ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/4/19
                                              ᠣᠷᠳᠣᠰ ᠬᠢᠶ᠎ᠠ ᠵᠠᠰᠠᠭ ᠲᠠᠷᠬᠠᠭᠠᠭᠰᠠᠨ〔2024〕33 ᠳ᠋ᠣᠭᠠᠷ ᠲᠣᠭᠠᠲᠣᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄          ︽ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠪᠠᠲᠤᠯᠠᠪᠠ᠂ ᠡᠳᠦᠭᠡ ᠨᠡᠶᠢᠲᠡᠯᠡᠶ᠎ᠡ᠃                                    ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                                         2024 ᠣᠨ ᠤ 3 ᠰᠠᠷ᠎ᠠ ᠶᠢᠨ 22 ᠤᠨ ᠡᠳᠦᠷ                       ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ                      ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ      ᠨᠢᠭᠡᠳᠦᠭᠡᠷ ᠪᠦᠯᠦᠭ       ᠶᠡᠷᠦᠩᠬᠡᠢ ᠳᠦᠷᠢᠮ      ᠨᠢᠭᠡᠳᠦᠭᠡᠷ ᠵᠦᠢᠯ        ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠷᠲᠤ ᠬᠤᠭᠤᠴᠠᠭ᠎ᠠ ᠠᠷᠪᠢᠯᠠᠨ ᠭᠠᠮᠨᠠᠬᠤ ᠶᠢ ᠪᠠᠷᠢᠮᠲᠠᠯᠠᠬᠤ ᠱᠠᠭᠠᠷᠳᠠᠯᠭ᠎ᠠ ᠶᠣᠰᠣᠭᠠᠷ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ  ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠤᠯᠤᠰ ᠤᠨ ᠥᠮᠴᠢᠯᠡᠯ ᠤᠨ ᠡᠳ᠋ ᠬᠥᠷᠥᠩᠭᠡ  ᠶᠢ ᠬᠠᠮᠲᠤ  ᠪᠠᠷ ᠡᠳ᠋ᠯᠡᠬᠦ᠂ ᠬᠠᠮᠲᠤ ᠲᠣᠬᠢᠷᠠᠭᠤᠯᠤᠯᠲᠠ ᠨᠢ ᠵᠣᠬᠢᠰᠲᠠᠢ᠂ ᠰᠢᠢᠳᠪᠦᠷᠢᠯᠡᠯᠲᠡ ᠨᠢ ᠵᠢᠷᠤᠮᠵᠢᠭᠰᠠᠨ᠂ ᠬᠢᠨᠠᠯᠲᠠ ᠲᠠᠯᠪᠢᠯᠲᠠ ᠨᠢ ᠪᠣᠳᠠᠲᠠᠶᠢᠵᠢᠭᠰᠠᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠵᠢᠯᠯᠠᠭᠠᠨ ᠤ ᠲᠣᠭᠲᠠᠴᠠ  ᠶᠢ ᠪᠠᠶᠢᠭᠤᠯᠵᠤ᠂ ᠰᠤᠯᠠ ᠪᠠᠶᠢᠭ᠎ᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠪᠦᠲᠦᠮᠵᠢᠲᠡᠶ ᠠᠮᠢᠳᠤᠯᠢᠭ ᠪᠣᠯᠭᠠᠵᠤ᠂ ︽ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ︵ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ ᠢᠶᠠᠷ 738 ᠳ᠋ᠤᠭᠠᠷ ᠲᠣᠭᠠᠲᠤ︶ ︽ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ  ᠶᠢ ᠴᠢᠩᠭᠠᠳᠬᠠᠬᠤ ᠲᠤᠬᠠᠢ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠬᠥᠷᠥᠩᠭᠡ ﹇2020﹈ 97 ᠳ᠋ᠤᠭᠠᠷ ᠲᠣᠭᠠᠲᠤ ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠶᠢᠨ ᠵᠠᠷᠯᠢᠭ 181 ᠳ᠋ᠦ᠋ᠭᠡᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠠᠯᠪᠠᠨ ᠤ ᠡᠳ᠋ ᠪᠠᠷᠠᠭ᠎ᠠ ᠶᠢᠨ ᠬᠥᠮᠥᠷᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠳᠣᠲᠣᠭᠠᠳᠤ ᠡᠳ᠋ ᠬᠥᠷᠥᠩᠭᠡ ᠲᠣᠭᠲᠠᠭᠠᠯ ﹇2018﹈ 3 ᠳ᠋ᠤᠭᠠᠷ ᠲᠣᠭᠠᠲᠤ︶ ︽ᠣᠷᠳᠣᠰ ᠬᠤᠲᠠ ᠶᠢᠨ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠣᠷᠳᠣᠰ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠣᠷᠣᠨ ᠤ ᠲᠣᠰ ᠱᠠᠲᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃          ᠬᠤᠶᠠᠳᠤᠭᠠᠷ ᠵᠦᠢᠯ         ᠲᠤᠰ ᠠᠷᠭ᠎ᠠ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠲᠣᠰ ᠱᠠᠲᠤᠨ ᠤ ᠨᠠᠮ ᠤᠨ ᠪᠠᠶᠢᠭᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠪᠠᠶᠢᠭᠤᠯᠭ᠎ᠠ᠂ ᠨᠡᠶᠢᠭᠡᠮ ᠤᠨ ᠬᠤᠷᠠᠯ ᠪᠦᠯᠬᠦᠮ ᠪᠠ ᠪᠤᠰᠤᠳ ᠡᠯ᠎ᠡ ᠲᠥᠷᠥᠯ ᠤᠨ ᠠᠵᠢᠯ ᠦᠢᠯᠡᠰ ᠤᠨ ᠨᠢᠭᠡᠴᠢ ︵ᠳᠣᠷᠣᠭᠰᠢ ︽ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ︾ ᠭᠡᠵᠦ ᠲᠣᠪᠴᠢᠯᠠᠨ᠎ᠠ︶ ᠳᠤ ᠲᠣᠬᠢᠷᠠᠨ᠎ᠠ᠃        ᠭᠤᠷᠪᠠᠳᠤᠭᠠᠷ ᠵᠦᠢᠯ        ᠲᠤᠰ ᠠᠷᠭ᠎ᠠ ᠳᠤ ᠬᠡᠯᠡᠵᠦ ᠪᠠᠶᠢᠭ᠎ᠠ ᠠᠯᠪᠠᠨ ᠤ ᠡᠳ᠋ ᠤᠨ ᠬᠥᠮᠥᠷᠭᠡ ᠭᠡᠳᠡᠭ ᠨᠢ ᠣᠷᠳᠣᠰ ᠬᠤᠲᠠ ᠶᠢᠨ ᠬᠢᠶ᠎ᠡ ᠪᠠᠭᠰᠢ ᠲᠣᠭᠤᠷᠢᠭ ᠤᠨ ᠲᠤᠰ ᠱᠠᠲᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠰᠤᠯᠠ ᠬᠠᠶᠠᠭᠰᠠᠨ᠂ ᠣᠷᠣᠨ ᠲᠤᠭ᠎ᠠ ᠠᠴᠠ ᠬᠡᠲᠦᠷᠡᠭᠰᠡᠨ᠂ ᠪᠠᠷᠢᠮᠵᠢᠶ᠎ᠠ ᠠᠴᠠ ᠬᠡᠲᠦᠷᠡᠭᠦᠯᠦᠨ ᠲᠣᠬᠢᠷᠠᠭᠤᠯᠤᠭᠰᠠᠨ ᠡᠳ᠋ ᠬᠥᠷᠥᠩᠭᠡ ᠵᠢᠴᠢ ᠲᠦᠷ ᠴᠠᠭ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠴᠢᠬᠤᠯᠠ ᠶᠡᠭᠡ ᠬᠤᠷᠠᠯ ᠬᠤᠷᠠᠯᠳᠤᠭᠤᠯᠤᠭᠰᠠᠨ᠂ ᠲᠣᠮᠣ ᠬᠡᠯᠪᠡᠷᠢ ᠶᠢᠨ ᠠᠵᠢᠯᠯᠠᠭ᠎ᠠ ᠬᠢᠵᠦ ᠬᠤᠳᠠᠯᠳᠤᠨ ᠠᠪᠤᠭᠰᠠᠨ ᠡᠳ᠋ ᠬᠥᠷᠥᠩᠭᠡ ᠶᠢ ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠲᠣᠬᠢᠷᠠᠭᠤᠯᠬᠤ᠂ ᠨᠢᠭᠡᠳᠦᠯᠲᠡᠶ  ᠰᠢᠢᠳᠪᠦᠷᠢᠯᠡᠬᠦ ᠠᠵᠢᠯᠯᠠᠭᠠᠨ ᠤ ᠲᠠᠪᠴᠠᠩ ᠪᠣᠯᠤᠨ᠎ᠠ᠃       ᠣᠷᠳᠣᠰ ᠬᠤᠲᠠ ᠶᠢᠨ ᠬᠢᠶ᠎ᠡ ᠪᠠᠭᠰᠢ ᠲᠣᠭᠤᠷᠢᠭ ᠤᠨ ᠲᠤᠰ ᠱᠠᠲᠤᠨ ᠳᠤ ᠬᠡᠶᠢᠰᠪᠦᠷᠢ ᠠᠯᠪᠠᠨ ᠤ ᠡᠳ᠋  ᠤᠨ ᠬᠥᠮᠥᠷᠭᠡ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠡᠶᠢᠰᠪᠦᠷᠢ ᠠᠯᠪᠠᠨ ᠤ ᠡᠳ᠋ ᠤᠨ ᠬᠥᠮᠥᠷᠭᠡ ᠭᠡᠳᠡᠭ ᠨᠢ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢ ᠲᠠᠪᠴᠠᠩ ᠳᠤ ᠣᠷᠣᠭᠤᠯᠬᠤ ᠶᠢ ᠵᠢᠭᠠᠵᠤ ᠪᠤᠶ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠠᠷ ᠦᠨᠡᠮᠰᠢᠭᠦᠯᠦᠭᠰᠡᠨ ᠤ ᠳᠠᠷᠠᠭ᠎ᠠ ᠪᠣᠳᠠᠲᠤ ᠪᠣᠳᠠᠰ ᠢ ᠬᠠᠳᠠᠭᠠᠯᠠᠨ ᠬᠠᠮᠢᠶᠠᠷᠳᠠᠭ ᠬᠡᠶᠢᠰᠪᠦᠷᠢ ᠬᠥᠮᠥᠷᠭᠡ ᠶᠢᠨ ᠥᠷᠲᠡᠭᠡ ᠪᠣᠯᠤᠨ᠎ᠠ᠃ ᠣᠨᠴᠣᠭᠤᠶ ᠪᠠᠶᠢᠳᠠᠯ ᠳᠤ ᠦᠨᠡᠨᠬᠦ ᠪᠣᠳᠠᠲᠤ ᠴᠣᠭᠴᠠ ᠶᠢᠨ ᠠᠯᠪᠠᠨ ᠤ ᠡᠳ᠋ ᠤᠨ ᠬᠥᠮᠥᠷᠭᠡ ᠳᠤ ᠬᠠᠳᠠᠭᠠᠯᠠᠵᠤ ᠪᠠᠶᠢᠭ᠎ᠠ ᠡᠳ᠋ ᠪᠣᠳᠠᠰ ᠢ ᠳᠡᠰ ᠳᠠᠷᠠᠭᠠᠯᠠᠯ ᠤᠨ ᠶᠣᠰᠣᠭᠠᠷ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠥᠪᠡᠰᠦᠪᠡᠨ ᠪᠠᠶᠢᠭᠤᠯᠬᠤ ᠪᠤᠶᠤ ᠵᠠᠭᠤᠴᠢ ᠪᠠᠶᠢᠭᠤᠯᠤᠮᠵᠢ ᠳᠤ ᠨᠠᠶᠢᠳᠠᠵᠤ ᠣᠷᠣᠯᠠᠨ ᠬᠠᠳᠠᠭᠠᠯᠠᠵᠤ ᠪᠣᠯᠤᠨ᠎ᠠ᠃        ᠳᠥᠷᠪᠡᠳᠦᠭᠡᠷ ᠵᠦᠢᠯ          ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢᠨ ᠡᠳ᠋ ᠬᠥᠷᠥᠩᠭᠡ ᠳᠤ ᠲᠣᠭᠲᠠᠮᠠᠯ ᠬᠥᠷᠥᠩᠭᠡ ᠪᠠ ᠬᠡᠯᠪᠡᠷᠢ ᠦᠭᠡᠢ ᠬᠥᠷᠥᠩᠭᠡ ᠪᠠᠭᠲᠠᠨ᠎ᠠ᠃ ᠡᠭᠦᠨ ᠳᠤ᠂ ᠲᠣᠭᠲᠠᠮᠠᠯ ᠬᠥᠷᠥᠩᠭᠡ ᠳᠤ ᠣᠷᠣᠨ ᠰᠠᠭᠤᠴᠠ ᠶᠢᠨ ᠪᠣᠰᠤ ᠪᠠᠷᠢᠯᠭ᠎ᠠ᠂ ᠨᠡᠶᠢᠳᠡᠮ ᠬᠡᠷᠡᠭᠯᠡᠭᠡᠨ ᠤ ᠲᠥᠬᠦᠭᠡᠷᠦᠮᠵᠢ᠂ ᠲᠤᠰᠬᠠᠶ ᠬᠡᠷᠡᠭᠯᠡᠭᠡᠨ ᠤ ᠲᠥᠬᠦᠭᠡᠷᠦᠮᠵᠢ᠂ ᠲᠡᠤᠬᠡ ᠶᠢᠨ ᠳᠤᠷᠠᠰᠬᠠᠯᠲᠤ ᠵᠦᠢᠯᠡᠰ ᠪᠠ ᠳᠡᠯᠭᠡᠨ ᠦᠵᠡᠭᠦᠯᠬᠦ ᠵᠦᠢᠯᠡᠰ᠂ ᠨᠣᠮ ᠪᠢᠴᠢᠭ᠂ ᠳᠠᠩᠰᠠ ᠡᠪᠬᠡᠮᠡᠯ᠂ ᠭᠡᠷ ᠤᠨ ᠬᠡᠷᠡᠭᠰᠡᠯ᠂ ᠪᠠᠭᠠᠵᠢ ᠬᠡᠷᠡᠭᠰᠡᠯ ᠵᠢᠴᠢ ᠠᠮᠢᠲᠠᠨ ᠤᠷᠭᠤᠮᠠᠯ ᠪᠠᠭᠲᠠᠨ᠎ᠠ᠃ ᠬᠡᠯᠪᠡᠷᠢ ᠦᠭᠡᠢ ᠬᠥᠷᠥᠩᠭᠡ ᠳᠤ ᠭᠤᠣᠯᠳᠠᠭᠤ ᠲᠤᠰᠬᠠᠢ ᠠᠰᠢᠭ ᠤᠨ ᠡᠷᠬᠡ᠂ ᠭᠠᠵᠠᠷ ᠰᠢᠷᠣᠢ ᠬᠡᠷᠡᠭᠯᠡᠬᠦ ᠡᠷᠬᠡ᠂ ᠵᠣᠬᠢᠶᠠᠯ ᠪᠦᠲᠦᠭᠡᠯ ᠤᠨ ᠡᠷᠬᠡ ᠵᠡᠷᠭᠡ ᠪᠠᠭᠲᠠᠨ᠎ᠠ᠃        ᠲᠠᠪᠤᠳᠤᠭᠠᠷ ᠵᠦᠢᠯ            ᠠᠯᠪᠠᠨ ᠤ ᠡᠳ᠋ ᠤᠨ ᠬᠥᠮᠥᠷᠭᠡ ᠶᠢᠨ ᠠᠵᠢᠯᠯᠠᠭᠠᠨ ᠨᠢ ᠳᠣᠤᠷᠠᠬᠢ ᠵᠠᠷᠴᠢᠮ ᠢ ᠵᠢᠷᠣᠮᠯᠠᠨ᠎ᠠ᠄        ︵ᠨᠢᠭᠡ︶ ᠨᠢᠭᠡᠳᠦᠯᠲᠡᠢ ᠬᠠᠮᠢᠶᠠᠷᠴᠤ᠂ ᠬᠢᠨᠠᠯᠲᠠ ᠶᠢ ᠬᠦᠯᠢᠶᠡᠨ᠎ᠡ᠃        ︵ᠬᠤᠶᠠᠷ︶ ᠲᠥᠪᠯᠡᠷᠡᠭᠦᠯᠦᠨ ᠲᠣᠬᠢᠷᠠᠭᠤᠯᠵᠤ᠂ ᠬᠠᠮᠲᠤᠪᠠᠷ ᠭᠥᠷᠳᠡᠵᠦ ᠬᠡᠷᠡᠭᠯᠡᠨ᠎ᠡ᠃        ︵ᠭᠤᠷᠪᠠ︶ ᠣᠬᠤᠷ ᠬᠤᠭᠤᠴᠠᠭ᠎ᠠ ᠪᠠᠷ ᠨᠥᠭᠡᠴᠡᠯᠡᠵᠦ᠂ ᠢᠯᠡᠭᠦᠦ ᠳᠤᠲᠠᠭᠤ ᠶᠢ ᠲᠣᠬᠢᠷᠠᠭᠤᠯᠣᠨ᠎ᠠ᠃        ︵ᠳᠥᠷᠪᠡ︶ ᠡᠷᠭᠢᠯᠳᠦᠭᠦᠯᠦᠨ ᠬᠡᠷᠡᠭᠯᠡᠵᠦ᠂ ᠰᠠᠶᠢᠲᠤᠷ ᠠᠷᠪᠢᠯᠠᠨ ᠭᠠᠮᠨᠠᠨ᠎ᠠ᠃         ︵ᠲᠠᠪᠤ︶ ᠵᠢᠷᠤᠮᠵᠢᠭᠤᠯᠤᠨ ᠰᠢᠢᠳᠪᠦᠷᠢᠯᠡᠵᠦ᠂ ᠢᠯᠡ ᠲᠣᠳᠣ ᠪᠠᠶᠢᠯᠭᠠᠨ᠎ᠠ᠃         ᠬᠤᠶᠠᠳᠤᠭᠠᠷ ᠪᠦᠯᠦᠭ      ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ        ᠵᠢᠷᠭᠤᠳᠤᠭᠠᠷ ᠵᠦᠢᠯ       ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠲᠣᠰ ᠱᠠᠲᠤᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ᠎ᠠ᠂ ᠭᠤᠤᠯ ᠡᠭᠦᠷᠭᠡ ᠬᠠᠷᠢᠭᠤᠴᠠᠯᠭ᠎ᠠ ᠨᠢ᠄        ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ᠂ ᠬᠢᠶ᠎ᠠ ᠪᠠᠭᠰᠢ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠬᠠᠤᠯᠢ ᠴᠠᠭᠠᠵᠠ᠂  ᠲᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠣᠭᠤᠰᠢᠯᠠᠭᠤᠯᠣᠨ ᠬᠡᠷᠡᠭᠵᠢᠭᠦᠯᠦᠨ᠎ᠡ᠃        ︵ᠬᠤᠶᠠᠷ︶ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ  ᠲᠣᠭᠳᠠᠭᠠᠯ ᠢ ᠰᠣᠳᠤᠯᠤᠨ ᠳᠣᠭᠲᠠᠭᠠᠨ᠎ᠠ᠃        ︵ᠭᠤᠷᠪᠠ︶ ᠠᠯᠪᠠᠨ ᠤ ᠡᠳ᠋ ᠤᠨ ᠬᠥᠮᠥᠷᠭᠡ ᠶᠢᠨ ᠬᠦᠷᠦᠩᠭᠡ ᠶᠢ ᠮᠠᠭᠠᠳᠯᠠᠨ ᠲᠤᠭᠳᠠᠭᠠᠬᠤ᠂ ᠬᠤᠷᠢᠶᠠᠨ ᠠᠪᠬᠤ᠂ ᠲᠤᠬᠢᠷᠠᠭᠤᠯᠬᠤ᠂ ᠬᠡᠷᠡᠭᠯᠡᠬᠦ ᠪᠠ ᠰᠢᠢᠳᠪᠦᠷᠢᠯᠡᠬᠦ ᠵᠡᠷᠭᠡ ᠵᠦᠢᠯᠡᠰ ᠢ ᠬᠢᠨᠠᠨ ᠵᠦᠪᠰᠢᠶᠡᠷᠡᠬᠦ ᠶᠢ ᠬᠠᠷᠢᠭᠤᠴᠠᠨ᠎ᠠ᠃        ︵ᠲᠦᠷᠪᠡ︶ ᠠᠯᠪᠠᠨ ᠤ ᠡᠳ᠋ ᠤᠨ ᠬᠥᠮᠥᠷᠭᠡ ᠶᠢᠨ ᠬᠦᠷᠦᠩᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠪᠠ ᠠᠯᠪᠠᠨ ᠤ ᠡᠳ᠋ ᠤᠨ ᠬᠦᠷᠦᠩᠭᠡ ᠶᠢᠨ ᠮᠡᠳᠡᠭᠡ ᠵᠠᠩᠭᠢ ᠶᠢᠨ ᠲᠠᠪᠴᠠᠩ ᠢ ᠬᠠᠷᠢᠭᠤᠴᠠᠨ  ᠪᠠᠶᠢᠭᠤᠯᠣᠨ᠎ᠠ᠃        ︵ᠲᠠᠪᠤ︶ ᠠᠯᠪᠠᠨ ᠤ ᠡᠳ᠋ ᠤᠨ ᠬᠥᠮᠥᠷᠭᠡ ᠶᠢᠨ ᠬᠦᠷᠦᠩᠭᠡ ᠶᠢᠨ ᠠᠰᠢᠭ ᠣᠯᠵᠠᠪᠤᠷᠢ ᠶᠢ ᠳᠡᠭᠡᠭᠰᠢ ᠲᠤᠰᠢᠶᠠᠬᠤ ᠶᠢ ᠬᠠᠷᠢᠭᠤᠴᠠᠨ᠎ᠠ᠃        ᠳᠣᠯᠣᠳᠤᠭᠠᠷ ᠵᠦᠢᠯ        ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠲᠣᠰ ᠰᠠᠯᠠᠭ᠎ᠠ ᠮᠥᠴᠢᠷ ᠤᠨ ᠢᠶᠠᠨ ᠬᠠᠷᠢᠶ᠎ᠠ ᠨᠢᠭᠡᠴᠡ ᠶᠢᠨ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠳᠤ ᠬᠤᠯᠪᠣᠭᠳᠠᠬᠤ ᠵᠦᠢᠯᠡᠰ ᠲᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠂ ᠭᠤᠣᠯ ᠡᠭᠦᠷᠭᠡ ᠬᠠᠷᠢᠭᠤᠴᠠᠯᠭ᠎ᠠ  ᠨᠢ᠄        ︵ᠨᠢᠭᠡ︶ ᠲᠤᠰ ᠰᠠᠯᠠᠭ᠎ᠠ ᠮᠦᠴᠢᠷ ᠤᠨ ᠬᠠᠷᠢᠶ᠎ᠠ ᠨᠢᠭᠡᠴᠡ ᠶᠢᠨ ᠠᠯᠪᠠᠨ ᠤ ᠡᠳ᠋ ᠤᠨ ᠬᠥᠮᠥᠷᠭᠡ ᠶᠢ ᠲᠤᠰᠢᠶᠠᠬᠤ᠂ ᠵᠢᠭᠡᠯᠡᠨ ᠬᠡᠷᠡᠭᠯᠡᠬᠦ᠂ ᠪᠤᠴᠠᠭᠠᠬᠤ ᠪᠠ ᠲᠣᠬᠢᠷᠠᠭᠤᠯᠬᠤ ᠵᠡᠷᠭᠡ ᠵᠦᠢᠯᠡᠰ ᠢ ᠳᠤᠭᠳᠠᠭᠠᠯ ᠶᠤᠰᠤᠭᠠᠷ ᠬᠢᠨᠠᠨ ᠬᠠᠷᠭᠤᠭᠤᠯᠤᠨ᠎ᠠ᠃        ︵ᠬᠤᠶᠠᠷ︶ ᠲᠤᠰ ᠰᠠᠯᠠᠭ᠎ᠠ ᠮᠦᠴᠢᠷ ᠤᠨ ᠬᠠᠷᠢᠶ᠎ᠠ ᠨᠢᠭᠡᠴᠡ ᠶᠢᠨ ᠠᠯᠪᠠᠨ ᠤ ᠡᠳ᠋ ᠤᠨ ᠬᠥᠮᠥᠷᠭᠡ ᠶᠢᠨ ᠬᠥᠷᠥᠩᠭᠡ ᠶᠢ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃        ︵ᠭᠤᠷᠪᠠ︶ ᠲᠤᠰ ᠰᠠᠯᠠᠭ᠎ᠠ ᠮᠥᠴᠢᠷ ᠤᠨ ᠬᠠᠷᠢᠶ᠎ᠠ ᠨᠢᠭᠡᠴᠡ ᠪᠠᠨ ᠰᠢᠮᠳᠠᠭᠤᠯᠵᠤ ᠲᠣᠭᠲᠠᠭᠠᠯ ᠶᠣᠰᠣᠭᠠᠷ ᠨᠡᠶᠢᠲᠡ ᠶᠢᠨ ᠡᠳ᠋ ᠬᠥᠷᠥᠩᠭᠡ ᠶᠢ ᠴᠠᠭ ᠲᠤᠬᠠᠶ ᠳᠤᠨᠢ ᠳᠡᠭᠡᠭᠰᠢ ᠲᠤᠰᠢᠶᠠᠵᠤ᠂ ᠪᠤᠴᠠᠭᠠᠬᠤ ᠬᠡᠷᠡᠭᠲᠡᠶ᠃        ᠨᠠᠢᠮᠠᠳᠤᠭᠠᠷ ᠵᠦᠢᠯ       ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠲᠣᠰ ᠱᠠᠲᠤᠨ ᠤ  ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠭᠤᠤᠯ ᠡᠭᠦᠷᠭᠡ ᠬᠠᠷᠢᠭᠤᠴᠠᠯᠭ᠎ᠠ ᠪᠣᠯ᠄        ︵ᠨᠢᠭᠡ︶ ᠬᠠᠮᠢᠶ᠎ᠠ ᠪᠦᠬᠦᠢ ᠲᠣᠭᠲᠠᠭᠠᠯ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ ᠠᠯᠪᠠᠨ ᠤ ᠡᠳ᠋ ᠤᠨ ᠬᠥᠮᠥᠷᠭᠡ ᠶᠢᠨ ᠡᠳ᠋ ᠬᠥᠷᠥᠩᠭᠡ ᠶᠢ ᠲᠤᠰᠢᠶᠠᠬᠤ᠂ ᠵᠢᠭᠡᠯᠡᠨ ᠬᠡᠷᠡᠭᠯᠡᠬᠦ ᠪᠠ ᠲᠣᠬᠢᠷᠠᠭᠤᠯᠬᠤ ᠭᠤᠶᠤᠴᠢᠯᠠᠯ ᠭᠠᠷᠭᠠᠬᠤ ᠬᠡᠷᠡᠭᠲᠡᠶ᠃         ︵ᠬᠤᠶᠠᠷ︶ ᠲᠤᠰ ᠨᠢᠭᠡᠴᠡ ᠶᠢᠨ ᠳᠡᠭᠡᠭᠰᠢ ᠲᠤᠰᠢᠶᠠᠬᠤ᠂ ᠵᠢᠭᠡᠯᠡᠨ ᠬᠡᠷᠡᠭᠯᠡᠬᠦ᠂ ᠪᠤᠴᠠᠭᠠᠬᠤ ᠪᠠ ᠲᠣᠬᠢᠷᠠᠭᠤᠯᠬᠤ ᠵᠡᠷᠭᠡ ᠬᠤᠯᠪᠣᠭᠳᠠᠯ ᠪᠦᠬᠦᠢ ᠭᠠᠷᠳᠠᠮ ᠢ ᠬᠠᠷᠢᠭᠤᠴᠠᠨ ᠭᠦᠢᠴᠡᠳᠭᠡᠨ᠎ᠡ᠃         ︵ᠭᠤᠷᠪᠠ︶ ᠲᠣᠰ ᠨᠢᠭᠡᠴᠡ ᠶᠢᠨ ᠠᠯᠪᠠᠨ ᠤ ᠡᠳ᠋ ᠤᠨ ᠬᠥᠮᠥᠷᠭᠡ ᠶᠢᠨ ᠡᠳ᠋ ᠬᠥᠷᠥᠩᠭᠡ ᠶᠢ ᠠᠰᠢᠭᠯᠠᠵᠤ ᠪᠠᠶᠢᠭ᠎ᠠ ᠬᠤᠭᠤᠴᠠᠭᠠᠨ ᠳᠠᠬᠢ ᠳᠠᠩᠰᠠ ᠡᠪᠬᠡᠮᠡᠯ ᠢ ᠳᠠᠩᠰᠠᠯᠠᠬᠤ᠂ ᠡᠳᠦᠷ ᠲᠤᠲᠤᠮ ᠤᠨ ᠠᠷᠠᠴᠢᠯᠠᠨ  ᠬᠠᠮᠠᠭᠠᠯᠠᠬᠤ ᠠᠵᠢᠯ ᠢ ᠬᠠᠷᠢᠭᠤᠴᠠᠵᠤ᠂ ᠠᠯᠪᠠᠨ ᠤ ᠡᠳ᠋ ᠤᠨ ᠬᠥᠮᠥᠷᠭᠡ ᠶᠢᠨ ᠡᠳ᠋ ᠬᠥᠷᠥᠩᠭᠡ ᠶᠢ ᠬᠡᠷᠡᠭᠯᠡᠵᠦ ᠪᠠᠶᠢᠭ᠎ᠠ ᠬᠤᠭᠤᠴᠠᠭᠠᠨ ᠳᠠᠬᠢ ᠠᠮᠤᠷ ᠲᠦᠪᠰᠢᠨ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃         ︵ᠲᠦᠷᠪᠡ︶ ᠨᠡᠶᠢᠲᠡ ᠶᠢᠨ ᠡᠳ᠋ ᠬᠥᠷᠥᠩᠭᠡ ᠶᠢ ᠲᠣᠭᠲᠠᠭᠠᠯ ᠶᠣᠰᠣᠭᠠᠷ ᠴᠠᠭ ᠲᠤᠬᠠᠢ ᠳᠤᠨᠢ  ᠲᠣᠰᠢᠶᠠᠨ ᠪᠣᠴᠠᠭᠠᠨ᠎ᠠ᠃         ︵ᠲᠠᠪᠤ︶ ᠲᠤᠰ ᠨᠢᠭᠡᠴᠡ ᠶᠢᠨ ᠪᠠᠶᠢᠭᠤᠯᠤᠭᠰᠠᠨ ᠬᠡᠶᠢᠰᠪᠦᠷᠢ ᠠᠯᠪᠠᠨ ᠤ ᠡᠳ᠋ ᠤᠨ ᠬᠥᠮᠥᠷᠭᠡ ᠶᠢᠨ ᠡᠳᠦᠷ ᠲᠤᠲᠤᠮ ᠤᠨ ᠬᠠᠮᠢᠶᠠᠷᠣᠯᠲᠠ ᠶᠢ ᠬᠠᠷᠢᠭᠤᠴᠠᠨ᠎ᠠ᠃         ᠭᠤᠷᠪᠠᠳᠤᠭᠠᠷ ᠪᠦᠯᠦᠭ      ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢᠨ ᠬᠡᠪᠴᠢᠶ᠎ᠡ ᠵᠢᠴᠢ ᠶᠠᠪᠣᠴᠠ         ᠶᠢᠰᠦᠳᠦᠭᠡᠷ ᠵᠦᠢᠯ        ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠳᠤ ᠵᠢᠭᠰᠠᠭᠠᠨ ᠣᠷᠣᠭᠤᠯᠤᠭᠰᠠᠨ ᠡᠳ᠋ ᠬᠥᠷᠥᠩᠭᠡ ᠶᠢᠨ ᠬᠡᠪᠴᠢᠶ᠎ᠡ ᠨᠢ          ︵ᠨᠢᠭᠡ︶ ᠲᠦᠷ ᠴᠠᠭ ᠤᠨ ᠪᠠᠶᠢᠭᠤᠯᠤᠮᠵᠢ ᠶᠢᠨ ᠬᠤᠳᠠᠯᠳᠤᠨ ᠠᠪᠤᠭᠰᠠᠨ ᠡᠳ᠋ ᠬᠥᠷᠥᠩᠭᠡ᠃         ︵ᠬᠤᠶᠠᠷ︶ ᠬᠠᠰᠤᠵᠤ ᠨᠡᠶᠢᠯᠡᠭᠦᠯᠦᠭᠰᠡᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠰᠤᠯᠠ ᠪᠠᠶᠢᠬᠤ ᠡᠳ᠋ ᠬᠦᠷᠦᠩᠭᠡ᠃         ︵ᠭᠤᠷᠪᠠ︶ ᠵᠠᠰᠠᠭ ᠤᠨ ᠣᠷᠳᠣᠨ ᠤ ᠪᠡᠯᠡ ᠮᠥᠩᠭᠦ ᠶᠢ ᠬᠡᠷᠡᠭᠯᠡᠨ ᠬᠤᠳᠠᠯᠳᠤᠨ ᠠᠪᠤᠭᠰᠠᠨ ᠲᠣᠮᠣ ᠬᠡᠯᠪᠡᠷᠢ ᠶᠢᠨ ᠬᠤᠷᠠᠯ᠂ ᠲᠣᠮᠣ ᠬᠡᠯᠪᠡᠷᠢ ᠶᠢᠨ ᠬᠥᠳᠡᠯᠭᠡᠭᠡᠨ᠂ ᠳᠡᠯᠭᠡᠨ ᠦᠵᠡᠭᠦᠯᠦᠯᠭᠡ ᠪᠠ ᠰᠣᠶᠣᠯ ᠪᠡᠶ᠎ᠡ ᠶᠢᠨ ᠲᠠᠮᠢᠷ ᠵᠡᠷᠭᠡ ᠬᠥᠳᠡᠯᠭᠡᠭᠡᠨ ᠤ ᠡᠳ᠋ ᠬᠥᠷᠥᠩᠭᠡ᠃         ︵ᠲᠦᠷᠪᠡ︶ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠠᠨ  ᠭᠦᠢᠴᠡᠳᠭᠡᠵᠦ ᠤᠷᠲᠤ ᠬᠤᠭᠤᠴᠠᠭ᠎ᠠ ᠪᠠᠷ ᠬᠡᠷᠡᠭᠯᠡᠭᠰᠡᠨ ᠦᠭᠡᠢ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ᠃         ︵ᠲᠠᠪᠤ︶ ᠲᠣᠬᠢᠷᠠᠭᠤᠯᠬᠤ ᠪᠠᠷᠢᠮᠵᠢᠶ᠎ᠠ ᠠᠴᠠ ᠭᠡᠳᠦᠷᠡᠭᠰᠡᠨ ᠳᠡᠭᠡᠭᠰᠢ ᠲᠤᠰᠢᠶᠠᠬᠤ ᠡᠳ᠋ ᠬᠥᠷᠥᠩᠭᠡ᠃         ︵ᠵᠢᠷᠭᠤᠭ᠎ᠠ︶ ᠠᠯᠪᠠᠨ ᠤ ᠡᠳ᠋ ᠤᠨ ᠬᠥᠮᠥᠷᠭᠡ ᠳᠤ ᠲᠤᠰᠢᠶᠠᠪᠠᠰᠤ ᠵᠣᠬᠢᠬᠤ ᠪᠤᠰᠤᠳ ᠡᠳ᠋ ᠬᠥᠷᠥᠩᠭᠡ᠃         ᠠᠷᠪᠠᠳᠤᠭᠠᠷ ᠵᠦᠢᠯ        ᠡᠳ᠋ ᠬᠥᠷᠥᠩᠭᠡ ᠶᠢ ᠳᠡᠭᠡᠭᠰᠢ ᠲᠤᠰᠢᠶᠠᠬᠤ ᠴᠠᠭ ᠬᠤᠭᠤᠴᠠᠭ᠎ᠠ          ︵ᠨᠢᠭᠡ︶ ᠲᠦᠷ ᠴᠠᠭ ᠤᠨ ᠪᠠᠶᠢᠭᠤᠯᠤᠮᠵᠢ ᠶᠢ ᠬᠠᠰᠤᠬᠤ ᠦᠶ᠎ᠡ ᠳᠤ᠂ ᠪᠤᠶ ᠪᠦᠬᠦᠢ ᠡᠳ᠋ ᠬᠥᠷᠥᠩᠭᠡ ︵ᠬᠤᠳᠠᠯᠳᠤᠨ ᠠᠪᠣᠭᠰᠠᠨ᠂ ᠲᠣᠬᠢᠷᠠᠭᠤᠯᠤᠨ ᠦᠭᠭᠦᠭᠰᠡᠨ᠂ ᠲᠤᠰᠠᠯᠠᠨ ᠬᠦᠷᠭᠡᠭᠰᠡᠨ ᠵᠡᠷᠭᠡ ᠠᠷᠭ᠎ᠠ ᠮᠠᠶ᠋ᠢᠭ ᠢᠶᠠᠷ ᠣᠯᠤᠭᠰᠠᠨ︶ ᠶᠢ ᠪᠠᠶᠢᠭᠤᠯᠤᠮᠵᠢ ᠶᠢ ᠬᠠᠰᠤᠭᠰᠠᠨ ᠤ ᠳᠠᠷᠠᠭᠠᠬᠢ 15 ᠠᠵᠢᠯᠯᠠᠬᠤ ᠡᠳᠦᠷ ᠤᠨ ᠳᠣᠲᠣᠷ᠎ᠠ᠂ ᠲᠦᠷ ᠴᠠᠭ ᠤᠨ ᠪᠠᠶᠢᠭᠤᠯᠤᠮᠵᠢ ᠪᠤᠶᠤ ᠡᠳ᠋ ᠬᠥᠷᠥᠩᠭᠡ ᠶᠢ ᠬᠡᠷᠡᠭᠯᠡᠬᠦ ᠨᠢᠭᠡᠴᠡ ᠠᠴᠠ ᠢᠯᠭᠠᠷᠠᠭᠤᠯᠤᠨ ᠪᠠᠶᠢᠴᠠᠭᠠᠵᠤ ᠪᠦᠷᠢᠳᠬᠡᠨ᠂ ᠳᠠᠩᠰᠠᠯᠠᠨ ᠲᠡᠮᠳᠡᠭᠯᠡᠭᠰᠡᠨ ᠤ ᠳᠠᠷᠠᠭ᠎ᠠ ᠠᠯᠪᠠᠨ ᠤ ᠡᠳ᠋ ᠤᠨ ᠬᠥᠮᠥᠷᠭᠡ ᠳᠤ ᠰᠢᠯᠵᠢᠭᠦᠯᠦᠨ  ᠲᠣᠰᠢᠶᠠᠨ᠎ᠠ᠃         ︵ᠬᠤᠶᠠᠷ︶ ᠨᠡᠶᠢᠯᠡᠭᠦᠯᠦᠭᠰᠡᠨ᠂ ᠪᠠᠶᠢᠭᠤᠯᠤᠯ ᠢᠶᠠᠨ ᠦᠭᠡᠷᠡᠴᠢᠯᠡᠭᠰᠡᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠨᠢ ᠡᠳ᠋ ᠭᠦᠷᠦᠩᠭᠡ ᠪᠠᠨ ᠪᠦᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠡᠳ᠋ ᠭᠦᠷᠦᠩᠭᠡ ᠪᠠᠨ ᠵᠠᠷᠴᠢᠮ ᠳᠡᠭᠡᠷ᠎ᠡ ᠪᠠᠨ ᠤᠷᠢᠳ ᠢᠶᠠᠷ ᠪᠦᠭᠦᠨ ᠢᠶᠠᠷ ᠨᠢ ᠰᠢᠨ᠎ᠠ ᠪᠠᠷ ᠪᠠᠶᠢᠭᠤᠯᠤᠭᠳᠠᠭᠰᠠᠨ ᠨᠢᠭᠡᠴᠡ ᠳᠤ ᠰᠢᠯᠵᠢᠬᠦᠯᠦᠨ ᠲᠤᠰᠢᠶᠠᠵᠤ᠂ ᠲᠤᠭᠳᠠᠭᠠᠭᠰᠠᠨ ᠲᠤᠬᠢᠷᠠᠭᠤᠯᠬᠤ ᠪᠠᠷᠢᠮᠵᠢᠶ᠎ᠠ ᠠᠴᠠ ᠲᠠᠪᠠᠭᠰᠠᠨ ᠡᠳ᠋ ᠭᠦᠷᠦᠩᠭᠡ ᠪᠠᠨ ᠪᠠᠶᠢᠭᠤᠯᠤᠮᠵᠢ ᠶᠢ ᠨᠡᠶᠢᠯᠡᠭᠦᠯᠬᠦ ᠪᠠ ᠪᠠᠶᠢᠭᠤᠯᠤᠯ ᠢᠶᠠᠨ ᠦᠭᠡᠷᠡᠴᠢᠯᠡᠭᠰᠡᠨ ᠤ ᠲᠠᠷᠠᠭᠠᠬᠢ 15 ᠠᠵᠢᠯᠯᠠᠬᠤ ᠡᠳᠦᠷ ᠤᠨ ᠲᠤᠳᠤᠷ᠎ᠠ ᠰᠢᠨ᠎ᠠ ᠪᠠᠷ ᠪᠠᠶᠢᠭᠤᠯᠤᠭᠳᠠᠭᠰᠠᠨ ᠨᠢᠭᠡᠴᠡ ᠠᠴᠠ ᠬᠠᠷᠢᠭᠤᠴᠠᠨ ᠲᠠᠩᠰᠠᠯᠠᠵᠤ  ᠠᠯᠪᠠᠨ ᠤ ᠪᠤᠳᠠᠰ ᠤᠨ ᠬᠦᠮᠦᠷᠭᠡ ᠳᠤ ᠰᠢᠯᠵᠢᠬᠦᠯᠦᠨ ᠲᠣᠰᠢᠶᠠᠨ᠎ᠠ᠃        ︵ᠭᠤᠷᠪᠠ︶ ᠲᠣᠮᠣ ᠬᠡᠯᠪᠡᠷᠢ ᠶᠢᠨ ᠬᠤᠷᠠᠯ᠂ ᠲᠣᠮᠣ ᠬᠡᠯᠪᠡᠷᠢ ᠶᠢᠨ ᠠᠵᠢᠯᠯᠠᠭ᠎ᠠ᠂ ᠦᠵᠡᠰᠬᠦᠯᠡᠩ ᠪᠠ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠵᠡᠷᠭᠡ ᠳᠠᠭᠤᠰᠬᠤ ᠦᠶ᠎ᠡ ᠳᠤ᠂ ᠪᠣᠢ ᠪᠦᠬᠦᠢ ᠡᠳ᠋ ᠬᠥᠷᠥᠩᠭᠡ ︵ᠬᠤᠳᠠᠯᠳᠤᠨ ᠠᠪᠣᠭᠰᠠᠨ᠂ ᠲᠣᠬᠢᠷᠠᠭᠤᠯᠤᠨ ᠦᠭᠭᠦᠭᠰᠡᠨ᠂  ᠬᠠᠨᠳᠢᠪᠯᠠᠨ ᠬᠦᠷᠭᠡᠭᠰᠡᠨ ᠵᠡᠷᠭᠡ ᠠᠷᠭ᠎ᠠ ᠮᠠᠶ᠋ᠢᠭ ᠢᠶᠠᠷ ᠣᠯᠣᠭᠰᠠᠨ︶  ᠶᠢ ᠠᠵᠢᠯᠯᠠᠭ᠎ᠠ ᠳᠠᠭᠤᠰᠤᠭᠰᠠᠨ ᠤ ᠳᠠᠷᠠᠭᠠᠬᠢ 15 ᠠᠵᠢᠯᠯᠠᠬᠤ ᠡᠳᠦᠷ ᠤᠨ ᠳᠣᠲᠣᠷ᠎ᠠ ᠬᠠᠮᠢᠶ᠎ᠠ ᠪᠦᠬᠦᠢ ᠳᠠᠭᠠᠭᠠᠨ ᠭᠦᠢᠴᠡᠳᠭᠡᠬᠦ ᠰᠠᠯᠠᠭ᠎ᠠ ᠮᠦᠴᠢᠷ ᠪᠤᠶᠤ ᠡᠳ᠋ ᠬᠦᠷᠦᠩᠭᠡ ᠬᠡᠷᠡᠭᠯᠡᠬᠦ ᠨᠢᠭᠡᠴᠡ ᠠᠴᠠ ᠢᠯᠭᠠᠷᠠᠭᠤᠯᠤᠨ ᠪᠠᠶᠢᠴᠠᠭᠠᠵᠤ᠂ ᠳᠠᠩᠰᠠᠯᠠᠨ ᠳᠡᠪᠲᠡᠷᠯᠡᠵᠦ᠂ ᠲᠤᠰ ᠨᠢᠭᠡᠴᠡ ᠶᠢᠨ ᠢᠶᠠᠨ ᠡᠳ᠋ ᠬᠦᠷᠦᠩᠭᠡ ᠶᠢᠨ ᠰᠢᠰᠲ᠋ᠧᠮ ᠳᠤ ᠲᠡᠮᠳᠡᠭᠯᠡᠭᠰᠡᠨ ᠤ ᠳᠠᠷᠠᠭ᠎ᠠ ᠨᠡᠶᠢᠲᠡ ᠶᠢᠨ ᠡᠳ᠋ ᠬᠦᠷᠦᠩᠭᠡ ᠶᠢᠨ ᠬᠦᠮᠦᠷᠭᠡ ᠳᠤ ᠰᠢᠯᠵᠢᠭᠦᠯᠦᠨ ᠲᠣᠰᠢᠶᠠᠨ᠎ᠠ᠃          ︵ᠲᠦᠷᠪᠡ︶ ᠤᠷᠲᠤ ᠬᠤᠭᠤᠴᠠᠭ᠎ᠠ ᠪᠠᠷ ᠬᠡᠷᠡᠭᠯᠡᠭᠰᠡᠨ ᠦᠭᠡᠢ᠂ ᠰᠤᠯᠠ ᠲᠠᠯᠪᠢᠵᠤ ᠪᠠᠶᠢᠭ᠎ᠠ ᠡᠳ᠋ ᠬᠥᠷᠥᠩᠭᠡ ᠶᠢ ᠡᠯ᠎ᠡ ᠱᠠᠲᠤᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭᠠᠬᠢ 15 ᠠᠵᠢᠯᠯᠠᠬᠤ ᠡᠳᠦᠷ ᠤᠨ ᠳᠣᠲᠣᠷ᠎ᠠ ᠠᠯᠪᠠᠨ ᠤ ᠡᠳ᠋ ᠤᠨ ᠬᠥᠮᠥᠷᠭᠡ ᠳᠤ ᠰᠢᠯᠵᠢᠭᠦᠯᠦᠨ ᠲᠤᠰᠢᠶᠠᠨ᠎ᠠ᠃          ︵ᠲᠠᠪᠤ︶ ᠪᠠᠷᠢᠮᠵᠢᠶ᠎ᠠ ᠠᠴᠠ ᠬᠡᠲᠦᠷᠡᠭᠦᠯᠦᠨ ᠲᠣᠬᠢᠷᠠᠭᠤᠯᠤᠭᠰᠠᠨ ᠡᠳ᠋ ᠬᠥᠷᠥᠩᠭᠡ ᠶᠢ ᠪᠠᠶᠢᠭᠤᠯᠣᠯᠭ᠎ᠠ ᠠᠴᠠ ᠭᠤᠶᠤᠴᠢᠯᠠᠯ ᠭᠠᠷᠭᠠᠵᠤ᠂ ᠡᠯ᠎ᠡ ᠱᠠᠲᠤᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ 15 ᠠᠵᠢᠯᠯᠠᠬᠤ ᠡᠳᠦᠷ ᠤᠨ ᠳᠣᠲᠣᠷ᠎ᠠ  ᠠᠯᠪᠠᠨ ᠤ ᠡᠳ᠋ ᠤᠨ ᠬᠥᠮᠥᠷᠭᠡ ᠳᠤ ᠰᠢᠯᠵᠢᠭᠦᠯᠦᠨ ᠲᠤᠰᠢᠶᠠᠨ᠎ᠠ᠃          ︵ᠵᠢᠷᠭᠤᠭ᠎ᠠ︶ ᠪᠤᠰᠤᠳ ᠡᠳ᠋ ᠬᠦᠷᠦᠩᠭᠡ ᠶᠢ ᠲᠤᠭᠳᠠᠭᠰᠠᠨ ᠶᠠᠪᠣᠴᠠ ᠪᠠᠷ ᠬᠢᠨᠠᠨ ᠵᠦᠪᠰᠢᠶᠡᠷᠡᠭᠰᠡᠨ ᠤ ᠳᠠᠷᠠᠭ᠎ᠠ᠂ 15 ᠠᠵᠢᠯᠯᠠᠬᠤ ᠡᠳᠦᠷ ᠤᠨ ᠲᠤᠳᠤᠷ᠎ᠠ ᠠᠯᠪᠠᠨ ᠤ ᠡᠳ᠋ ᠤᠨ ᠬᠦᠮᠦᠷᠭᠡ ᠳᠤ ᠰᠢᠯᠵᠢᠭᠦᠯᠦᠨ ᠲᠤᠰᠢᠶᠠᠨ᠎ᠠ᠃           ︵ᠳᠤᠯᠤᠭ᠎ᠠ︶ ᠬᠡᠶᠢᠰᠪᠦᠷᠢ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠳᠤ ᠣᠷᠣᠭᠤᠯᠬᠤ ᠪᠠᠷ ᠭᠤᠶᠤᠴᠢᠯᠠᠭᠰᠠᠨ ᠡᠳ᠋ ᠬᠥᠷᠥᠩᠭᠡ ᠶᠢ ᠡᠯ᠎ᠡ ᠱᠠᠲᠤᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ 15 ᠠᠵᠢᠯᠯᠠᠬᠤ ᠡᠳᠦᠷ ᠤᠨ ᠳᠣᠲᠣᠷ᠎ᠠ ᠬᠥᠮᠥᠷᠭᠡ ᠳᠤ ᠣᠷᠣᠭᠤᠯᠬᠤ ᠭᠠᠷᠳᠠᠮ ᠭᠦᠢᠴᠡᠳᠭᠡᠨ᠎ᠡ᠃           ᠠᠷᠪᠠᠨ ᠨᠢᠭᠡᠳᠦᠭᠡᠷ ᠵᠦᠢᠯ        ᠡᠳ᠋ ᠬᠥᠷᠥᠩᠭᠡ ᠶᠢ ᠳᠡᠭᠡᠭᠰᠢ ᠲᠤᠰᠢᠶᠠᠬᠤ ᠶᠠᠪᠤᠴᠠ            ︵ᠨᠢᠭᠡ︶ ᠳᠡᠭᠡᠭᠰᠢ ᠮᠡᠳᠡᠭᠦᠯᠬᠦ᠃ ᠳᠡᠭᠡᠭᠰᠢ ᠲᠤᠰᠢᠶᠠᠯᠭᠠᠬᠤ ᠪᠠᠷ ᠪᠠᠶᠢᠭ᠎ᠠ ᠡᠳ᠋ ᠬᠥᠷᠥᠩᠭᠡ ᠲᠠᠢ  ᠪᠠᠶᠢᠭᠤᠯᠣᠯᠭ᠎ᠠ ᠠᠴᠠ ᠭᠤᠶᠤᠴᠢᠯᠠᠯ ᠳᠤᠷᠠᠳᠬᠤ ᠶᠢᠨ ᠬᠠᠮᠲᠤ ᠡᠳ᠋ ᠬᠥᠷᠥᠩᠭᠡ ᠶᠢᠨ ᠥᠷᠲᠡᠭ ᠤᠨ ᠭᠡᠷᠡᠴᠢ ᠪᠠᠷᠢᠮᠲᠠ᠂ ᠪᠠᠷᠠᠭ᠎ᠠ ᠬᠤᠳᠠᠯᠳᠤᠨ ᠠᠪᠣᠭᠰᠠᠨ ᠬᠠᠭᠤᠳᠠᠰᠤ  ᠪᠠᠷᠢᠮᠲᠠ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠭᠡᠷᠡᠴᠢ ᠦᠨᠡᠮᠯᠡᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠩᠬ᠎ᠠ ᠬᠢᠨᠠᠭᠰᠠᠨ ᠤ ᠳᠠᠷᠠᠭ᠎ᠠ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰᠢᠶᠠᠵᠤ ᠬᠢᠨᠠᠨ ᠬᠠᠷᠭᠤᠭᠤᠯᠤᠭᠤᠯᠤᠨ᠎ᠠ᠃          ︵ᠬᠤᠶᠠᠷ︶ ᠬᠢᠨᠠᠨ ᠵᠥᠪᠰᠢᠶᠡᠷᠡᠬᠦ᠃ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠠᠶᠢᠭᠤᠯᠣᠯᠭ᠎ᠠ ᠶᠢᠨ ᠭᠤᠶᠤᠴᠢᠯᠠᠯ ᠢ ᠦᠨᠳᠦᠰᠦᠯᠡᠨ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠮᠡᠳᠡᠭᠡ ᠵᠠᠩᠭᠢ ᠶᠢ ᠳᠡᠭᠡᠭᠰᠢ ᠲᠤᠰᠢᠶᠠᠭᠰᠠᠨ ᠤ ᠳᠠᠷᠠᠭ᠎ᠠ᠂ ᠭᠤᠶᠤᠴᠢᠯᠠᠯ ᠳᠤ ᠴᠣᠬᠤᠯᠠᠪᠤᠷᠢ ᠪᠠᠭᠤᠯᠭᠠᠭᠰᠠᠨ ᠰᠠᠨᠠᠯ ᠪᠠᠭᠤᠯᠭᠠᠨ᠎ᠠ᠃          ︵ᠭᠤᠷᠪᠠ︶ ᠳᠡᠭᠡᠭᠰᠢ ᠲᠣᠰᠢᠶᠠᠬᠤ᠃ ᠪᠠᠶᠢᠭᠤᠯᠣᠯᠭ᠎ᠠ ᠨᠢ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠣᠬᠤᠯᠠᠪᠣᠷᠢᠯᠠᠭᠰᠠᠨ ᠪᠢᠴᠢᠭ ᠮᠠᠲ᠋ᠧᠷᠢᠶᠠᠯ ᠢ ᠣᠯᠤᠭᠰᠠᠨ ᠤ ᠳᠠᠷᠠᠭ᠎ᠠ᠂ ᠡᠳ᠋ ᠬᠥᠷᠥᠩᠭᠡ ᠶᠢ ᠬᠡᠶᠢᠰᠪᠦᠷᠢ ᠨᠡᠶᠢᠲᠡ ᠶᠢᠨ ᠡᠳ᠋ ᠤᠨ ᠬᠥᠮᠥᠷᠭᠡ ᠶᠢᠨ ᠥᠷᠲᠡᠭᠡ ᠳᠤ ᠰᠢᠯᠵᠢᠭᠦᠯᠦᠨ ᠣᠷᠣᠭᠤᠯᠤᠨ᠎ᠠ᠃          ᠳᠥᠷᠪᠡᠳᠦᠭᠡᠷ ᠪᠦᠯᠦᠭ      ᠨᠡᠶᠢᠲᠡ ᠶᠢᠨ ᠡᠳ᠋ ᠤᠨ ᠬᠥᠮᠥᠷᠭᠡ ᠶᠢᠨ ᠡᠳ᠋ ᠬᠥᠷᠥᠩᠭᠡ ᠶᠢ ᠬᠡᠷᠡᠭᠯᠡᠬᠦ ᠪᠠ ᠰᠢᠢᠳᠪᠦᠷᠢᠯᠡᠬᠦ          ᠠᠷᠪᠠᠨ ᠬᠤᠶᠠᠳᠤᠭᠠᠷ ᠵᠦᠢᠯ     ᠨᠡᠶᠢᠲᠡ ᠶᠢᠨ ᠡᠳ᠋ ᠤᠨ ᠬᠥᠮᠥᠷᠭᠡ ᠶᠢᠨ ᠡᠳ᠋ ᠬᠥᠷᠥᠩᠭᠡ ᠶᠢ ᠬᠡᠷᠡᠭᠯᠡᠬᠦ ᠨᠢ ᠰᠢᠯᠵᠢᠭᠦᠯᠦᠨ ᠭᠠᠷᠭᠠᠬᠤ᠂ ᠵᠢᠭᠡᠯᠡᠵᠦ ᠬᠡᠷᠡᠭᠯᠡᠬᠦ ᠪᠠ ᠰᠣᠯᠢᠬᠤ ᠪᠠᠭᠲᠠᠨ᠎ᠠ᠃         ︵ᠨᠢᠭᠡ︶ ᠰᠢᠯᠵᠢᠭᠦᠯᠦᠨ ᠭᠠᠷᠭᠠᠬᠤ᠄ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠨᠢ ᠲᠣᠰ ᠵᠢᠯ ᠤᠨ ᠨᠡᠮᠡᠯᠲᠡ ᠵᠠᠷᠤᠳᠠᠯ ᠢᠶᠠᠷ ᠡᠳ᠋ ᠬᠥᠷᠥᠩᠭᠡ ᠬᠤᠳᠠᠯᠳᠤᠨ ᠠᠪᠬᠤ ᠪᠠᠷ ᠭᠤᠶᠤᠴᠢᠯᠠᠭᠰᠠᠨ ᠪᠠᠶᠢᠪᠠᠯ᠂ ᠪᠠᠶᠢᠭᠤᠯᠣᠯᠭ᠎ᠠ ᠠᠴᠠ ᠡᠳ᠋ ᠬᠥᠷᠥᠩᠭᠡ ᠬᠤᠳᠠᠯᠳᠤᠨ ᠠᠪᠬᠤ ᠭᠤᠶᠤᠴᠢᠯᠠᠯ ᠭᠠᠷᠭᠠᠵᠤ᠂ ᠰᠠᠯᠠᠭ᠎ᠠ ᠮᠥᠴᠢᠷ ᠤᠨ ᠲᠥᠰᠥᠪ ᠤᠨ ᠠᠵᠢᠯ ᠲᠥᠷᠥᠯ ᠤᠨ ᠳᠤᠭᠤᠶᠢᠯᠠᠩ ᠨᠢ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠤᠭᠤᠶᠢᠯᠠᠩ ᠲᠠᠢ ᠬᠠᠮᠲᠤᠷᠠᠨ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠯᠪᠠᠨ ᠤ ᠡᠳ᠋ ᠬᠥᠷᠥᠩᠭᠡ ᠶᠢᠨ ᠬᠥᠮᠥᠷᠭᠡ ᠠᠴᠠ ᠤᠷᠢᠳᠠᠪᠠᠷ ᠲᠣᠬᠢᠷᠠᠭᠤᠯᠵᠤ᠂ ᠡᠳ᠋ ᠬᠥᠷᠥᠩᠭᠡ ᠶᠢ ᠰᠢᠯᠵᠢᠭᠦᠯᠦᠨ ᠣᠷᠣᠭᠤᠯᠬᠤ ᠶᠢ ᠭᠤᠶᠤᠴᠢᠯᠠᠭᠰᠠᠨ ᠨᠢᠭᠡᠴᠡ ᠠᠴᠠ ᠬᠠᠷᠢᠭᠤᠴᠠᠨ ᠳᠠᠩᠰᠠᠯᠠᠵᠤ᠂ ᠬᠠᠮᠢᠶᠠᠷᠤᠨ ᠬᠡᠷᠡᠭᠯᠡᠨ᠎ᠡ᠃        ︵ᠬᠤᠶᠠᠷ︶ ᠵᠢᠭᠡᠯᠡᠵᠦ ᠬᠡᠷᠡᠭᠯᠡᠬᠦ᠄ ᠤᠷᠳᠤᠰ ᠬᠤᠳᠠ ᠶᠢᠨ ᠬᠢᠶ᠎ᠠ ᠪᠠᠭᠰᠢ ᠶᠢᠨ ᠲᠤᠰ ᠱᠠᠳᠤᠨ ᠤ ᠵᠠᠰᠠᠭ ᠤᠨ ᠤᠷᠳᠤᠨ ᠲᠦᠷ ᠴᠠᠭ ᠤᠨ ᠪᠠᠶᠢᠭᠤᠯᠤᠮᠵᠢ ᠪᠠᠶᠢᠭᠤᠯᠬᠤ ᠳᠤ ᠭᠡᠷᠡᠭᠰᠡᠬᠦ ᠡᠳ᠋ ᠭᠦᠷᠦᠩᠭᠡ ᠪᠠ ᠡᠳ᠋ ᠤᠨ ᠵᠠᠰᠠᠭ ᠠᠴᠠ ᠡᠬᠦᠷᠭᠡᠯᠡᠭᠰᠡᠨ ᠵᠠᠷᠤᠳᠠᠯ ᠢᠶᠠᠷ ᠡᠷᠬᠢᠯᠡᠭᠰᠡᠨ ᠲᠤᠮᠤ ᠬᠡᠯᠪᠡᠷᠢ ᠶᠢᠨ ᠬᠤᠷᠠᠯ᠂ ᠦᠵᠡᠬᠦᠯᠦᠯᠬᠡ᠂ ᠶᠤᠰᠤᠯᠠᠯ᠂ ᠨᠡᠶᠢᠳᠡᠮ ᠪᠠᠶᠢᠴᠠᠭᠠᠯᠳᠠ ᠬᠢᠬᠦ ᠵᠡᠷᠬᠡ ᠠᠵᠢᠯᠯᠠᠭ᠎ᠠ ᠨᠢ ᠡᠳ᠋ ᠭᠦᠷᠦᠩᠬᠡ ᠬᠤᠳᠠᠯᠳᠤᠨ ᠠᠪᠬᠤ ᠪᠣᠯ᠂ ᠤᠷᠢᠳᠠᠪᠡᠷ ᠠᠯᠪᠠᠨ ᠤ ᠡᠳ᠋ ᠤᠨ ᠬᠥᠮᠥᠷᠭᠡ ᠠᠴᠠ ᠲᠤᠬᠢᠷᠠᠭᠤᠯᠵᠦ᠂  ᠬᠡᠷᠡᠭᠯᠡᠵᠦ ᠪᠠᠷᠠᠭᠰᠠᠨ ᠳᠠᠷᠠᠭ᠎ᠠ ᠬᠤᠭᠤᠴᠠᠭ᠎ᠠ ᠶᠤᠰᠤᠭᠠᠷ ᠪᠤᠴᠠᠭᠠᠨ᠎ᠠ᠃ ᠠᠯᠪᠠᠨ ᠤ ᠡᠳ᠋ ᠤᠨ ᠬᠥᠮᠥᠷᠭᠡ ᠨᠢ ᠲᠤᠳᠠᠮᠠᠭ ᠪᠠᠶᠢᠪᠠᠯ᠂ ᠪᠠᠶᠢᠭᠤᠯᠣᠯᠭ᠎ᠠ ᠠᠴᠠ ᠬᠤᠳᠠᠯᠳᠤᠨ ᠠᠪᠴᠤ᠂ ᠬᠡᠷᠡᠭᠯᠡᠵᠦ ᠪᠠᠷᠠᠭᠰᠠᠨ ᠳᠠᠷᠠᠭ᠎ᠠ ᠠᠯᠪᠠᠨ ᠤ ᠡᠳ᠋ ᠤᠨ ᠬᠥᠮᠥᠷᠭᠡ ᠳᠤ ᠲᠤᠰᠢᠶᠠᠨ᠎ᠠ᠃         ︵ᠭᠤᠷᠪᠠ︶ ᠰᠣᠯᠢᠬᠤ᠄ ᠰᠠᠯᠠᠭ᠎ᠠ ᠮᠦᠴᠢᠷ ᠠᠯᠥᠰᠯᠬᠠᠰᠠᠨ᠂ ᠳᠡᠰ ᠠᠯᠥᠰᠯᠬᠠᠰᠠᠨ ᠡᠳ᠋ ᠬᠦᠷᠥᠩᠭᠡ ᠶᠢ ᠲᠣᠬᠢᠷᠡᠭᠤᠯᠬᠤ ᠪᠠ ᠬᠠᠮᠳᠣᠪᠡᠷ ᠬᠦᠷᠲᠡᠵᠦ ᠬᠠᠮᠳᠣᠪᠡᠷ ᠭᠡᠷᠡᠭᠯᠡᠬᠦ ᠶᠢ ᠵᠣᠷᠢᠠᠠᠵᠢᠭᠤᠯᠥᠨ᠎ᠠ᠃         ᠠᠷᠪᠠᠨ ᠭᠤᠷᠪᠠᠳᠤᠭᠠᠷ ᠵᠦᠢᠯ       ᠠᠯᠪᠠᠨ ᠤ ᠡᠳ᠋ ᠤᠨ ᠬᠥᠮᠥᠷᠭᠡ ᠶᠢᠨ ᠡᠳ᠋ ᠬᠥᠷᠥᠩᠭᠡ ᠶᠢ ᠬᠡᠷᠡᠭᠯᠡᠬᠦ ᠪᠠ ᠰᠢᠢᠳᠪᠦᠷᠢᠯᠡᠬᠦ ᠳᠡᠰ ᠳᠠᠷᠠᠭᠠᠯᠠᠯ          ︵ᠨᠢᠭᠡ︶ ᠰᠢᠯᠵᠢᠭᠦᠯᠦᠨ ᠭᠠᠷᠭᠠᠬᠤ᠄ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠡᠳ᠋ ᠬᠥᠷᠥᠩᠭᠡ ᠬᠤᠳᠠᠯᠳᠤᠨ ᠠᠪᠬᠤ ᠪᠠᠷ ᠭᠤᠶᠤᠴᠢᠯᠠᠪᠠᠯ᠂ ᠲᠤᠰ ᠱᠠᠲᠤᠨ ᠤ ᠠᠯᠪᠠᠨ ᠪᠣᠳᠠᠰ ᠤᠨ ᠬᠥᠮᠥᠷᠭᠡ ᠠᠴᠠ ᠤᠷᠢᠳᠠᠪᠠᠷ ᠰᠣᠩᠭᠤᠬᠤ ᠬᠡᠷᠡᠭᠲᠡᠶ᠃ ᠪᠠᠶᠢᠭᠤᠯᠣᠯᠭ᠎ᠠ ᠨᠢ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠤᠷᠠᠳᠴᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠥᠪᠰᠢᠶᠡᠷᠡᠭᠰᠡᠨ ᠤ ᠳᠠᠷᠠᠭ᠎ᠠ᠂ ᠬᠡᠷᠡᠭᠯᠡᠬᠦ ᠨᠢᠭᠡᠴᠡ ᠳᠤ ᠰᠢᠯᠵᠢᠭᠦᠯᠦᠨ ᠥᠭᠬᠦ ᠬᠡᠷᠡᠭᠲᠡᠶ᠃ ᠡᠳ᠋ ᠬᠥᠷᠥᠩᠭᠡ ᠬᠦᠯᠢᠶᠡᠨ ᠠᠪᠬᠤ ᠨᠢᠭᠡᠴᠡ ᠰᠢᠯᠵᠢᠭᠦᠯᠦᠨ ᠠᠪᠴᠦ ᠢᠷᠡᠭᠰᠡᠨ ᠡᠳ᠋ ᠬᠥᠷᠥᠩᠭᠡ ᠶᠢ ᠴᠠᠭ ᠲᠤᠬᠠᠶ ᠳᠤᠨᠢ ᠳᠠᠩᠰᠠᠯᠠᠨ᠂ ᠲᠣᠰ ᠪᠠᠶᠢᠭᠤᠯᠣᠯᠭ᠎ᠠ  ᠶᠢᠨ ᠡᠳ᠋ ᠬᠥᠷᠥᠩᠭᠡ ᠶᠢᠨ ᠡᠳᠦᠷ ᠲᠤᠲᠤᠮ ᠤᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃         ︵ᠬᠤᠶᠠᠷ︶ ᠵᠢᠭᠡᠯᠡᠵᠦ ᠬᠡᠷᠡᠭᠯᠡᠬᠦ᠄ ᠲᠤᠭᠤᠷᠢᠭ ᠤᠨ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠨᠢ ᠠᠯᠪᠠᠨ ᠤ ᠡᠳ᠋ ᠬᠥᠷᠥᠩᠭᠡ  ᠶᠢ ᠲᠦᠷ ᠴᠠᠭ ᠵᠢᠭᠡᠯᠡᠨ ᠬᠡᠷᠡᠭᠯᠡᠪᠡᠯ᠂ ︽ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠨ ᠵᠢᠭᠡᠯᠡᠭᠦᠯᠬᠦ ᠬᠠᠮᠢᠶᠠᠷᠤᠯᠲᠠ ᠶᠢᠨ ᠠᠷᠭ᠎ᠠ︾ ᠶᠣᠰᠣᠭᠠᠷ ᠬᠡᠷᠡᠭᠵᠢᠭᠦᠯᠦᠨ᠎ᠡ᠃         ︵ᠭᠤᠷᠪᠠ︶ ᠰᠢᠢᠳᠪᠦᠷᠢᠯᠡᠬᠦ᠄ ᠲᠤᠭᠤᠷᠢᠭ ᠤᠨ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠰᠢᠢᠳᠪᠦᠷᠢᠯᠡᠬᠦ ᠴᠢᠬᠤᠯᠠᠲᠠᠶ ᠬᠥᠮᠥᠷᠭᠡᠯᠡᠨ ᠬᠠᠳᠠᠭᠠᠯᠠᠬᠤ ᠡᠳ᠋ ᠬᠥᠷᠥᠩᠭᠡ ᠶᠢ ︽ᠣᠷᠳᠣᠰ ᠬᠤᠲᠠ ᠶᠢᠨ ᠬᠢᠶ᠎ᠠ ᠪᠠᠭᠰᠢ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ︾ ᠳᠤ ᠲᠣᠭᠲᠠᠭᠠᠭᠰᠠᠨ ᠲᠠᠰ ᠳᠠᠷᠠᠭᠠᠯᠠᠯ ᠢᠶᠠᠷ ᠬᠡᠷᠡᠭᠵᠢᠭᠦᠯᠦᠨ᠎ᠡ᠃         ᠠᠷᠪᠠᠨ ᠳᠥᠷᠪᠡᠳᠦᠭᠡᠷ ᠵᠦᠢᠯ        ᠠᠯᠪᠠᠨ ᠤ ᠡᠳ᠋ ᠤᠨ ᠬᠥᠮᠥᠷᠭᠡ ᠶᠢᠨ ᠡᠳ᠋ ᠬᠥᠷᠥᠩᠭᠡ ᠶᠢ  ᠰᠢᠢᠳᠪᠦᠷᠢᠯᠡᠭᠰᠡᠨ ᠣᠷᠣᠯᠭ᠎ᠠ ᠶᠢ ︽ᠣᠷᠣᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ︾ ᠲᠣᠭᠲᠠᠭᠠᠯ ᠶᠣᠰᠣᠭᠠᠷ᠂ ᠲᠤᠰ ᠱᠠᠲᠤᠨ ᠤ ᠤᠯᠤᠰ ᠤᠨ ᠬᠥᠮᠥᠷᠭᠡ ᠳᠤ ᠪᠦᠬᠦ ᠲᠤᠭ᠎ᠠ ᠪᠠᠷ ᠨᠢ ᠲᠤᠰᠢᠶᠠᠬᠤ ᠬᠡᠷᠡᠭᠲᠡᠶ᠃   ᠠᠯᠪᠠᠨ ᠤ ᠡᠳ᠋ ᠤᠨ ᠬᠥᠮᠥᠷᠭᠡ ᠶᠢᠨ ᠠᠵᠢᠯᠯᠠᠭᠠᠨ ᠤ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠠᠴᠠ ᠪᠠᠲᠤᠯᠠᠬᠤ ᠬᠡᠷᠡᠭᠲᠡᠶ᠃         ᠲᠠᠪᠤᠳᠤᠭᠠᠷ ᠪᠦᠯᠦᠭ       ᠬᠢᠨᠠᠯᠲᠠ ᠪᠠᠶᠢᠴᠠᠭᠠᠯᠲᠠ         ᠠᠷᠪᠠᠨ ᠲᠠᠪᠤᠳᠤᠭᠠᠷ ᠵᠦᠢᠯ       ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠲᠣᠰ ᠱᠠᠲᠤᠨ ᠤ ᠵᠠᠰᠠᠭ ᠤᠨ ᠣᠷᠳᠣᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ  ᠠᠯᠪᠠᠨ ᠤ ᠡᠳ᠋ ᠤᠨ ᠬᠥᠮᠥᠷᠭᠡ ᠶᠢᠨ ᠠᠵᠢᠯᠯᠠᠭᠠᠨ ᠤ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠬᠦ ᠶᠢᠨ ᠬᠠᠮᠲᠤ ᠲᠣᠰ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠢᠨᠠᠨ ᠪᠤᠳᠤᠬᠤ ᠰᠠᠯᠠᠭ᠎ᠠ ᠮᠥᠴᠢᠷ ᠲᠠᠢ ᠬᠠᠮᠲᠤᠷᠠᠨ ᠠᠯᠪᠠᠨ ᠤ ᠡᠳ᠋ ᠤᠨ ᠬᠥᠮᠥᠷᠭᠡ ᠶᠢᠨ ᠠᠵᠢᠯᠯᠠᠭᠠᠨ ᠤ ᠪᠠᠶᠢᠳᠠᠯ ᠳᠤ ᠠᠮᠵᠢᠯᠲᠠ ᠪᠦᠲᠦᠮᠵᠢ ᠶᠢᠨ ᠦᠨᠡᠯᠡᠯᠲᠡ ᠬᠢᠨ᠎ᠡ᠃         ᠠᠷᠪᠠᠨ ᠵᠢᠷᠭᠤᠳᠤᠭᠠᠷ ᠵᠦᠢᠯ       ᠲᠤᠰ ᠲᠣᠭᠲᠠᠭᠠᠯ ᠠᠴᠠ ᠵᠥᠷᠢᠴᠡᠭᠰᠡᠨ ᠪᠣᠯ᠂ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠬᠡᠨ ᠲᠣᠷᠭᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 427 ᠳ᠋ᠤᠭᠠᠷ ᠲᠣᠭᠠᠲᠤ︶᠂ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 738 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃         ᠵᠢᠷᠭᠤᠳᠤᠭᠠᠷ ᠪᠦᠯᠦᠭ       ᠳᠠᠭᠠᠯᠳᠤᠭᠤᠯᠤᠯ ᠳᠦᠷᠢᠮ         ᠠᠷᠪᠠᠨ ᠳᠣᠯᠣᠳᠤᠭᠠᠷ ᠵᠦᠢᠯ        ᠲᠤᠭᠤᠷᠢᠭ ᠤᠨ ᠲᠤᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠲᠤᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃         ᠠᠷᠪᠠᠨ ᠨᠠᠢᠮᠠᠳᠤᠭᠠᠷ ᠵᠦᠢᠯ         ᠲᠣᠰ ᠠᠷᠭ᠎ᠠ ᠶᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃         ᠠᠷᠪᠠ ᠶᠢᠰᠦᠳᠦᠭᠡᠷ ᠵᠦᠢᠯ          ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 
ᠢᠷᠡᠯᠲᠡ᠄ ᠲᠣᠰ ᠰᠥᠯᠵᠢᠶ᠎ᠡ