ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/29
       4 ᠰᠠᠷ᠎ᠠ ᠶᠢᠨ 28 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠧᠨ ᠬᠤᠸᠠ ᠬᠤᠷᠠᠯ ᠢ ᠡᠷᠭᠢᠯᠡᠪᠡ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠪᠣᠯᠤᠨ ᠴᠦᠩᠴᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ  ᠤᠶᠢᠯᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠬᠤᠶᠠᠷ ᠶᠡᠭᠡ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ ᠬᠢᠶ᠎ᠠ ᠪᠠᠭᠰᠢ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠬᠥᠭᠵᠢᠭᠦᠯᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠣᠷᠣᠨ ᠪᠠ ᠦᠵᠡᠰᠬᠦᠯᠡᠩᠲᠦ ᠰᠠᠶᠢᠬᠠᠨ ᠳᠤᠯᠠᠭᠠᠨ ᠬᠤᠲᠠ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ  ᠠᠬᠢᠭᠤᠯᠣᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠷᠨᠢᠭᠦᠯᠦᠨ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠪᠣᠳᠠᠲᠤ ᠶᠠᠪᠤᠳᠠᠯ ᠢ ᠰᠠᠶᠢᠲᠤᠷ ᠲᠥᠯᠥᠪᠵᠢᠭᠦᠯᠦᠨ ᠬᠡᠷᠡᠭᠵᠢᠭᠦᠯᠵᠦ᠂ ᠪᠦᠬᠦ  ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠡᠢ᠃         ᠬᠤᠷᠠᠯ ᠠᠴᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠠ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠠᠨ ᠤ ᠥᠷᠨᠢᠭᠦᠯᠦᠭᠰᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ᠂ ᠤᠯᠠᠨ ᠲᠦᠮᠡᠨ ᠤ ᠲᠤᠰᠬᠠᠯ ᠴᠢᠩᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠴᠡᠭᠴᠡᠯᠡᠨ ᠵᠠᠰᠠᠬᠤ ᠬᠡᠷᠡᠭᠲᠡᠢ ᠭᠡᠵᠦ ᠴᠢᠬᠤᠯᠠᠴᠢᠯᠠᠪᠠ᠃         ᠬᠤᠷᠠᠯ ᠠᠴᠠ ︽ᠲᠠᠪᠤᠨ ᠶᠡᠭᠡ ᠡᠭᠦᠷᠭᠡ︾ ᠶᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠨᠠᠷᠢᠯᠢᠭᠵᠢᠭᠤᠯᠣᠨ᠂ ᠲᠤᠷᠰᠢᠯᠭ᠎ᠠ ᠠᠷᠭ᠎ᠠ ᠬᠢᠳᠡᠯ ᠢ ᠭᠦᠨᠵᠡᠭᠡᠢ ᠠᠭᠤᠳᠠᠯᠵᠤ᠂ ᠬᠢᠶ᠎ᠠ ᠪᠠᠭᠰᠢ ᠶᠢᠨ ᠪᠣᠳᠠᠲᠠᠢ ᠪᠠᠶᠢᠳᠠᠯ ᠲᠠᠢ ᠨᠢᠭᠲᠠ ᠤᠶᠠᠯᠳᠤᠭᠤᠯᠤᠨ ︽ᠲᠠᠪᠤᠨ ᠶᠡᠭᠡ ᠡᠭᠦᠷᠭᠡ︾ ᠶᠢᠨ ᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃         ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠳᠡᠭᠡᠭᠰᠢᠯᠡᠭᠦᠯᠬᠦ ᠳᠡᠭᠡᠷ᠎ᠡ ᠬᠦᠴᠦ  ᠲᠠᠯᠪᠢᠨ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠷᠢᠭ ᠤᠨ ᠨᠠᠮ ᠤᠨ ᠬᠤᠷᠢᠶᠠᠨ ᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠨᠠᠯᠲᠠ ᠲᠠᠯᠪᠢᠬᠤ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠭᠦᠷᠭᠡ ᠬᠠᠷᠢᠭᠤᠴᠠᠯᠭ᠎ᠠ ᠲᠣᠳᠣᠷᠬᠠᠢ᠂ ᠵᠣᠯᠭᠠᠯᠴᠠᠭ᠎ᠠ ᠤᠷᠤᠭᠰᠢᠲᠠᠢ᠂ ᠬᠠᠮᠵᠢᠯᠴᠠᠭ᠎ᠠ ᠪᠦᠲᠦᠮᠵᠢᠲᠡᠢ ᠠᠵᠢᠯ ᠤᠨ ᠰᠢᠰᠲ᠋ᠧᠮ ᠢ ᠲᠦᠷᠭᠡᠨ ᠪᠠᠶᠢᠭᠤᠯᠵᠤ᠂ ᠬᠢᠨᠠᠯᠲᠠ ᠲᠠᠯᠪᠢᠵᠤ ᠵᠠᠰᠠᠬᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠪᠦᠬᠦ ᠲᠤᠭᠤᠷᠢᠭ ᠤᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠢᠯ ᠤᠨ ᠡᠬᠢᠨ ᠤ ᠬᠠᠷᠠᠯᠲᠠ ᠡᠭᠦᠷᠭᠡ ᠶᠢᠨ ᠲᠣᠭᠤᠷᠢᠨ ᠳᠤ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠬᠤ᠂ ᠵᠢᠷᠤᠭ ᠡᠯᠭᠦᠨ ᠪᠠᠶᠢᠯᠳᠤᠬᠤ ᠶᠢ ᠪᠠᠷᠢᠮᠲᠠᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠠᠬᠢᠴᠠ ᠶᠢ ᠪᠦᠬᠦ ᠬᠦᠴᠦᠨ ᠢᠶᠠᠷ ᠢᠶᠠᠨ ᠠᠳᠬᠤᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠣᠨ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠨ᠂ ᠴᠢᠬᠤᠯᠠ ᠶᠡᠭᠡ ᠠᠵᠢᠯᠯᠠᠭ᠎ᠠ ᠶᠢᠨ ᠠᠮᠤᠷ ᠲᠦᠪᠰᠢᠨ ᠤ ᠪᠠᠲᠤᠯᠠᠭ᠎ᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠭᠡᠮ ᠰᠣᠭᠤᠭ᠂ ᠪᠠᠷᠢᠯᠭ᠎ᠠ ᠶᠢᠨ ᠭᠠᠵᠠᠷ ᠤᠨ ᠪᠠᠷᠢᠯᠭ᠎ᠠ ᠶᠢᠨ ᠠᠮᠤᠷ ᠲᠦᠪᠰᠢᠨ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠠᠶᠤᠯ ᠲᠦᠭᠰᠢᠭᠦᠷᠢ ᠶᠢᠨ ᠭᠡᠮ ᠰᠣᠭᠤᠭ ᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠦᠬᠦ ᠲᠤᠭᠤᠷᠢᠭ ᠤᠨ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠪᠠᠰᠠ ᠪᠤᠰᠤᠳ ᠵᠦᠢᠯ ᠢ ᠰᠣᠳᠣᠯᠪᠠ᠃ 
ᠢᠷᠡᠯᠲᠡ᠄ ᠲᠣᠰ ᠰᠥᠯᠵᠢᠶ᠎ᠡ