ᠲᠤᠭᠤᠷᠢᠭ ᠤᠨ  ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠳᠥᠷᠪᠡᠳᠦᠭᠡᠷ  ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/4/3
     1712028465464.png
      ᠣᠶᠢᠷ᠎ᠠ ᠳᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠳᠥᠷᠪᠡᠳᠦᠭᠡᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠢᠪᠡ᠃      ᠰᠤᠷᠤᠯᠴᠠᠯᠭ᠎ᠠ ᠶᠢᠨ ᠬᠤᠷᠠᠯ ᠠᠴᠠ ᠥᠪᠥᠷ ᠮᠣᠩᠭᠤᠯ ᠤᠨ ᠢᠲᠡᠭᠡᠮᠵᠢ ᠶᠢ ᠠᠬᠢᠭᠤᠯᠬᠤ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠢᠦᠢ ᠶᠠᠨ ᠳ᠋ᠦᠩ ᠢ ᠤᠷᠢᠵᠤ᠂ ︽ᠨᠡᠶᠢᠭᠡᠮ ᠤᠨ ᠢᠲᠡᠭᠡᠮᠵᠢ ᠶᠢᠨ  ᠰᠢᠰᠲ᠋ᠧᠮ ᠤᠨ ᠪᠠᠶᠢᠭᠤᠯᠤᠯᠲᠠ ᠶᠢᠨ ᠲᠦᠷᠦ ᠶᠢᠨ ᠪᠣᠳᠣᠯᠭ᠎ᠠ ᠪᠠ ᠦᠢᠯᠡᠳᠦᠯᠭᠡ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃      ᠲᠠᠶᠢᠯᠤᠮᠵᠢ ᠳᠤ᠂ ᠢᠦᠢ ᠶᠠᠨ ᠳ᠋ᠦᠩ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ  ᠤᠨ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠵᠤ᠂ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠡᠨᠡᠬᠦ ᠭᠤᠣᠯ ᠰᠡᠳᠦᠪ ᠭᠤᠣᠯ ᠱᠤᠭᠤᠮ ᠢᠶᠠᠷ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠵᠢᠴᠢ ᠬᠢᠶ᠎ᠠ ᠪᠠᠭᠰᠢ ᠲᠣᠭᠤᠷᠢᠭ ᠤᠨ ᠲᠤᠰ ᠪᠡᠶ᠎ᠡ ᠶᠢᠨ ᠳᠠᠪᠠᠭᠤᠯᠢᠭ ᠢᠶᠠᠨ ᠬᠡᠷᠬᠢᠨ ᠪᠠᠳᠠᠷᠠᠭᠤᠯᠬᠤ ᠪᠣᠳᠠᠲᠠᠢ ᠠᠷᠭ᠎ᠠ ᠬᠡᠮᠵᠢᠶ᠎ᠡ ᠶᠢᠨ ᠲᠤᠬᠠᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠡᠢ᠃       ᠲᠠᠶᠢᠯᠤᠮᠵᠢ ᠨᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠴᠢᠬᠤᠯᠠ ᠴᠢᠨᠠᠷ᠂ ᠤᠬᠠᠭᠳᠠᠬᠤᠨ ᠬᠢᠭᠡᠳ ᠬᠥᠭᠵᠢᠯᠲᠡ ᠶᠢᠨ ᠥᠩᠭᠡᠷᠡᠯᠲᠡ᠂ ᠪᠦᠲᠦᠭᠡᠨ ᠪᠠᠶᠢᠭᠤᠯᠤᠯᠲᠠ ᠶᠢᠨ ᠣᠳᠣᠬᠢ ᠪᠠᠶᠢᠳᠠᠯ ᠪᠣᠯᠣᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠪᠣᠯᠣᠨ ᠭᠤᠣᠯᠳᠠᠯᠭ᠎ᠠ ᠲᠠᠢ ᠠᠵᠢᠯ ᠢ ᠭᠦᠨᠵᠡᠭᠡᠢ  ᠲᠠᠶᠢᠯᠪᠤᠷᠢᠯᠠᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠢᠳᠡᠪᠬᠢ ᠦᠢᠯᠡᠳᠦᠯ ᠪᠣᠯᠣᠨ ᠪᠣᠳᠠᠲᠤ ᠠᠴᠢ ᠬᠤᠯᠪᠣᠭᠳᠠᠯ  ᠂  ᠦᠵᠡᠯ ᠰᠠᠨᠠᠭᠠᠨ ᠤ ᠰᠢᠪᠲᠤᠯᠤᠯᠲᠠ ᠪᠠᠷ ᠠᠵᠢᠯ ᠤᠨ ᠰᠢᠪᠲᠤᠯᠤᠯᠲᠠ ᠶᠢ ᠲᠦᠯᠬᠢᠨ  ᠠᠬᠢᠭᠤᠯᠬᠤ᠂ ᠪᠥᠬᠦ ᠲᠤᠭᠤᠷᠢᠭ ᠤᠨ ᠢᠲᠡᠭᠡᠮᠵᠢ ᠶᠢᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠪᠡᠶᠡᠯᠡᠭᠦᠯᠬᠦ ᠳᠤ ᠮᠠᠰᠢ ᠴᠢᠩᠭ᠎ᠠ ᠴᠢᠭᠯᠡᠭᠦᠯᠦᠯᠲᠦ ᠴᠢᠨᠠᠷ ᠪᠠ ᠵᠢᠯᠤᠭᠤᠳᠬᠤ ᠴᠢᠨᠠᠷ ᠲᠠᠢ  ᠶᠤᠮ᠃      ᠲᠣᠭᠤᠷᠢᠭ ᠤᠨ ᠳᠦᠷᠪᠡᠨ ᠶᠡᠭᠡ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠰᠤᠷᠤᠯᠴᠠᠯᠭ᠎ᠠ ᠶᠢᠨ ᠬᠤᠷᠠᠯ ᠳᠤ ᠤᠷᠤᠯᠴᠠᠪᠠ᠃
ᠢᠷᠡᠯᠲᠡ᠄ ᠳᠣᠰ ᠰᠦᠯᠵᠢᠶ᠎ᠡ