᠦᠩᠭᠡ ᠪᠠᠨ ᠪᠦᠬᠦ | ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠡᠳ᠋ ᠭᠦᠷᠦᠩᠭᠡ ᠪᠠᠨ ᠵᠠᠷᠴᠢᠮ ᠳᠡᠭᠡᠷ᠎ᠡ ᠪᠠᠨ ᠤᠷᠢᠳ ᠢᠶᠠᠷ ᠪᠦᠭᠦᠨ ᠢᠶᠠᠷ ᠨᠢ ᠰᠢᠨ᠎ᠠ ᠪᠠᠷ ᠪᠠᠶᠢᠭᠤᠯᠤᠭᠳᠠᠭᠰᠠᠨ | ᠨᠢᠭᠡᠴᠡ ᠳᠤ ᠰᠢᠯᠵᠢᠬᠦᠯᠦᠨ ᠲᠤᠰᠢᠶᠠᠵᠤ᠂ ᠲᠤᠭᠳᠠᠭᠠᠭᠰᠠᠨ ᠲᠤᠬᠢᠷᠠᠭᠤᠯᠬᠤ ᠪᠠᠷᠢᠮᠵᠢᠶ᠎ᠠ ᠠᠴᠠ ᠲᠠᠪᠠᠭᠰᠠᠨ ᠡᠳ᠋ ᠭᠦᠷᠦᠩᠭᠡ ᠪᠠᠨ ᠪᠠᠶᠢᠭᠤᠯᠤᠮᠵᠢ ᠶᠢ ᠨᠡᠶᠢᠯᠡᠭᠦᠯᠬᠦ ᠪᠠ | ᠪᠠᠶᠢᠭᠤᠯᠤᠯ ᠢᠶᠠᠨ ᠦᠭᠡᠷᠡᠴᠢᠯᠡᠭᠰᠡᠨ ᠤ ᠲᠠᠷᠠᠭᠠᠬᠢ 15 ᠠᠵᠢᠯᠯᠠᠬᠤ ᠡᠳᠦᠷ ᠤᠨ ᠲᠤᠳᠤᠷ᠎ᠠ ᠰᠢᠨ᠎ᠠ ᠪᠠᠷ ᠪᠠᠶᠢᠭᠤᠯᠤᠭᠳᠠᠭᠰᠠᠨ ᠨᠢᠭᠡᠴᠡ ᠠᠴᠠ ᠬᠠᠷᠢᠭᠤᠴᠠᠨ | ᠲᠠᠩᠰᠠᠯᠠᠵᠤ ᠠᠯᠪᠠᠨ ᠤ ᠪᠤᠳᠠᠰ ᠤᠨ ᠬᠦᠮᠦᠷᠭᠡ ᠳᠤ ᠰᠢᠯᠵᠢᠬᠦᠯᠦᠨ ᠲᠣᠰᠢᠶᠠᠨ᠎ᠠ᠃ | ︵ᠭᠤᠷᠪᠠ︶ ᠲᠣᠮᠣ ᠬᠡᠯᠪᠡᠷᠢ ᠶᠢᠨ ᠬᠤᠷᠠᠯ᠂ ᠲᠣᠮᠣ ᠬᠡᠯᠪᠡᠷᠢ ᠶᠢᠨ ᠠᠵᠢᠯᠯᠠᠭ᠎ᠠ᠂ ᠦᠵᠡᠰᠬᠦᠯᠡᠩ ᠪᠠ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠵᠡᠷᠭᠡ | ᠳᠠᠭᠤᠰᠬᠤ ᠦᠶ᠎ᠡ ᠳᠤ᠂ ᠪᠣᠢ ᠪᠦᠬᠦᠢ ᠡᠳ᠋ ᠬᠥᠷᠥᠩᠭᠡ ︵ᠬᠤᠳᠠᠯᠳᠤᠨ ᠠᠪᠣᠭᠰᠠᠨ᠂ ᠲᠣᠬᠢᠷᠠᠭᠤᠯᠤᠨ ᠦᠭᠭᠦᠭᠰᠡᠨ᠂ ᠬᠠᠨᠳᠢᠪᠯᠠᠨ ᠬᠦᠷᠭᠡᠭᠰᠡᠨ ᠵᠡᠷᠭᠡ ᠠᠷᠭ᠎ᠠ | ᠮᠠᠶ᠋ᠢᠭ ᠢᠶᠠᠷ ᠣᠯᠣᠭᠰᠠᠨ︶ ᠶᠢ ᠠᠵᠢᠯᠯᠠᠭ᠎ᠠ ᠳᠠᠭᠤᠰᠤᠭᠰᠠᠨ ᠤ ᠳᠠᠷᠠᠭᠠᠬᠢ 15 ᠠᠵᠢᠯᠯᠠᠬᠤ ᠡᠳᠦᠷ ᠤᠨ ᠳᠣᠲᠣᠷ᠎ᠠ ᠬᠠᠮᠢᠶ᠎ᠠ ᠪᠦᠬᠦᠢ ᠳᠠᠭᠠᠭᠠᠨ ᠭᠦᠢᠴᠡᠳᠭᠡᠬᠦ | ᠰᠠᠯᠠᠭ᠎ᠠ ᠮᠦᠴᠢᠷ ᠪᠤᠶᠤ ᠡᠳ᠋ ᠬᠦᠷᠦᠩᠭᠡ ᠬᠡᠷᠡᠭᠯᠡᠬᠦ ᠨᠢᠭᠡᠴᠡ ᠠᠴᠠ ᠢᠯᠭᠠᠷᠠᠭᠤᠯᠤᠨ ᠪᠠᠶᠢᠴᠠᠭᠠᠵᠤ᠂ ᠳᠠᠩᠰᠠᠯᠠᠨ ᠳᠡᠪᠲᠡᠷᠯᠡᠵᠦ᠂ ᠲᠤᠰ ᠨᠢᠭᠡᠴᠡ ᠶᠢᠨ ᠢᠶᠠᠨ ᠡᠳ᠋ | ᠬᠦᠷᠦᠩᠭᠡ ᠶᠢᠨ ᠰᠢᠰᠲ᠋ᠧᠮ ᠳᠤ ᠲᠡᠮᠳᠡᠭᠯᠡᠭᠰᠡᠨ ᠤ ᠳᠠᠷᠠᠭ᠎ᠠ ᠨᠡᠶᠢᠲᠡ ᠶᠢᠨ ᠡᠳ᠋ ᠬᠦᠷᠦᠩᠭᠡ ᠶᠢᠨ ᠬᠦᠮᠦᠷᠭᠡ ᠳᠤ ᠰᠢᠯᠵᠢᠭᠦᠯᠦᠨ ᠲᠣᠰᠢᠶᠠᠨ᠎ᠠ᠃ | ︵ᠲᠦᠷᠪᠡ︶ ᠤᠷᠲᠤ ᠬᠤᠭᠤᠴᠠᠭ᠎ᠠ ᠪᠠᠷ ᠬᠡᠷᠡᠭᠯᠡᠭᠰᠡᠨ ᠦᠭᠡᠢ᠂ ᠰᠤᠯᠠ ᠲᠠᠯᠪᠢᠵᠤ ᠪᠠᠶᠢᠭ᠎ᠠ ᠡᠳ᠋ ᠬᠥᠷᠥᠩᠭᠡ ᠶᠢ ᠡᠯ᠎ᠡ ᠱᠠᠲᠤᠨ ᠤ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭᠠᠬᠢ 15 ᠠᠵᠢᠯᠯᠠᠬᠤ ᠡᠳᠦᠷ ᠤᠨ ᠳᠣᠲᠣᠷ᠎ᠠ ᠠᠯᠪᠠᠨ ᠤ ᠡᠳ᠋ ᠤᠨ | ᠬᠥᠮᠥᠷᠭᠡ ᠳᠤ ᠰᠢᠯᠵᠢᠭᠦᠯᠦᠨ ᠲᠤᠰᠢᠶᠠᠨ᠎ᠠ᠃ | ︵ᠲᠠᠪᠤ︶ ᠪᠠᠷᠢᠮᠵᠢᠶ᠎ᠠ ᠠᠴᠠ ᠬᠡᠲᠦᠷᠡᠭᠦᠯᠦᠨ ᠲᠣᠬᠢᠷᠠᠭᠤᠯᠤᠭᠰᠠᠨ ᠡᠳ᠋ ᠬᠥᠷᠥᠩᠭᠡ ᠶᠢ ᠪᠠᠶᠢᠭᠤᠯᠣᠯᠭ᠎ᠠ | ᠠᠴᠠ ᠭᠤᠶᠤᠴᠢᠯᠠᠯ ᠭᠠᠷᠭᠠᠵᠤ᠂ ᠡᠯ᠎ᠡ ᠱᠠᠲᠤᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ | 15 ᠠᠵᠢᠯᠯᠠᠬᠤ ᠡᠳᠦᠷ ᠤᠨ ᠳᠣᠲᠣᠷ᠎ᠠ ᠠᠯᠪᠠᠨ ᠤ ᠡᠳ᠋ ᠤᠨ ᠬᠥᠮᠥᠷᠭᠡ ᠳᠤ ᠰᠢᠯᠵᠢᠭᠦᠯᠦᠨ ᠲᠤᠰᠢᠶᠠᠨ᠎ᠠ᠃ | ︵ᠵᠢᠷᠭᠤᠭ᠎ᠠ︶ ᠪᠤᠰᠤᠳ ᠡᠳ᠋ ᠬᠦᠷᠦᠩᠭᠡ ᠶᠢ ᠲᠤᠭᠳᠠᠭᠰᠠᠨ ᠶᠠᠪᠣᠴᠠ ᠪᠠᠷ ᠬᠢᠨᠠᠨ ᠵᠦᠪᠰᠢᠶᠡᠷᠡᠭᠰᠡᠨ ᠤ ᠳᠠᠷᠠᠭ᠎ᠠ᠂ 15 ᠠᠵᠢᠯᠯᠠᠬᠤ ᠡᠳᠦᠷ ᠤᠨ | ᠲᠤᠳᠤᠷ᠎ᠠ ᠠᠯᠪᠠᠨ ᠤ ᠡᠳ᠋ ᠤᠨ ᠬᠦᠮᠦᠷᠭᠡ ᠳᠤ ᠰᠢᠯᠵᠢᠭᠦᠯᠦᠨ ᠲᠤᠰᠢᠶᠠᠨ᠎ᠠ᠃ | ︵ᠳᠤᠯᠤᠭ᠎ᠠ︶ ᠬᠡᠶᠢᠰᠪᠦᠷᠢ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠳᠤ ᠣᠷᠣᠭᠤᠯᠬᠤ ᠪᠠᠷ ᠭᠤᠶᠤᠴᠢᠯᠠᠭᠰᠠᠨ ᠡᠳ᠋ ᠬᠥᠷᠥᠩᠭᠡ ᠶᠢ ᠡᠯ᠎ᠡ | ᠱᠠᠲᠤᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ 15 ᠠᠵᠢᠯᠯᠠᠬᠤ ᠡᠳᠦᠷ ᠤᠨ ᠳᠣᠲᠣᠷ᠎ᠠ | ᠬᠥᠮᠥᠷᠭᠡ ᠳᠤ ᠣᠷᠣᠭᠤᠯᠬᠤ ᠭᠠᠷᠳᠠᠮ ᠭᠦᠢᠴᠡᠳᠭᠡᠨ᠎ᠡ᠃ | ᠠᠷᠪᠠᠨ ᠨᠢᠭᠡᠳᠦᠭᠡᠷ ᠵᠦᠢᠯ ᠡᠳ᠋ ᠬᠥᠷᠥᠩᠭᠡ ᠶᠢ ᠳᠡᠭᠡᠭᠰᠢ ᠲᠤᠰᠢᠶᠠᠬᠤ ᠶᠠᠪᠤᠴᠠ | ︵ᠨᠢᠭᠡ︶ ᠳᠡᠭᠡᠭᠰᠢ ᠮᠡᠳᠡᠭᠦᠯᠬᠦ᠃ ᠳᠡᠭᠡᠭᠰᠢ ᠲᠤᠰᠢᠶᠠᠯᠭᠠᠬᠤ ᠪᠠᠷ ᠪᠠᠶᠢᠭ᠎ᠠ ᠡᠳ᠋ ᠬᠥᠷᠥᠩᠭᠡ ᠲᠠᠢ ᠪᠠᠶᠢᠭᠤᠯᠣᠯᠭ᠎ᠠ ᠠᠴᠠ ᠭᠤᠶᠤᠴᠢᠯᠠᠯ ᠳᠤᠷᠠᠳᠬᠤ ᠶᠢᠨ | ᠬᠠᠮᠲᠤ ᠡᠳ᠋ ᠬᠥᠷᠥᠩᠭᠡ ᠶᠢᠨ ᠥᠷᠲᠡᠭ ᠤᠨ ᠭᠡᠷᠡᠴᠢ ᠪᠠᠷᠢᠮᠲᠠ᠂ ᠪᠠᠷᠠᠭ᠎ᠠ ᠬᠤᠳᠠᠯᠳᠤᠨ ᠠᠪᠣᠭᠰᠠᠨ ᠬᠠᠭᠤᠳᠠᠰᠤ ᠪᠠᠷᠢᠮᠲᠠ ᠵᠡᠷᠭᠡ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ᠂ ᠭᠡᠷᠡᠴᠢ ᠦᠨᠡᠮᠯᠡᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠩᠬ᠎ᠠ ᠬᠢᠨᠠᠭᠰᠠᠨ ᠤ ᠳᠠᠷᠠᠭ᠎ᠠ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠤ ᠲᠤᠰᠢᠶᠠᠵᠤ ᠬᠢᠨᠠᠨ ᠬᠠᠷᠭᠤᠭᠤᠯᠤᠭᠤᠯᠤᠨ᠎ᠠ᠃ | ︵ᠬᠤᠶᠠᠷ︶ ᠬᠢᠨᠠᠨ ᠵᠥᠪᠰᠢᠶᠡᠷᠡᠬᠦ᠃ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠠᠶᠢᠭᠤᠯᠣᠯᠭ᠎ᠠ ᠶᠢᠨ ᠭᠤᠶᠤᠴᠢᠯᠠᠯ ᠢ | ᠦᠨᠳᠦᠰᠦᠯᠡᠨ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠮᠡᠳᠡᠭᠡ ᠵᠠᠩᠭᠢ ᠶᠢ ᠳᠡᠭᠡᠭᠰᠢ ᠲᠤᠰᠢᠶᠠᠭᠰᠠᠨ ᠤ ᠳᠠᠷᠠᠭ᠎ᠠ᠂ ᠭᠤᠶᠤᠴᠢᠯᠠᠯ ᠳᠤ ᠴᠣᠬᠤᠯᠠᠪᠤᠷᠢ | ᠪᠠᠭᠤᠯᠭᠠᠭᠰᠠᠨ ᠰᠠᠨᠠᠯ ᠪᠠᠭᠤᠯᠭᠠᠨ᠎ᠠ᠃ | ︵ᠭᠤᠷᠪᠠ︶ ᠳᠡᠭᠡᠭᠰᠢ ᠲᠣᠰᠢᠶᠠᠬᠤ᠃ ᠪᠠᠶᠢᠭᠤᠯᠣᠯᠭ᠎ᠠ ᠨᠢ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠣᠬᠤᠯᠠᠪᠣᠷᠢᠯᠠᠭᠰᠠᠨ | ᠪᠢᠴᠢᠭ ᠮᠠᠲ᠋ᠧᠷᠢᠶᠠᠯ ᠢ ᠣᠯᠤᠭᠰᠠᠨ ᠤ ᠳᠠᠷᠠᠭ᠎ᠠ᠂ ᠡᠳ᠋ ᠬᠥᠷᠥᠩᠭᠡ ᠶᠢ ᠬᠡᠶᠢᠰᠪᠦᠷᠢ ᠨᠡᠶᠢᠲᠡ ᠶᠢᠨ ᠡᠳ᠋ ᠤᠨ ᠬᠥᠮᠥᠷᠭᠡ ᠶᠢᠨ ᠥᠷᠲᠡᠭᠡ ᠳᠤ ᠰᠢᠯᠵᠢᠭᠦᠯᠦᠨ | ᠣᠷᠣᠭᠤᠯᠤᠨ᠎ᠠ᠃ | | | | | ᠳᠥᠷᠪᠡᠳᠦᠭᠡᠷ ᠪᠦᠯᠦᠭ ᠨᠡᠶᠢᠲᠡ ᠶᠢᠨ ᠡᠳ᠋ ᠤᠨ ᠬᠥᠮᠥᠷᠭᠡ ᠶᠢᠨ ᠡᠳ᠋ ᠬᠥᠷᠥᠩᠭᠡ ᠶᠢ ᠬᠡᠷᠡᠭᠯᠡᠬᠦ ᠪᠠ ᠰᠢᠢᠳᠪᠦᠷᠢᠯᠡᠬᠦ | ᠠᠷᠪᠠᠨ ᠬᠤᠶᠠᠳᠤᠭᠠᠷ ᠵᠦᠢᠯ ᠨᠡᠶᠢᠲᠡ ᠶᠢᠨ ᠡᠳ᠋ ᠤᠨ ᠬᠥᠮᠥᠷᠭᠡ ᠶᠢᠨ ᠡᠳ᠋ ᠬᠥᠷᠥᠩᠭᠡ ᠶᠢ ᠬᠡᠷᠡᠭᠯᠡᠬᠦ ᠨᠢ ᠰᠢᠯᠵᠢᠭᠦᠯᠦᠨ ᠭᠠᠷᠭᠠᠬᠤ᠂ ᠵᠢᠭᠡᠯᠡᠵᠦ | ᠬᠡᠷᠡᠭᠯᠡᠬᠦ ᠪᠠ ᠰᠣᠯᠢᠬᠤ ᠪᠠᠭᠲᠠᠨ᠎ᠠ᠃ | ︵ᠨᠢᠭᠡ︶ ᠰᠢᠯᠵᠢᠭᠦᠯᠦᠨ ᠭᠠᠷᠭᠠᠬᠤ᠄ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠨᠢ ᠲᠣᠰ ᠵᠢᠯ ᠤᠨ ᠨᠡᠮᠡᠯᠲᠡ ᠵᠠᠷᠤᠳᠠᠯ ᠢᠶᠠᠷ ᠡᠳ᠋ ᠬᠥᠷᠥᠩᠭᠡ | ᠬᠤᠳᠠᠯᠳᠤᠨ ᠠᠪᠬᠤ ᠪᠠᠷ ᠭᠤᠶᠤᠴᠢᠯᠠᠭᠰᠠᠨ ᠪᠠᠶᠢᠪᠠᠯ᠂ ᠪᠠᠶᠢᠭᠤᠯᠣᠯᠭ᠎ᠠ ᠠᠴᠠ ᠡᠳ᠋ ᠬᠥᠷᠥᠩᠭᠡ ᠬᠤᠳᠠᠯᠳᠤᠨ ᠠᠪᠬᠤ ᠭᠤᠶᠤᠴᠢᠯᠠᠯ ᠭᠠᠷᠭᠠᠵᠤ᠂ ᠰᠠᠯᠠᠭ᠎ᠠ | ᠮᠥᠴᠢᠷ ᠤᠨ ᠲᠥᠰᠥᠪ ᠤᠨ ᠠᠵᠢᠯ ᠲᠥᠷᠥᠯ ᠤᠨ ᠳᠤᠭᠤᠶᠢᠯᠠᠩ ᠨᠢ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠤᠭᠤᠶᠢᠯᠠᠩ ᠲᠠᠢ ᠬᠠᠮᠲᠤᠷᠠᠨ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠠᠯᠪᠠᠨ ᠤ ᠡᠳ᠋ ᠬᠥᠷᠥᠩᠭᠡ ᠶᠢᠨ ᠬᠥᠮᠥᠷᠭᠡ ᠠᠴᠠ ᠤᠷᠢᠳᠠᠪᠠᠷ ᠲᠣᠬᠢᠷᠠᠭᠤᠯᠵᠤ᠂ ᠡᠳ᠋ ᠬᠥᠷᠥᠩᠭᠡ ᠶᠢ ᠰᠢᠯᠵᠢᠭᠦᠯᠦᠨ | ᠣᠷᠣᠭᠤᠯᠬᠤ ᠶᠢ ᠭᠤᠶᠤᠴᠢᠯᠠᠭᠰᠠᠨ ᠨᠢᠭᠡᠴᠡ ᠠᠴᠠ ᠬᠠᠷᠢᠭᠤᠴᠠᠨ ᠳᠠᠩᠰᠠᠯᠠᠵᠤ᠂ ᠬᠠᠮᠢᠶᠠᠷᠤᠨ ᠬᠡᠷᠡᠭᠯᠡᠨ᠎ᠡ᠃ | ︵ᠬᠤᠶᠠᠷ︶ ᠵᠢᠭᠡᠯᠡᠵᠦ ᠬᠡᠷᠡᠭᠯᠡᠬᠦ᠄ ᠤᠷᠳᠤᠰ ᠬᠤᠳᠠ ᠶᠢᠨ ᠬᠢᠶ᠎ᠠ ᠪᠠᠭᠰᠢ ᠶᠢᠨ ᠲᠤᠰ ᠱᠠᠳᠤᠨ ᠤ ᠵᠠᠰᠠᠭ ᠤᠨ ᠤᠷᠳᠤᠨ ᠲᠦᠷ ᠴᠠᠭ ᠤᠨ ᠪᠠᠶᠢᠭᠤᠯᠤᠮᠵᠢ | ᠪᠠᠶᠢᠭᠤᠯᠬᠤ ᠳᠤ ᠭᠡᠷᠡᠭᠰᠡᠬᠦ ᠡᠳ᠋ ᠭᠦᠷᠦᠩᠭᠡ ᠪᠠ ᠡᠳ᠋ ᠤᠨ ᠵᠠᠰᠠᠭ ᠠᠴᠠ ᠡᠬᠦᠷᠭᠡᠯᠡᠭᠰᠡᠨ ᠵᠠᠷᠤᠳᠠᠯ ᠢᠶᠠᠷ ᠡᠷᠬᠢᠯᠡᠭᠰᠡᠨ ᠲᠤᠮᠤ ᠬᠡᠯᠪᠡᠷᠢ ᠶᠢᠨ ᠬᠤᠷᠠᠯ᠂ ᠦᠵᠡᠬᠦᠯᠦᠯᠬᠡ᠂ | ᠶᠤᠰᠤᠯᠠᠯ᠂ ᠨᠡᠶᠢᠳᠡᠮ ᠪᠠᠶᠢᠴᠠᠭᠠᠯᠳᠠ ᠬᠢᠬᠦ ᠵᠡᠷᠬᠡ ᠠᠵᠢᠯᠯᠠᠭ᠎ᠠ ᠨᠢ ᠡᠳ᠋ ᠭᠦᠷᠦᠩᠬᠡ ᠬᠤᠳᠠᠯᠳᠤᠨ ᠠᠪᠬᠤ ᠪᠣᠯ᠂ ᠤᠷᠢᠳᠠᠪᠡᠷ ᠠᠯᠪᠠᠨ ᠤ ᠡᠳ᠋ ᠤᠨ ᠬᠥᠮᠥᠷᠭᠡ ᠠᠴᠠ | ᠲᠤᠬᠢᠷᠠᠭᠤᠯᠵᠦ᠂ ᠬᠡᠷᠡᠭᠯᠡᠵᠦ ᠪᠠᠷᠠᠭᠰᠠᠨ ᠳᠠᠷᠠᠭ᠎ᠠ ᠬᠤᠭᠤᠴᠠᠭ᠎ᠠ ᠶᠤᠰᠤᠭᠠᠷ ᠪᠤᠴᠠᠭᠠᠨ᠎ᠠ᠃ ᠠᠯᠪᠠᠨ ᠤ ᠡᠳ᠋ ᠤᠨ ᠬᠥᠮᠥᠷᠭᠡ ᠨᠢ ᠲᠤᠳᠠᠮᠠᠭ ᠪᠠᠶᠢᠪᠠᠯ᠂ | ᠪᠠᠶᠢᠭᠤᠯᠣᠯᠭ᠎ᠠ ᠠᠴᠠ ᠬᠤᠳᠠᠯᠳᠤᠨ ᠠᠪᠴᠤ᠂ ᠬᠡᠷᠡᠭᠯᠡᠵᠦ ᠪᠠᠷᠠᠭᠰᠠᠨ ᠳᠠᠷᠠᠭ᠎ᠠ ᠠᠯᠪᠠᠨ ᠤ ᠡᠳ᠋ ᠤᠨ ᠬᠥᠮᠥᠷᠭᠡ ᠳᠤ ᠲᠤᠰᠢᠶᠠᠨ᠎ᠠ᠃ | ︵ᠭᠤᠷᠪᠠ︶ ᠰᠣᠯᠢᠬᠤ᠄ ᠰᠠᠯᠠᠭ᠎ᠠ ᠮᠦᠴᠢᠷ ᠠᠯᠥᠰᠯᠬᠠᠰᠠᠨ᠂ ᠳᠡᠰ ᠠᠯᠥᠰᠯᠬᠠᠰᠠᠨ ᠡᠳ᠋ ᠬᠦᠷᠥᠩᠭᠡ ᠶᠢ ᠲᠣᠬᠢᠷᠡᠭᠤᠯᠬᠤ ᠪᠠ ᠬᠠᠮᠳᠣᠪᠡᠷ ᠬᠦᠷᠲᠡᠵᠦ | ᠬᠠᠮᠳᠣᠪᠡᠷ ᠭᠡᠷᠡᠭᠯᠡᠬᠦ ᠶᠢ ᠵᠣᠷᠢᠠᠠᠵᠢᠭᠤᠯᠥᠨ᠎ᠠ᠃ | ᠠᠷᠪᠠᠨ ᠭᠤᠷᠪᠠᠳᠤᠭᠠᠷ ᠵᠦᠢᠯ ᠠᠯᠪᠠᠨ ᠤ ᠡᠳ᠋ ᠤᠨ ᠬᠥᠮᠥᠷᠭᠡ ᠶᠢᠨ ᠡᠳ᠋ ᠬᠥᠷᠥᠩᠭᠡ ᠶᠢ ᠬᠡᠷᠡᠭᠯᠡᠬᠦ ᠪᠠ ᠰᠢᠢᠳᠪᠦᠷᠢᠯᠡᠬᠦ ᠳᠡᠰ ᠳᠠᠷᠠᠭᠠᠯᠠᠯ | ︵ᠨᠢᠭᠡ︶ ᠰᠢᠯᠵᠢᠭᠦᠯᠦᠨ ᠭᠠᠷᠭᠠᠬᠤ᠄ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠡᠳ᠋ ᠬᠥᠷᠥᠩᠭᠡ ᠬᠤᠳᠠᠯᠳᠤᠨ ᠠᠪᠬᠤ ᠪᠠᠷ ᠭᠤᠶᠤᠴᠢᠯᠠᠪᠠᠯ᠂ | ᠲᠤᠰ ᠱᠠᠲᠤᠨ ᠤ ᠠᠯᠪᠠᠨ ᠪᠣᠳᠠᠰ ᠤᠨ ᠬᠥᠮᠥᠷᠭᠡ ᠠᠴᠠ ᠤᠷᠢᠳᠠᠪᠠᠷ ᠰᠣᠩᠭᠤᠬᠤ ᠬᠡᠷᠡᠭᠲᠡᠶ᠃ ᠪᠠᠶᠢᠭᠤᠯᠣᠯᠭ᠎ᠠ ᠨᠢ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠤ ᠭᠤᠶᠤᠴᠢᠯᠠᠯ ᠢᠶᠠᠨ ᠳᠤᠷᠠᠳᠴᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠥᠪᠰᠢᠶᠡᠷᠡᠭᠰᠡᠨ ᠤ ᠳᠠᠷᠠᠭ᠎ᠠ᠂ ᠬᠡᠷᠡᠭᠯᠡᠬᠦ | ᠨᠢᠭᠡᠴᠡ ᠳᠤ ᠰᠢᠯᠵᠢᠭᠦᠯᠦᠨ ᠥᠭᠬᠦ ᠬᠡᠷᠡᠭᠲᠡᠶ᠃ ᠡᠳ᠋ ᠬᠥᠷᠥᠩᠭᠡ ᠬᠦᠯᠢᠶᠡᠨ ᠠᠪᠬᠤ ᠨᠢᠭᠡᠴᠡ ᠰᠢᠯᠵᠢᠭᠦᠯᠦᠨ ᠠᠪᠴᠦ ᠢᠷᠡᠭᠰᠡᠨ ᠡᠳ᠋ ᠬᠥᠷᠥᠩᠭᠡ ᠶᠢ ᠴᠠᠭ | ᠲᠤᠬᠠᠶ ᠳᠤᠨᠢ ᠳᠠᠩᠰᠠᠯᠠᠨ᠂ ᠲᠣᠰ ᠪᠠᠶᠢᠭᠤᠯᠣᠯᠭ᠎ᠠ ᠶᠢᠨ ᠡᠳ᠋ ᠬᠥᠷᠥᠩᠭᠡ ᠶᠢᠨ ᠡᠳᠦᠷ ᠲᠤᠲᠤᠮ ᠤᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃ | ︵ᠬᠤᠶᠠᠷ︶ ᠵᠢᠭᠡᠯᠡᠵᠦ ᠬᠡᠷᠡᠭᠯᠡᠬᠦ᠄ ᠲᠤᠭᠤᠷᠢᠭ ᠤᠨ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠨᠢ ᠠᠯᠪᠠᠨ ᠤ ᠡᠳ᠋ ᠬᠥᠷᠥᠩᠭᠡ | ᠶᠢ ᠲᠦᠷ ᠴᠠᠭ ᠵᠢᠭᠡᠯᠡᠨ ᠬᠡᠷᠡᠭᠯᠡᠪᠡᠯ᠂ ︽ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠨ ᠵᠢᠭᠡᠯᠡᠭᠦᠯᠬᠦ ᠬᠠᠮᠢᠶᠠᠷᠤᠯᠲᠠ ᠶᠢᠨ ᠠᠷᠭ᠎ᠠ︾ ᠶᠣᠰᠣᠭᠠᠷ ᠬᠡᠷᠡᠭᠵᠢᠭᠦᠯᠦᠨ᠎ᠡ᠃ | ︵ᠭᠤᠷᠪᠠ︶ ᠰᠢᠢᠳᠪᠦᠷᠢᠯᠡᠬᠦ᠄ ᠲᠤᠭᠤᠷᠢᠭ ᠤᠨ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠰᠢᠢᠳᠪᠦᠷᠢᠯᠡᠬᠦ ᠴᠢᠬᠤᠯᠠᠲᠠᠶ | ᠬᠥᠮᠥᠷᠭᠡᠯᠡᠨ ᠬᠠᠳᠠᠭᠠᠯᠠᠬᠤ ᠡᠳ᠋ ᠬᠥᠷᠥᠩᠭᠡ ᠶᠢ ︽ᠣᠷᠳᠣᠰ ᠬᠤᠲᠠ ᠶᠢᠨ ᠬᠢᠶ᠎ᠠ ᠪᠠᠭᠰᠢ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ︾ ᠳᠤ ᠲᠣᠭᠲᠠᠭᠠᠭᠰᠠᠨ ᠲᠠᠰ ᠳᠠᠷᠠᠭᠠᠯᠠᠯ ᠢᠶᠠᠷ | ᠬᠡᠷᠡᠭᠵᠢᠭᠦᠯᠦᠨ᠎ᠡ᠃ | ᠠᠷᠪᠠᠨ ᠳᠥᠷᠪᠡᠳᠦᠭᠡᠷ ᠵᠦᠢᠯ ᠠᠯᠪᠠᠨ ᠤ ᠡᠳ᠋ ᠤᠨ ᠬᠥᠮᠥᠷᠭᠡ ᠶᠢᠨ ᠡᠳ᠋ ᠬᠥᠷᠥᠩᠭᠡ ᠶᠢ ᠰᠢᠢᠳᠪᠦᠷᠢᠯᠡᠭᠰᠡᠨ ᠣᠷᠣᠯᠭ᠎ᠠ ᠶᠢ ︽ᠣᠷᠣᠯᠭ᠎ᠠ | ᠵᠠᠷᠤᠯᠭ᠎ᠠ ᠶᠢ ᠠᠰ ᠠᠰ ᠲᠤᠨᠢ ᠪᠠᠶᠢᠯᠭᠠᠬᠤ︾ ᠲᠣᠭᠲᠠᠭᠠᠯ ᠶᠣᠰᠣᠭᠠᠷ᠂ ᠲᠤᠰ ᠱᠠᠲᠤᠨ ᠤ ᠤᠯᠤᠰ ᠤᠨ ᠬᠥᠮᠥᠷᠭᠡ ᠳᠤ ᠪᠦᠬᠦ ᠲᠤᠭ᠎ᠠ ᠪᠠᠷ ᠨᠢ ᠲᠤᠰᠢᠶᠠᠬᠤ ᠬᠡᠷᠡᠭᠲᠡᠶ᠃ | ᠠᠯᠪᠠᠨ ᠤ ᠡᠳ᠋ ᠤᠨ ᠬᠥᠮᠥᠷᠭᠡ ᠶᠢᠨ ᠠᠵᠢᠯᠯᠠᠭᠠᠨ ᠤ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠠᠴᠠ ᠪᠠᠲᠤᠯᠠᠬᠤ ᠬᠡᠷᠡᠭᠲᠡᠶ᠃ | | | | ᠲᠠᠪᠤᠳᠤᠭᠠᠷ ᠪᠦᠯᠦᠭ ᠬᠢᠨᠠᠯᠲᠠ ᠪᠠᠶᠢᠴᠠᠭᠠᠯᠲᠠ | ᠠᠷᠪᠠᠨ ᠲᠠᠪᠤᠳᠤᠭᠠᠷ ᠵᠦᠢᠯ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠲᠣᠰ ᠱᠠᠲᠤᠨ ᠤ ᠵᠠᠰᠠᠭ ᠤᠨ ᠣᠷᠳᠣᠨ ᠤ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠯᠪᠠᠨ ᠤ ᠡᠳ᠋ ᠤᠨ ᠬᠥᠮᠥᠷᠭᠡ ᠶᠢᠨ ᠠᠵᠢᠯᠯᠠᠭᠠᠨ ᠤ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠯᠲᠠ | ᠬᠢᠬᠦ ᠶᠢᠨ ᠬᠠᠮᠲᠤ ᠲᠣᠰ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠢᠨᠠᠨ ᠪᠤᠳᠤᠬᠤ ᠰᠠᠯᠠᠭ᠎ᠠ ᠮᠥᠴᠢᠷ ᠲᠠᠢ ᠬᠠᠮᠲᠤᠷᠠᠨ | ᠠᠯᠪᠠᠨ ᠤ ᠡᠳ᠋ ᠤᠨ ᠬᠥᠮᠥᠷᠭᠡ ᠶᠢᠨ ᠠᠵᠢᠯᠯᠠᠭᠠᠨ ᠤ ᠪᠠᠶᠢᠳᠠᠯ ᠳᠤ ᠠᠮᠵᠢᠯᠲᠠ ᠪᠦᠲᠦᠮᠵᠢ ᠶᠢᠨ ᠦᠨᠡᠯᠡᠯᠲᠡ ᠬᠢᠨ᠎ᠡ᠃ | ᠠᠷᠪᠠᠨ ᠵᠢᠷᠭᠤᠳᠤᠭᠠᠷ ᠵᠦᠢᠯ ᠲᠤᠰ ᠲᠣᠭᠲᠠᠭᠠᠯ ᠠᠴᠠ ᠵᠥᠷᠢᠴᠡᠭᠰᠡᠨ ᠪᠣᠯ᠂ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠰᠢᠳᠬᠡᠨ ᠲᠣᠷᠭᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 427 ᠳ᠋ᠤᠭᠠᠷ ᠲᠣᠭᠠᠲᠤ︶᠂ ︽ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ | 738 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | | | | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | ᠠᠷᠪᠠᠨ ᠳᠣᠯᠣᠳᠤᠭᠠᠷ ᠵᠦᠢᠯ ᠲᠤᠭᠤᠷᠢᠭ ᠤᠨ ᠲᠤᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠲᠤᠰ ᠠᠷᠭ᠎ᠠ ᠪᠠᠷ ᠯᠠᠪᠯᠠᠯᠲᠠ | ᠪᠣᠯᠭᠠᠨ ᠬᠡᠷᠡᠭᠵᠢᠭᠦᠯᠵᠦ ᠪᠣᠯᠤᠨ᠎ᠠ᠃ | ᠠᠷᠪᠠᠨ ᠨᠠᠢᠮᠠᠳᠤᠭᠠᠷ ᠵᠦᠢᠯ ᠲᠣᠰ ᠠᠷᠭ᠎ᠠ ᠶᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ | ᠬᠠᠷᠢᠭᠤᠴᠠᠨ ᠲᠠᠶᠢᠯᠪᠤᠷᠢᠯᠠᠨ᠎ᠠ᠃ | ᠠᠷᠪᠠ ᠶᠢᠰᠦᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | | | | | | | | | |