ᠠᠵᠦ ᠠᠬᠤᠢ ᠶᠢᠨ ᠬᠦᠭᠵᠢᠯᠲᠡ
ᠨᠡᠶᠢᠲᠡᠯᠡᠭᠰᠡᠨ ᠴᠠᠭ᠄
2024/4/28
        ᠠᠩᠬ᠎ᠠ ᠠᠯᠬᠤᠮ ᠲᠣᠭᠠᠴᠠᠭ᠎ᠠ ᠬᠢᠭᠡᠳ 2023 ᠣᠨ ᠳᠤ ᠪᠥᠬᠦ  ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ   ᠨᠢ140.95 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 7.3% ᠪᠠᠷ ᠨᠡᠮᠡᠭᠳᠡᠨ᠂ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠨᠢ 0.0031 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠪᠡ ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠨᠢ 36.96 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ  ᠨᠢ 103.99 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 0᠄ 26᠄ 74  ᠪᠠᠶᠢᠵᠤ᠂ ᠪᠥᠬᠦ ᠵᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 27.9 % ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 9.3 % ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 10.8 % ᠪᠠᠷ ᠨᠡᠮᠡᠭᠳᠡᠵᠦ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 60952 ᠲᠥᠭᠦᠷᠢᠭ ᠲᠤ ᠬᠦᠷᠪᠡ᠃

摄图网_401756629_wx_经济高速发展(非企业商用).jpg

 

ᠢᠷᠡᠯᠲᠡ᠄ ᠲᠣᠰ ᠰᠥᠯᠵᠢᠶ᠎ᠠ