ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠳᠥᠷᠪᠡᠳᠦᠭᠡᠷ ᠤᠳᠠᠭ᠎ᠠ ᠶᠢᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/24
      4 ᠰᠠᠷ᠎ᠠ ᠶᠢᠨ 22  ᠤᠨ ᠡᠳᠦᠷ᠂  ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠳᠥᠷᠪᠡᠳᠦᠭᠡᠷ ᠤᠳᠠᠭ᠎ᠠ ᠶᠢᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠷᠠᠯ ᠢ ᠬᠤᠷᠠᠯᠳᠤᠭᠤᠯᠪᠠ᠃  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠡᠷᠭᠢᠯᠡᠪᠡ᠃       ᠬᠤᠷᠠᠯ ᠳᠡᠭᠡᠷ᠎ᠡ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ︽ᠪᠦᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠪᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ  ᠰᠢᠢᠳᠬᠡᠯ ᠥᠭᠬᠦ ᠳᠦᠷᠢᠮ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠪᠣᠯᠣᠨ ︽ᠬᠢᠶ᠎ᠠ ᠪᠠᠭᠰᠢ ᠲᠣᠭᠤᠷᠢᠭ ᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠤᠨ ᠵᠣᠷᠢᠭ ᠰᠠᠨᠠᠭ᠎ᠠ ᠶᠢ ᠪᠢᠴᠢᠭ ᠢᠶᠠᠷ ᠰᠤᠷᠤᠯᠴᠠᠪᠠ᠃       ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ  ᠬᠦᠭᠵᠢᠭᠡᠭᠰᠡᠨ ᠳᠣᠲᠣᠭᠠᠳᠤ ᠬᠥᠳᠡᠯᠭᠡᠬᠦ ᠬᠦᠴᠦᠨ ᠢ ᠦᠨᠡᠨᠬᠦ ᠪᠦᠬᠦ  ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ  ᠭᠡᠵᠦ ᠴᠢᠬᠤᠯᠠᠴᠢᠯᠠᠪᠠ᠃       ᠲᠣᠰ ᠤᠳᠠᠭᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠡᠵᠡᠮᠳᠡᠵᠦ᠂  ᠲᠤᠭᠤᠷᠢᠭ ᠤᠨ ᠨᠠᠮ ᠤᠨ ᠬᠤᠷᠢᠶ᠎ᠠ ᠶᠢᠨ ᠲᠣᠭᠲᠠᠭᠠᠭᠰᠠᠨ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠡᠷᠡᠭᠵᠢᠭᠦᠯᠬᠦ ᠲᠥᠰᠥᠯ︾ ᠤᠨ ᠠᠵᠢᠯ ᠤᠨ ᠡᠭᠦᠷᠭᠡ ᠶᠢ ᠴᠢᠩᠭ᠎ᠠ ᠵᠢᠷᠤᠮᠯᠠᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠰᠠᠶᠢᠲᠤᠷ ᠪᠡᠶᠡᠯᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠪᠦᠬᠦ ᠲᠤᠭᠤᠷᠢᠭ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠲᠠᠢ ᠪᠦᠲᠦᠮᠵᠢᠲᠡᠢ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠣᠷᠭᠠᠨᠢᠭ ᠢᠶᠠᠷ ᠤᠶᠠᠯᠳᠤᠭᠤᠯᠬᠤ᠂ ᠬᠠᠮᠲᠤᠪᠠᠷ ᠠᠬᠢᠭᠤᠯᠬᠤ ᠶᠢ ᠴᠢᠩᠭᠠᠳᠬᠠᠵᠤ᠂ ᠴᠢᠨᠠᠷ ᠰᠠᠶᠢᠲᠠᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠷ ᠳᠠᠮᠵᠢᠭᠤᠯᠤᠨ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠲᠤᠭᠤᠷᠢᠭ  ᠪᠠ ᠦᠵᠡᠰᠬᠦᠯᠡᠩᠲᠦ ᠰᠠᠶᠢᠬᠠᠨ ᠳᠤᠯᠠᠭᠠᠨ ᠬᠤᠳᠠ ᠶᠢᠨ ᠵᠢᠱᠢᠶ᠎ᠡ ᠦᠵᠡᠭᠦᠯᠬᠦ  ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠠᠢ᠃   
ᠢᠷᠡᠯᠲᠡ᠄ ᠳᠣᠰ ᠰᠦᠯᠵᠢᠶ᠎ᠡ