ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠵᠠᠷᠯᠠᠯ︕ ᠥᠪᠥᠷ ᠮᠣᠩᠭᠤᠯ ᠤᠨ ᠳᠥᠷᠪᠡᠨ ᠭᠠᠵᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/4/2
       ᠣᠶᠢᠷ᠎ᠠ ᠳᠤ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ︽2023 ᠣᠨ ᠤ ᠪᠥᠬᠦ ᠤᠯᠤᠰ ᠤᠨ ᠠᠶᠢᠯ‌‍ᠲ᠋ᠣᠰᠬᠤᠨ ᠢ ᠴᠡᠪᠡᠷᠰᠢᠭᠦᠯᠬᠦ ᠠᠵᠢᠯᠯᠠᠭ᠎ᠠ ᠳᠠᠬᠢ ᠲᠡᠷᠢᠭᠦᠨ ᠤ ᠰᠢᠶᠠᠨ ᠤ ᠨᠡᠷᠡᠰ ᠢ ᠨᠡᠶᠢᠲᠡᠯᠡᠬᠦ ᠲᠤᠬᠠᠶ ᠵᠠᠷᠯᠠᠯ︾  ᠢ  ᠨᠡᠶᠢᠲᠡᠯᠡᠵᠦ᠂ 2023 ᠣᠨ ᠤ ᠪᠥᠬᠦ ᠤᠯᠤᠰ ᠤᠨ ᠠᠶᠢᠯ ᠲᠣᠰᠬᠤᠨ ᠢ ᠴᠡᠪᠡᠷᠰᠢᠭᠦᠯᠬᠦ  ᠠᠵᠢᠯᠯᠠᠭ᠎ᠠ  ᠳᠠᠬᠢ  99  ᠲᠡᠷᠢᠭᠦᠨ ᠤ  ᠰᠢᠶᠠᠨ ᠢ ᠰᠣᠩᠭᠤᠨ ᠭᠠᠷᠭᠠᠪᠠ᠃        ᠵᠠᠷᠯᠠᠯ ᠳᠠᠬᠢ ᠨᠡᠷᠡᠰ ᠢ ᠦᠨᠳᠦᠰᠦᠯᠡᠪᠡᠯ᠂  ᠥᠪᠥᠷ  ᠮᠣᠩᠭᠤᠯ ᠤᠨ  ᠥᠪᠡᠷᠲᠡᠭᠡᠨ  ᠵᠠᠰᠠᠬᠤ  ᠣᠷᠣᠨ ᠤ  ᠣᠷᠳᠣᠰ‌ᠬᠤᠲᠠ ᠶᠢᠨ ᠵᠡᠭᠦᠨᠭᠠᠷ ᠬᠤᠰᠢᠭᠤ᠂ ᠪᠤᠭᠤᠲᠤ ᠬᠤᠲᠠ ᠶᠢᠨ ᠰᠢᠭᠤᠶᠢᠲᠤ ᠲᠣᠭᠤᠷᠢᠭ᠂  ᠪᠠᠶᠠᠨᠨᠠᠭᠤᠷ  ᠬᠤᠲᠠ ᠶᠢᠨ  ᠤᠷᠠᠳ ‍ᠤᠨ‌‍ᠲ᠋ᠤᠮᠳᠠᠳᠤ ᠬᠤᠰᠢᠭᠤ᠂ ᠬᠥᠯᠥᠨ ᠪᠤᠶᠢᠷ ᠬᠤᠲᠠ ᠶᠢᠨ ᠠᠷᠤᠨ ᠬᠤᠰᠢᠭᠤ 4 ᠭᠠᠵᠠᠷ ᠰᠣᠩᠭᠤᠭᠳᠠᠨ ᠣᠷᠣᠬᠤ ᠪᠠᠷ ᠪᠤᠢ᠃  
ᠢᠷᠡᠯᠲᠡ᠄ ᠠᠷᠠᠳ ᠤᠨ ᠰᠥᠯᠵᠢᠶ᠎ᠡ