ᠰᠠᠶᠢᠨ ᠡᠬᠢᠯᠡᠯᠲᠡ ᠲᠠᠢ ᠪᠠᠶᠢᠨ᠎ᠠ︕ ᠬᠢᠶ᠎ᠠ ᠪᠠᠭᠰᠢ ᠲᠣᠭᠤᠷᠢᠭ ᠤᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ  ᠠᠵᠢᠯᠯᠠᠭ᠎ᠠ ᠲᠣᠭᠲᠠᠭᠤᠨ  ᠪᠠᠶᠢᠬᠤ  ᠶᠢᠨ ᠵᠡᠷᠭᠡ ᠳᠡᠭᠡᠭᠰᠢᠯᠡᠯᠲᠡ ᠲᠠᠢ
ᠨᠡᠶᠢᠲᠡᠯᠡᠭᠰᠡᠨ ᠴᠠᠭ᠄
2024/4/24
     ᠡᠨᠡ ᠵᠢᠯ ᠠᠴᠠ ᠨᠠᠰᠢ᠂ ᠪᠦᠬᠦ ᠲᠤᠭᠤᠷᠢᠭ ᠢᠶᠠᠷ ᠢᠶᠠᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠪᠠᠷ ᠵᠢᠯᠣᠭᠤᠳᠤᠯᠭ᠎ᠠ ᠪᠣᠯᠭᠠᠬᠤ  ᠶᠢ ᠪᠠᠷᠢᠮᠲᠠᠯᠠᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠪᠠ ᠬᠤᠲᠠ ᠶᠢᠨ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠬᠥᠭᠵᠢᠯᠲᠡ ᠶᠢᠨ  ᠦᠵᠡᠯᠲᠡ  ᠶᠢ  ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠤᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ  ᠲᠤᠭᠤᠷᠢᠭ ᠪᠠ ᠦᠵᠡᠰᠬᠦᠯᠡᠩᠲᠦ ᠰᠠᠶᠢᠬᠠᠨ ᠳᠤᠯᠠᠭᠠᠨ ᠬᠤᠲᠠ ᠶᠢᠨ ᠵᠢᠱᠢᠶ᠎ᠡ ᠦᠵᠡᠭᠦᠯᠬᠦ  ᠲᠤᠭᠤᠷᠢᠭ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠪᠥᠬᠦ  ᠲᠤᠭᠤᠷᠢᠭ ᠤᠨ ᠠᠵᠤ ᠠᠬᠤᠢ ᠳᠤ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠦᠷᠭᠦᠯᠵᠢᠯᠡᠨ ᠢᠯᠡᠷᠡᠵᠦ᠂ ᠠᠵᠤ ᠠᠬᠤᠢ ᠶᠢᠨ  ᠠᠵᠢᠯᠯᠠᠭ᠎ᠠ  ᠲᠣᠭᠲᠠᠭᠤᠨ ᠪᠠᠶᠢᠬᠤ ᠶᠢᠨ ᠵᠡᠷᠭᠡ ᠳᠤ ᠳᠡᠭᠡᠭᠰᠢᠯᠡᠯᠲᠡ ᠲᠠᠢ ᠪᠣᠯᠵᠤ᠂ ᠰᠠᠶᠢᠨ ᠡᠬᠢᠯᠡᠯᠲᠡ ᠲᠠᠢ ᠪᠣᠯᠪᠠ᠃       ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2024 ᠣᠨ ᠤ ᠨᠢᠭᠡᠳᠦᠭᠡᠷ ᠤᠯᠠᠷᠢᠯ ᠳᠤ᠂ ᠪᠦᠬᠦ  ᠲᠤᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 38.96 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠦᠯᠦ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 12.6% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠳᠤ ᠬᠤᠶᠠᠳᠤᠭᠠᠷ ᠲᠤ ᠣᠷᠣᠪᠠ ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 37.4% ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 7.56 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.4% ᠨᠡᠮᠡᠭᠳᠡᠪᠡ ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 31.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.6% ᠨᠡᠮᠡᠭᠳᠡᠪᠡ᠃      ᠨᠢᠭᠡ᠂ ᠬᠡᠪᠴᠢᠶ᠎ᠡ  ᠠᠴᠠ ᠳᠡᠭᠡᠭᠰᠢᠬᠢ ᠠᠵᠤ ᠦᠢᠯᠡᠳᠪᠦᠷᠢ ᠰᠠᠶᠢᠨ ᠡᠬᠢᠯᠡᠯᠲᠡ ᠲᠠᠢ ᠪᠣᠯᠵᠤ᠂ ᠦᠢᠯᠡᠳᠪᠦᠷᠢᠯᠡᠯ ᠤᠨ ᠠᠵᠢᠯᠯᠠᠭᠠᠨ ᠤ ᠪᠠᠶᠢᠳᠠᠯ ᠡᠷᠴᠢᠮᠲᠡᠢ ᠪᠠᠶᠢᠨ᠎ᠠ᠃ ᠨᠢᠭᠡᠳᠦᠭᠡᠷ ᠤᠯᠠᠷᠢᠯ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 9.1% ᠪᠠᠶᠢᠵᠤ᠂ ᠪᠥᠬᠦ ᠬᠤᠲᠠ ᠶᠢᠨ ᠬᠢᠷᠢ ᠲᠦᠪᠰᠢᠨ ᠠᠴᠠ 2.9 ᠵᠠᠭᠤᠨ ᠤ ᠨᠢᠭᠡᠴᠢ ᠥᠨᠳᠥᠷ ᠪᠠᠶᠢᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠭᠤᠷᠪᠠᠳᠤᠭᠠᠷ ᠲᠤ ᠣᠷᠣᠪᠠ ᠃ ᠲᠦᠷᠦᠯ ᠵᠦᠢᠯ ᠬᠤᠪᠢᠶᠠᠵᠤ ᠦᠵᠡᠪᠡᠯ᠂ ᠦᠢᠯᠡᠳᠬᠦ  ᠦᠢᠯᠡᠰ  92% ᠢᠶᠠᠷ ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠣᠯᠣᠨ ᠬᠠᠩᠭᠠᠯᠭ᠎ᠠ ᠶᠢᠨ ᠦᠢᠯᠡᠰ 8.5% ᠢᠶᠠᠷ ᠨᠡᠮᠡᠭᠳᠡᠵᠡᠢ᠃       ᠬᠤᠶᠠᠷ᠂  ᠬᠡᠪᠴᠢᠶ᠎ᠡ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠲᠦᠷᠭᠡᠪᠴᠢᠯᠡᠨ ᠰᠡᠷᠭᠦᠪᠡ᠃ 1 ︱ 2 ᠳ᠋ᠤᠭᠠᠷ ᠰᠠᠷ᠎ᠠ ᠳᠤ᠂ ᠪᠥᠬᠦ  ᠲᠤᠭᠤᠷᠢᠭ ᠤᠨ  ᠬᠡᠪᠴᠢᠶ᠎ᠡ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠬᠥᠮᠥᠷᠭᠡ ᠳᠤ ᠪᠠᠶᠢᠭ᠎ᠠ ᠠᠵᠤ ᠠᠬᠤᠶᠢᠯᠠᠯ 22 ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ 4.46 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠠᠵᠢᠯ ᠲᠥᠷᠥᠯ ᠤᠨ ᠲᠥᠷᠥᠯ ᠵᠦᠢᠯ ᠢᠶᠠᠷ ᠬᠤᠪᠢᠶᠠᠵᠤ ᠦᠵᠡᠪᠡᠯ᠂  ᠬᠡᠪᠴᠢᠶ᠎ᠡ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠵᠢᠷᠭᠤᠭᠠᠨ ᠠᠵᠢᠯ ᠲᠥᠷᠥᠯ ᠤᠨ ᠳᠣᠲᠣᠷ᠎ᠠ᠂ ᠬᠤᠶᠠᠷ ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠨᠢ ᠨᠡᠮᠡᠭᠳᠡᠬᠦ ᠬᠠᠨᠳᠤᠰᠢ ᠲᠠᠢ ᠪᠠᠶᠢᠨ᠎ᠠ᠃ ᠡᠭᠦᠨ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠪᠠ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ ᠤᠨ ᠡᠵᠡᠩᠨᠡᠯᠲᠡ ᠶᠢᠨ ᠣᠷᠣᠯᠭ᠎ᠠ ᠨᠢ ᠠᠳᠠᠯᠢ ᠬᠤᠭᠤᠴᠠᠭᠠᠨ ᠤ  ᠬᠢ ᠠᠴᠠ ᠲᠣᠰ ᠲᠣᠰ 7.71% ᠪᠠ 28.87% ᠪᠠᠷ ᠨᠡᠮᠡᠭᠳᠡᠪᠡ᠃ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠰᠡᠷᠭᠦᠭᠡᠪᠡ᠃  ᠬᠡᠪᠴᠢᠶ᠎ᠡ ᠠᠴᠠ ᠳᠡᠭᠡᠭᠰᠢᠬᠢ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 1620 ᠲᠦᠮᠡᠨ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 91.5% ᠪᠠᠷ ᠨᠡᠮᠡᠭᠳᠡᠪᠡ᠃    ᠭᠤᠷᠪᠠ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠦᠷᠭᠦᠯᠵᠢᠯᠡᠨ ᠰᠠᠶᠢᠵᠢᠷᠠᠵᠤ᠂ ᠠᠷᠠᠳ ᠤᠨ ᠪᠡᠯᠡ ᠣᠷᠣᠭᠤᠯᠤᠯᠲᠠ ᠶᠢᠨ  ᠠᠮᠢᠵᠢᠷᠠᠯ  ᠤᠨ ᠬᠦᠴᠦᠨ ᠮᠡᠳᠡᠭᠳᠡᠬᠦᠶᠢᠴᠡ ᠪᠣᠯᠪᠠ᠃ ᠨᠢᠭᠡᠳᠦᠭᠡᠷ ᠤᠯᠠᠷᠢᠯ ᠳᠤ᠂ ᠪᠥᠬᠦ  ᠲᠤᠭᠤᠷᠢᠭ  ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 25.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠲᠠᠪᠤᠳᠤᠭᠠᠷ ᠲᠤ ᠣᠷᠣᠪᠠ᠃ ᠠᠷᠠᠳ ᠤᠨ ᠪᠡᠯᠡ ᠣᠷᠣᠭᠤᠯᠤᠯᠲᠠ ᠶᠢᠨ  ᠠᠮᠢᠵᠢᠷᠠᠯ ᠤᠨ ᠬᠦᠴᠦᠨ ᠢᠯᠡᠳᠲᠡ ᠪᠣᠯᠪᠠ᠃ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.4% ᠨᠡᠮᠡᠭᠳᠡᠵᠦ᠂ 82.3% ᠶᠢ ᠡᠵᠡᠯᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠢ 19.1 ᠵᠠᠭᠤᠨ ᠤ ᠨᠢᠭᠡᠴᠢ ᠳᠠᠶᠢᠴᠢᠯᠠᠪᠠ᠃ ᠭᠡᠷ ᠪᠠᠶᠢᠰᠢᠩ ᠭᠠᠵᠠᠷ ᠬᠥᠷᠥᠩᠭᠡ ᠶᠢᠨ  ᠲᠦᠷᠦᠯ ᠵᠦᠢᠯ  ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 43% ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢ 37.8 ᠵᠠᠭᠤᠨ ᠤ ᠨᠢᠭᠡᠴᠢ ᠨᠡᠮᠡᠭᠳᠡᠭᠦᠯᠪᠡ᠃      ᠳᠥᠷᠪᠡ᠂ ᠬᠡᠷᠡᠭᠯᠡᠭᠡᠨ ᠤ ᠵᠠᠬ᠎ᠠ ᠳᠡᠯᠭᠡᠭᠦᠷ ᠲᠠᠰᠤᠷᠠᠯᠳᠠ ᠦᠭᠡᠢ ᠰᠠᠶᠢᠵᠢᠷᠠᠵᠤ᠂ ᠮᠠᠰᠢᠨ ᠲᠡᠷᠭᠡᠨ ᠤ ᠬᠡᠷᠡᠭᠯᠡᠭᠡᠨ ᠤ ᠨᠡᠮᠡᠭᠳᠡᠯ ᠤᠨ ᠬᠡᠮᠵᠢᠶ᠎ᠡ ᠮᠡᠳᠡᠭᠳᠡᠬᠦᠶᠢᠴᠡ ᠪᠣᠯᠪᠠ᠃ ᠨᠢᠭᠡᠳᠦᠭᠡᠷ ᠤᠯᠠᠷᠢᠯ ᠳᠤ᠂ ᠪᠥᠬᠦ  ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ  ᠪᠥᠬᠦ ᠲᠤᠭ᠎ᠠ 21.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠪᠥᠬᠦ ᠬᠤᠲᠠ ᠳᠤ ᠭᠤᠷᠪᠠᠳᠤᠭᠠᠷ ᠲᠤ ᠣᠷᠣᠪᠠ ᠃ ᠬᠡᠷᠡᠭᠯᠡᠭᠡᠨ ᠤ ᠬᠡᠯᠪᠡᠷᠢ ᠠᠴᠠ ᠦᠵᠡᠪᠡᠯ᠂ ᠲᠠᠸᠠᠷ ᠤᠨ ᠵᠢᠵᠢᠭᠯᠡᠨ  ᠬᠤᠳᠠᠯᠳᠤᠬᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 1.1% ᠨᠡᠮᠡᠭᠳᠡᠵᠦ᠂ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 19.5% ᠨᠡᠮᠡᠭᠳᠡᠵᠡᠢ᠃ ᠡᠭᠦᠨ ᠳᠤ᠂ ᠭᠤᠣᠯ ᠪᠣᠯᠬᠤ ᠲᠠᠸᠠᠷ᠄ ᠴᠢᠯᠠᠭᠤᠨ ᠲᠣᠰᠣ ᠵᠢᠴᠢ ᠦᠢᠯᠡᠳᠬᠦᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 0.2% ᠨᠡᠮᠡᠭᠳᠡᠵᠦ᠂ ᠮᠠᠰᠢᠨ ᠲᠡᠷᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 87.7% ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 112.1% ᠨᠡᠮᠡᠭᠳᠡᠵᠡᠢ᠃ ᠪᠤᠰᠤᠳ ᠲᠠᠸᠠᠷ᠄ ᠠᠮᠤ ᠲᠣᠰᠣ ᠢᠳᠡᠭᠡᠨ ᠤ ᠵᠦᠢᠯ ᠠᠳᠠᠯᠢ ᠬᠤᠭᠤᠴᠠᠭᠠᠨ ᠤ ᠬᠢ ᠠᠴᠠ 26.3% ᠨᠡᠮᠡᠭᠳᠡᠵᠦ᠂ ᠠᠷᠢᠬᠢ ᠲᠠᠮᠠᠬᠢᠨ ᠤ ᠵᠦᠢᠯ  ᠠᠳᠠᠯᠢ ᠬᠤᠭᠤᠴᠠᠭᠠᠨ ᠤ ᠬᠢ ᠠᠴᠠ 12.1% ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠠᠳᠠᠯᠢ ᠬᠤᠭᠤᠴᠠᠭᠠᠨ ᠤ ᠬᠢ ᠠᠴᠠ 3.8% ᠨᠡᠮᠡᠭᠳᠡᠵᠦ᠂ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠵᠦᠢᠯ  ᠠᠳᠠᠯᠢ ᠬᠤᠭᠤᠴᠠᠭᠠᠨ ᠤ ᠬᠢ ᠠᠴᠠ 80.1% ᠨᠡᠮᠡᠭᠳᠡᠵᠡᠢ᠃       ᠲᠠᠪᠤ᠂ ᠡᠳ᠋ ᠤᠨ ᠵᠠᠰᠠᠭ ᠤᠨ ᠣᠷᠣᠯᠭ᠎ᠠ  ᠲᠣᠭᠲᠠᠭᠤᠨ ᠢᠶᠠᠷ ᠨᠡᠮᠡᠭᠳᠡᠵᠦ᠂ ᠵᠠᠷᠤᠯᠭ᠎ᠠ  ᠨᠢ ᠢᠮᠠᠭᠲᠠ ᠨᠡᠯᠢᠶᠡᠳ ᠴᠢᠩᠭ᠎ᠠ ᠡᠷᠴᠢᠮ ᠲᠠᠢ᠃ ᠨᠢᠭᠡᠳᠦᠭᠡᠷ ᠤᠯᠠᠷᠢᠯ ᠳᠤ ᠪᠥᠬᠦ  ᠲᠤᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 3.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠪᠠᠷᠢᠮᠵᠢᠶ᠎ᠠ ᠶᠢᠨ ᠨᠡᠮᠡᠭᠳᠡᠯ ᠤᠨ ᠬᠡᠮᠵᠢᠶ᠎ᠡ 5.95% ᠳᠤ ᠬᠥᠷᠪᠡ᠃ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ 8.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.3% ᠨᠡᠮᠡᠭᠳᠡᠵᠡᠢ᠃      ᠵᠢᠷᠭᠤᠭ᠎ᠠ᠂ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠨᠡᠮᠡᠭᠳᠡᠭᠦᠯᠵᠦ᠂ ᠴᠠᠯᠢᠩ ᠤᠨ ᠴᠢᠨᠠᠷᠲᠠᠢ ᠣᠷᠣᠯᠭ᠎ᠠ ᠶᠢᠨ ᠲᠤᠯᠭᠠᠭᠤᠷᠢᠯᠠᠯ ᠢᠯᠡᠷᠬᠡᠢ ᠶᠤᠮ᠃ ᠨᠢᠭᠡᠳᠦᠭᠡᠷ ᠤᠯᠠᠷᠢᠯ ᠳᠤ᠂ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 15984 ᠲᠥᠭᠦᠷᠢᠭ ᠲᠤ ᠬᠦᠷᠴᠦ᠂ ᠨᠡᠷ᠎ᠡ ᠳᠡᠭᠡᠷ᠎ᠡ ᠪᠠᠨ 6.0% ᠨᠡᠮᠡᠭᠳᠡᠵᠡᠢ᠂ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠠᠴᠠ ᠦᠵᠡᠪᠡᠯ᠂ ᠬᠠᠷᠢᠴᠠᠯᠠᠰᠢᠭᠦᠢ ᠬᠡᠮᠵᠢᠶ᠎ᠡ  ᠨᠢ ᠪᠥᠬᠦ ᠬᠤᠲᠠ ᠶᠢᠨ ᠨᠢᠭᠡᠳᠦᠭᠡᠷ ᠲᠤ ᠵᠢᠭᠰᠠᠭᠠᠭᠳᠠᠵᠠᠢ᠃ ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 16360 ᠲᠥᠭᠦᠷᠢᠭ ᠲᠤ ᠬᠦᠷᠴᠦ᠂ ᠨᠡᠷ᠎ᠡ ᠳᠡᠭᠡᠷ᠎ᠡ ᠪᠠᠨ 5.9% ᠪᠠᠷ ᠨᠡᠮᠡᠭᠳᠡᠪᠡ᠂ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠠᠴᠠ ᠦᠵᠡᠪᠡᠯ᠂ ᠬᠠᠷᠢᠴᠠᠯᠠᠰᠢᠭᠦᠢ ᠬᠡᠮᠵᠢᠶ᠎ᠡ ᠨᠢ ᠪᠥᠬᠦ ᠬᠤᠲᠠ ᠶᠢᠨ ᠳᠥᠷᠪᠡᠳᠦᠭᠡᠷ ᠲᠤ ᠵᠢᠭᠰᠠᠭᠠᠭᠳᠠᠵᠠᠢ᠃ ᠣᠷᠣᠯᠭ᠎ᠠ ᠶᠢᠨ ᠢᠷᠡᠯᠲᠡ ᠠᠴᠠ ᠦᠵᠡᠪᠡᠯ᠄ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠴᠠᠯᠢᠩ ᠤᠨ ᠴᠢᠨᠠᠷᠲᠠᠢ ᠣᠷᠣᠯᠭ᠎ᠠ  ᠶᠢᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠳᠤ ᠡᠵᠡᠯᠡᠬᠦ ᠬᠤᠪᠢ ᠶᠢᠨ ᠵᠢᠩ ᠨᠢ 75.8% ᠪᠣᠯᠣᠨ᠎ᠠ ᠃ ᠬᠥᠮᠥᠨ ᠳᠤᠮᠳᠠᠴᠢ ᠶᠢᠨ ᠡᠵᠡᠩᠨᠡᠯᠲᠡ ᠶᠢᠨ ᠴᠡᠪᠡᠷ ᠣᠷᠣᠯᠭ᠎ᠠ  ᠶᠢᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ  ᠳᠤ ᠡᠵᠡᠯᠡᠬᠦ ᠬᠤᠪᠢ ᠶᠢᠨ ᠵᠢᠩ ᠨᠢ 10.3% ᠪᠣᠯᠣᠨ᠎ᠠ ᠃  ᠬᠥᠮᠥᠨ ᠳᠤᠮᠳᠠᠴᠢ ᠶᠢᠨ ᠡᠳ᠋ ᠬᠥᠷᠥᠩᠭᠡ ᠶᠢᠨ ᠴᠡᠪᠡᠷ ᠣᠷᠣᠯᠭ᠎ᠠ ᠶᠢᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ  ᠳᠤ ᠡᠵᠡᠯᠡᠬᠦ ᠬᠤᠪᠢ ᠶᠢᠨ ᠵᠢᠩ ᠨᠢ 8.9% ᠪᠣᠯᠣᠨ᠎ᠠ᠃ ᠬᠥᠮᠥᠨ ᠳᠤᠮᠳᠠᠴᠢ ᠶᠢᠨ ᠰᠢᠯᠵᠢᠭᠦᠯᠦᠭᠰᠡᠨ ᠴᠡᠪᠡᠷ ᠣᠷᠣᠯᠭ᠎ᠠ ᠶᠢᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠳᠤ ᠡᠵᠡᠯᠡᠬᠦ ᠬᠤᠪᠢ ᠶᠢᠨ ᠵᠢᠩ ᠨᠢ 5% ᠪᠣᠯᠣᠨ᠎ᠠ᠃      ᠶᠡᠷᠦᠩᠬᠡᠢ ᠳᠤᠨᠢ ᠠᠪᠴᠤ ᠦᠵᠡᠪᠡᠯ᠂ ᠨᠢᠭᠡᠳᠦᠭᠡᠷ ᠤᠯᠠᠷᠢᠯ ᠳᠤ ᠪᠥᠬᠦ ᠲᠤᠭᠤᠷᠢᠭ  ᠤᠨ ᠠᠵᠤ ᠠᠬᠤᠢ ᠶᠢᠨ ᠬᠥᠭᠵᠢᠯᠲᠡ ᠶᠢᠨ ᠡᠬᠢᠯᠡᠯᠲᠡ ᠶᠢᠨ ᠬᠠᠨᠳᠤᠰᠢ ᠭᠦᠢᠴᠡᠳ ᠪᠠᠶᠢᠨ᠎ᠠ᠂ ᠭᠡᠪᠡᠴᠦ ᠣᠳᠣᠬᠠᠨ ᠤ ᠬᠤᠷᠸ᠎ᠠ ᠠᠵᠤ ᠠᠬᠤᠢ ᠶᠢᠨ ᠣᠷᠴᠢᠨ ᠨᠥᠬᠦᠴᠡᠯ ᠮᠥᠨ ᠬᠦ ᠡᠭᠡᠳᠡᠷᠡᠭᠡᠨ ᠪᠤᠳᠤᠯᠢᠶᠠᠨᠲᠠᠢ ᠪᠠᠶᠢᠵᠤ᠂ ᠲᠣᠭᠲᠠᠭᠤᠨ ᠪᠤᠰᠤ  ᠲᠤᠲᠤᠷᠬᠠᠢ ᠦᠬᠡᠢ  ᠴᠢᠨᠠᠷᠲᠠᠢ ᠬᠦᠴᠦᠨ ᠵᠦᠢᠯ ᠮᠥᠨ ᠬᠦ ᠨᠡᠯᠢᠶᠡᠳ ᠣᠯᠠᠨ ᠪᠠᠶᠢᠵᠤ᠂ ᠠᠵᠤ ᠠᠬᠤᠢ ᠶᠢᠨ ᠳᠠᠬᠢᠨ ᠳᠡᠭᠡᠭᠰᠢᠯᠡᠬᠦ ᠰᠠᠭᠤᠷᠢ ᠬᠠᠷᠠᠬᠠᠨ ᠪᠠᠲᠤ ᠪᠠᠬᠢ ᠪᠢᠰᠢ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠠᠷᠤᠯᠲᠠ ᠮᠥᠨ ᠬᠦ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠲᠠᠷᠠᠭᠠᠴᠢ ᠶᠢᠨ ᠱᠠᠲᠤᠨ ᠳᠤ᠂  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠳᠤᠲᠠᠭᠤᠳᠠᠯ ᠢ ᠨᠥᠬᠦᠪᠦᠷᠢᠯᠡᠬᠦ᠂ ᠳᠠᠯᠳᠠ ᠬᠦᠴᠦᠨ ᠢ ᠠᠭᠤᠳᠠᠯᠬᠤ᠂ ᠳᠠᠪᠠᠭᠤᠯᠢᠭ ᠢ ᠨᠡᠮᠡᠭᠳᠡᠭᠦᠯᠬᠦ ᠪᠠᠷ ᠬᠦᠴᠦᠯᠡᠵᠦ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃  
ᠢᠷᠡᠯᠲᠡ᠄ ᠳᠣᠰ ᠰᠦᠯᠵᠢᠶ᠎ᠡ