ᠣᠶᠤᠨᠴᠢ ᠰᠦᠯᠵᠢᠶᠡᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠶᠡᠭᠡ ᠪᠠᠷ ᠬᠥᠭᠵᠢᠭᠦᠯᠵᠦ᠂ ᠮᠠᠰᠢᠨ ᠲᠡᠷᠭᠡᠨ ᠤ ᠠᠵᠤ ᠦᠶᠯᠡᠰ ᠤᠨ ᠳᠡᠭᠡᠳᠦ ᠲᠡᠰᠵᠢᠯᠳᠡ᠂ ᠤᠶᠤᠨᠴᠢᠯᠠᠯᠳᠠ᠂ ᠪᠣᠬᠢᠷᠲᠤᠯ ᠥᠬᠡᠶ  ᠪᠤᠯᠭᠠᠨ ᠲᠡᠰ ᠲᠠᠪᠰᠢᠬᠦᠯᠬᠦ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/4/30
        ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 28 ᠤ ᠡᠳᠦᠷ ᠤᠨ ᠮᠡᠳᠡᠭᠡ (ᠰᠤᠷᠪᠤᠯᠵᠢᠯᠠᠭᠴᠢ ᠽᠸᠦ ᠸᠧᠶ)ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ  ᠶᠢᠨ  ᠲᠣᠪᠴᠢᠶ᠎ᠠ  ᠶᠢᠨ  ᠪᠠᠶᠢᠩᠭᠤ  ᠵᠢᠨ‌‍ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠴᠢᠶᠠᠩ 4 ᠰᠠᠷ᠎ᠠ ᠶᠢᠨ 28 ᠤ ᠡᠳᠦᠷ  2024ᠪᠡᠭᠡᠵᠢᠩ ᠤᠨ ᠣᠯᠠᠨ ᠤᠯᠤᠰ ᠤᠨ ᠮᠠᠰᠢᠨ ᠲᠡᠷᠭᠡᠨ ᠤ ᠦᠵᠡᠰᠬᠦᠯᠡᠩ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ ᠲᠡᠷᠡ᠄ᠶᠡᠷᠦᠩᠬᠡᠶ ᠱᠦᠵᠢ ᠰᠢ ᠶᠢᠨ ᠫᠢᠩ ᠤᠨ ᠮᠠᠰᠢᠨ ᠲᠡᠷᠭᠡᠨ ᠤ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ  ᠶᠢ  ᠠᠬᠢᠭᠤᠯᠬᠤ‌‍ᠲ᠋ᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠣᠶᠤᠨᠴᠢ  ᠢᠨᠲ᠋ᠧᠷ  ᠰᠦᠯᠵᠢᠶᠡᠨ  ‍ᠦ‌‍ᠰᠢᠨ᠎ᠡ ᠡᠨᠧᠷᠭᠢ ᠶᠢᠨ ᠮᠠᠰᠢᠨ ᠲᠡᠷᠭᠡ ᠶᠢ ᠶᠡᠭᠡ ᠪᠠᠷ ᠬᠥᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ  ᠰᠢᠨ᠎ᠡ  ᠵᠢ‌ᠡᠭᠦᠳᠬᠦ ᠪᠠᠷ ᠠᠵᠤ ᠦᠶᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ  ᠳᠠᠭᠠᠭᠤᠯᠬᠤ  ᠶᠢ  ᠪᠠᠷᠢᠮᠲᠠᠯᠠᠵᠤ᠂  ᠨᠡᠭᠡᠭᠡᠯᠲᠡ  ᠬᠢᠵᠦ‌ᠬᠠᠮᠲᠤᠷᠠᠯᠴᠠᠬᠤ ᠶᠢ ᠭᠦᠨᠵᠡᠭᠡᠶᠢᠷᠡᠭᠦᠯᠦᠨ ᠥᠷᠭᠡᠳᠬᠡᠵᠦ᠂ ᠮᠠᠰᠢᠨ ᠲᠡᠷᠭᠡᠨ  ᠤ  ᠠᠵᠤ  ᠦᠶᠯᠡᠰ   ᠤᠨ  ᠳᠡᠭᠡᠳᠦ  ᠲᠡᠰᠵᠢᠯᠳᠡ᠂ᠤᠶᠤᠨᠴᠢᠯᠠᠯᠳᠠ᠂ ᠪᠣᠬᠢᠷᠲᠤᠯ ᠥᠬᠡᠶ ᠪᠣᠯᠭᠠᠨ ᠲᠠᠰ ᠳᠡᠪᠰᠢᠭᠦᠯᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ  ᠶᠢ  ᠨᠠᠩ ᠰᠠᠶᠢᠲᠤᠷ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃         ︽ᠰᠢᠨ᠎ᠡ ᠴᠠᠭ ᠦᠶ᠎ᠡ ᠰᠢᠨ᠎ᠡ ᠮᠠᠰᠢᠨ ᠲᠡᠷᠭᠡ︾ ᠪᠠᠷ ᠭᠤᠣᠯ ᠰᠡᠳᠦᠪ ᠪᠣᠯᠭᠠᠭᠰᠠᠨ 2024 ᠣᠨ ᠤ ᠪᠡᠭᠡᠵᠢᠩ ‍ᠦᠨ‌ᠤᠯᠠᠨ ᠤᠯᠤᠰ ᠤᠨ ᠮᠠᠰᠢᠨ ᠲᠡᠷᠭᠡᠨ ᠤ  ᠦᠵᠡᠰᠬᠦᠯᠡᠩ  ᠪᠡᠭᠡᠵᠢᠩ  ᠤᠨ  ᠳᠤᠮᠳᠠᠳᠤ  ᠤᠯᠤᠰ  ᠤᠨ  ᠤᠯᠠᠨ  ᠤᠯᠤᠰ  ‍ᠤᠨ‌ᠦᠵᠡᠰᠬᠦᠯᠡᠩ ᠤᠨ ᠲᠥᠪ ᠲᠤ ᠶᠠᠪᠤᠭᠳᠠᠪᠠ᠃ ᠯᠢ ᠴᠢᠶᠠᠩ ᠦᠵᠡᠭᠦᠯᠭᠡ ᠶᠢᠨ ᠣᠷᠳᠣᠨ ᠳᠤ ᠬᠦᠷᠴᠦ᠂ ᠳ᠋ᠦᠩ ᠹᠧᠩ᠂ ᠪᠢ ᠶᠠ‌‍ᠳᠢ᠂ ᡁᠢ ᠵᠢᠶ᠂ ᠵᠢᠶ ᠶᠤᠸᠠᠢ᠂ ᠪᠦᠦ ᠮᠠ᠂ ᠵᠢᠶ ᠯᠢ᠂ ᠰᠢᠶᠤᠤ ᠮᠢ᠂ ᠰᠠᠶ ᠯᠢ ᠰᠧ᠂ ᠰᠢᠶᠤᠤ ᠫᠧᠩ  ᠵᠡᠷᠭᠡ  ᠮᠠᠰᠢᠨ  ᠲᠡᠷᠭᠡᠨ  ‍ᠦ‌ᠣᠯᠠᠨ ᠲᠥᠷᠥᠯ ᠲᠡᠮᠳᠡᠭ ᠤᠨ ᠦᠵᠡᠭᠦᠯᠭᠡ ᠶᠢᠨ ᠲᠣᠭᠤᠷᠢᠭ ᠢ ᠲᠣᠭᠤᠷᠢᠨ ᠦᠵᠡᠵᠦ᠂ ᠦᠵᠡᠭᠦᠯᠭᠡ ᠳᠤ ᠣᠷᠣᠯᠴᠠᠭᠰᠠᠨ ᠲᠡᠷᠭᠡᠨ‌‍ᠦ  ᠬᠡᠯᠪᠡᠷᠢ  ᠪᠠ  ᠮᠡᠷᠭᠡᠵᠢᠯ  ᠤᠨ  ᠦᠵᠡᠭᠦᠯᠭᠡ  ᠶᠢ  ᠪᠠᠶᠢᠴᠠᠭᠠᠨ  ᠦᠵᠡᠵᠦ᠂  ᠬᠠᠮᠢᠶ᠎ᠠ  ᠪᠥᠬᠦᠶ  ᠠᠵᠤ  ᠠᠬᠤᠶᠢᠯᠠᠯ  ‍ᠤᠨ‌ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠰᠤᠳᠤᠯᠤᠨ ᠨᠡᠭᠡᠭᠡᠯᠳᠡ᠂ ᠦᠶᠯᠡᠳᠪᠦᠷᠢᠯᠡᠯ᠂ ᠪᠣᠷᠣᠯᠠᠭᠤᠯᠭ᠎ᠠ  ᠵᠡᠷᠭᠡ  ᠲᠠᠯ᠎ᠠ‌ᠵᠢᠨ ᠪᠠᠶᠢᠳᠠᠯ ᠢ ᠨᠠᠷᠢᠨ ᠠᠰᠠᠭᠤᠪᠠ᠃         ᠯᠢ ᠴᠢᠶᠠᠩ᠄ ᠮᠠᠰᠢᠨ ᠲᠡᠷᠭᠡᠨ ᠤ ᠦᠵᠡᠭᠦᠯᠭᠡ ᠶᠢ ᠦᠵᠡᠭᠡᠳ ᠮᠠᠰᠢ ᠤᠷᠮᠠᠰᠢᠨ  ᠵᠣᠷᠢᠭᠵᠢᠵᠦ  ᠪᠠᠶᠢᠨ᠎ᠠ᠂  ᠮᠠᠨ  ‍ᠤ‌ᠤᠯᠤᠰ ᠤᠨ ᠣᠶᠤᠨᠴᠢ ᠰᠦᠯᠵᠢᠶᠡᠨ  ᠤ ᠬᠤᠯᠪᠣᠭ᠎ᠠ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠭᠵᠢᠯᠲᠡ ᠶᠢᠨ  ᠬᠠᠨᠳᠤᠰᠢ‌ᠡᠷᠴᠢ ᠬᠦᠴᠦᠨ ᠲᠠᠢ ᠪᠠᠶᠢᠨ᠎ᠠ᠂ ᠢᠯᠠᠩᠭᠤᠶ᠎ᠠ ᠪᠦᠷᠢᠨ ᠲᠡᠭᠦᠯᠳᠡᠷ ᠠᠵᠤ ᠦᠢᠯᠡᠰ ᠤᠨ ᠰᠢᠰᠲ᠋ᠧᠮ᠂ ᠦᠷᠭᠦᠯᠵᠢᠯᠡᠭᠰᠡᠨ ᠰᠢᠨ᠎ᠡ ᠵᠢ‌ᠡᠭᠦᠳᠬᠦ ᠪᠡᠯᠡ ᠣᠷᠣᠭᠤᠯᠤᠯᠲᠠ ᠳᠤ ᠲᠦᠰᠢᠭᠯᠡᠵᠦ᠂ ᠵᠠᠬ᠎ᠠ ᠳᠡᠯᠭᠡᠭᠦᠷ ᠤᠨ ᠥᠷᠢᠰᠥᠯᠳᠦᠭᠡᠨ᠂ ᠨᠡᠬᠡᠬᠡᠯᠳᠡ ᠬᠢᠵᠦ ᠬᠠᠮᠲᠤᠷᠠᠯᠴᠠᠬᠤ‌‍ᠲ᠋ᠤᠮᠳᠠ ᠲᠡᠷᠢᠭᠦᠨ ᠤ ᠳᠠᠪᠠᠭᠤᠯᠢᠭ ᠢ ᠪᠦᠷᠢᠯᠳᠦᠭᠦᠯᠤᠭ᠍ᠰᠡᠨ ᠶᠤᠮ᠂ ᠦᠷᠭᠦᠯᠵᠢᠯᠡᠨ ᠴᠢᠷᠮᠠᠶᠢᠵᠤ᠂  ᠡᠨᠡ  ᠬᠦ  ᠳᠠᠪᠠᠭᠤᠯᠢᠭ  ᠵᠶ᠋ᠠᠨ‌‍ᠪᠠᠲᠤᠯᠠᠵᠤ᠂ ᠰᠠᠶᠢᠲᠤᠷ ᠬᠥᠭᠵᠢᠭᠦᠯᠬᠦ ᠬᠡᠷᠡᠭᠲᠡᠢ  ᠭᠡᠪᠡ᠃  ᠲᠡᠷᠡ᠄  ᠣᠳᠣᠬᠠᠨ  ᠤ  ᠮᠠᠰᠢᠨ  ᠲᠡᠷᠭᠡᠨ  ᠤ  ᠦᠢᠯᠡᠳᠬᠦᠨ  ᠨᠢ‌ᠥᠩᠭᠡᠷᠡᠭᠰᠡᠨ ᠤ ᠬᠢ ᠲᠠᠢ ᠶᠡᠭᠡ ᠠᠳᠠᠯᠢ ᠦᠭᠡᠶ ᠪᠣᠯᠵᠤ᠂ ᠨᠢᠭᠡᠨᠲᠡ ᠳᠠᠩ ᠭᠠᠭᠴᠠ ᠵᠠᠮ  ᠬᠠᠷᠢᠯᠴᠠᠭᠠᠨ  ᠤ  ᠪᠠᠭᠠᠵᠢ  ᠲᠡᠳᠦᠢ‌‍ᠪᠢᠰᠢ ᠪᠣᠯᠵᠤ᠂ ᠬᠠᠷᠢᠨ ᠡᠯ᠎ᠡ ᠵᠦᠢᠯ ᠤᠨ ᠮᠡᠷᠭᠡᠵᠢᠯ ᠢ ᠶᠡᠷᠦᠩᠬᠡᠶᠢᠯᠡᠨ  ᠬᠡᠷᠡᠭᠯᠡᠬᠦ  ᠨᠡᠶᠢᠯᠡᠮᠡᠯ  ᠰᠢᠰᠲ᠋ᠧᠮ  ᠪᠣᠯᠵᠠᠶ᠃  ᠣᠶᠤᠨᠴᠢ‌ᠢᠨᠲ᠋ᠧᠷ ᠰᠦᠯᠵᠢᠶᠡᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠮᠧᠬᠠᠨᠢᠭ᠂ ᠡᠯᠧᠺᠲᠷᠣᠨ᠂ ᠪᠣᠳᠣᠯᠭ᠎ᠠ᠂ ᠮᠡᠳᠡᠷᠡᠬᠦᠶ᠂ ᠦᠵᠡᠵᠦ ᠰᠣᠨᠣᠰᠬᠤ᠂ ᠡᠨᠧᠷᠭᠢ ᠬᠠᠳᠠᠭᠠᠯᠠᠬᠤ ᠵᠡᠷᠭᠡ ᠣᠯᠠᠨ ᠵᠦᠶᠯ ᠤᠨ ᠮᠡᠷᠭᠡᠵᠢᠯ ᠢ ᠨᠢᠭᠡ ᠴᠣᠭᠴᠠᠵᠢᠭᠤᠯᠤᠭᠰᠠᠨ ︽ᠲᠣᠮᠣ  ᠦᠵᠦᠭᠦᠷ︾ᠬᠡᠮᠡᠭᠳᠡᠵᠦ᠂ ᠮᠠᠰᠢᠨ ᠲᠡᠷᠭᠡᠨ ᠤ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ  ᠶᠢᠨ  ᠭᠤᠤᠯ  ᠴᠢᠭᠯᠡᠯ‌‍ᠪᠣᠯᠵᠣ᠂ ᠮᠠᠰᠢ ᠥᠷᠭᠡᠨ ᠠᠭᠤᠳᠠᠮ ᠬᠥᠭᠵᠢᠯᠲᠡ ᠶᠢᠨ ᠠᠯᠤᠰ ᠢᠷᠡᠭᠡᠳᠦᠶ ᠲᠠᠢ ᠶᠤᠮ᠃ ᠦᠷᠭᠡᠨ  ᠤᠯᠠᠨ  ᠮᠠᠰᠢᠨ  ᠲᠡᠷᠭᠡᠨ ‍ᠤ‌ᠠᠵᠤ ᠠᠬᠤᠶᠢᠯᠠᠯ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂  ᠶᠠᠰᠤ‌‍ᠴᠢᠨᠠᠷ ᠢᠶᠠᠷ  ᠦᠨᠳᠦᠰᠦ  ᠪᠣᠯᠭᠠᠵᠤ᠂  ᠵᠠᠩᠭᠢᠯᠠᠭ᠎ᠠ ᠶᠢᠨ  ᠭᠤᠣᠯᠯᠠᠬᠤ  ᠮᠡᠷᠭᠡᠵᠢᠯ ᠤᠨ  ᠪᠣᠭᠤᠮᠲᠠ  ᠰᠢᠪᠲᠤᠯᠬᠤ   ᠠᠵᠢᠯ   ᠢ‌‍ᠲ᠋ᠦ᠋ᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠤᠶᠤᠨᠴᠢᠯᠠᠨ ᠦᠢᠯᠡᠳᠬᠦ  ᠲᠦᠪᠰᠢᠨ ᠢ‌‍ᠲ᠋ᠡᠭᠡᠭᠰᠢᠯᠡᠭᠦᠯᠬᠦ ᠶᠢᠨ ᠬᠠᠮᠲᠤ ᠪᠠᠷᠠᠭᠠᠯᠠᠯ ᠤᠨ ᠴᠢᠨᠠᠷᠲᠠᠢ ᠮᠡᠷᠭᠡᠵᠢᠯ ᠢ ᠰᠤᠳᠤᠯᠤᠨ ᠨᠡᠭᠡᠭᠡᠬᠦ ᠪᠠᠶᠢᠷᠢᠰᠢᠭᠤᠯᠤᠯᠲᠠ ᠶᠢ ᠴᠢᠩᠭᠠᠳᠬᠠᠵᠤ᠂ᠮᠠᠰᠢᠨ ᠲᠡᠷᠭᠡᠨ ᠤ  ᠠᠵᠤ  ᠦᠢᠯᠡᠰ ᠤᠨ  ᠶᠠᠰᠤ  ᠴᠢᠨᠠᠷ ᠢ  ᠲᠠᠰᠤᠷᠠᠯᠲᠠ  ᠦᠭᠡᠢ  ᠳᠡᠭᠡᠭᠰᠢᠯᠡᠭᠦᠯᠤᠨ  ᠲᠡᠰ  ᠳᠡᠪᠰᠢᠭᠦᠯᠬᠦ ᠵᠢ‌ᠠᠬᠢᠭᠤᠯᠵᠤ᠂ ᠪᠦᠬᠦ ᠪᠥᠮᠪᠥᠷᠴᠡᠭ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ  ᠪᠠᠭ᠎ᠠ  ᠭᠠᠳᠠᠭᠰᠢᠯᠠᠭᠤᠯᠬᠤ  ᠬᠡᠯᠪᠡᠷᠢ  ᠲᠠᠶᠢᠰᠢ‌ᠬᠤᠪᠢᠷᠠᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠦ ᠭᠠᠷᠭᠠᠪᠠ᠃        ᠯᠢ ᠴᠢᠶᠠᠩ᠄ ᠣᠳᠣᠬᠠᠨ ᠳᠤ ᠳᠤᠮᠳᠠᠳᠤ ᠤᠯᠤᠰ ᠪᠣᠯᠤᠨ  ᠪᠦᠬᠦ  ᠪᠥᠮᠪᠥᠷᠴᠡᠭ ᠤᠨ  ᠰᠢᠨ᠎ᠡ  ᠡᠨᠧᠷᠭᠢ ᠶᠢᠨ  ᠮᠠᠰᠢᠨ‌‍ᠲ᠋ᠡᠷᠭᠡᠨ ᠤ ᠵᠠᠬ᠎ᠠ ᠳᠡᠯᠭᠡᠭᠦᠷ ᠴᠥᠮ ᠦᠷᠭᠦᠯᠵᠢᠯᠡᠨ ᠨᠡᠮᠡᠭᠳᠡᠵᠦ ᠪᠠᠶᠢᠨ᠎ᠠ᠂ ᠯᠤᠲᠤ ᠶᠡᠭᠡ ᠬᠡᠷᠡᠭᠴᠡᠭᠡᠨ ᠤ ᠣᠷᠣᠨ ᠵᠠᠢ ᠲᠠᠢ ᠶᠤᠮ᠃ᠣᠶᠤᠨᠴᠢ ᠢᠨᠲ᠋ᠧᠷ ᠰᠦᠯᠵᠢᠶᠡᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠵᠣᠬᠢᠬᠤ ᠬᠡᠮᠵᠢᠶᠡᠨ ᠳᠤ ᠪᠦᠬᠦ ᠪᠥᠮᠪᠥᠷᠴᠡᠭ ᠤᠨ  ᠠᠵᠤ‌ᠦᠢᠯᠡᠰ ᠤᠨ ᠬᠠᠮᠲᠤᠷᠠᠯᠴᠠᠭᠠᠨ ᠤ ᠪᠦᠲᠦᠭᠡᠭᠳᠡᠬᠦᠨ  ᠪᠣᠯᠤᠨ᠎ᠠ᠂  ᠢᠷᠡᠭᠡᠳᠦᠢ ᠶᠢᠨ  ᠬᠥᠭᠵᠢᠯᠲᠡ ᠳᠤ  ᠡᠯ᠎ᠡ  ᠲᠠᠯ᠎ᠠ ᠶᠢᠨ ᠬᠢᠨ ‍ᠤ‌‍ᠲ᠋ᠠᠪᠠᠭᠤᠯᠢᠭ ᠢᠶᠠᠨ ᠪᠠᠳᠠᠷᠠᠭᠤᠯᠵᠤ᠂ ᠠᠵᠢᠯ ᠬᠤᠪᠢᠶᠠᠷᠢᠯᠠᠨ ᠬᠠᠮᠵᠢᠯᠴᠠᠬᠤ ᠪᠠᠨ ᠭᠦᠨᠵᠡᠭᠡᠶᠢᠷᠡᠭᠦᠯᠬᠦ ᠶᠢ ᠨᠡᠩ ᠱᠠᠭᠠᠷᠳᠠᠵᠤ ᠪᠠᠶᠢᠨ᠎ᠠ᠃ᠳᠤᠮᠳᠠᠳᠤ ᠤᠯᠤᠰ ᠨᠢ ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠤᠯᠠᠮ  ᠵᠢᠨᠷ‌ᠠᠬᠢᠭᠤᠯᠵᠤ᠂ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ  ᠥᠷᠭᠡᠳᠬᠡᠵᠦ᠂  ᠵᠠᠬ᠎ᠠ  ᠳᠡᠯᠭᠡᠭᠦᠷ ᠲᠤ  ᠵᠥᠪᠰᠢᠶᠡᠷᠡᠨ‌ᠣᠷᠣᠭᠤᠯᠬᠤ ᠶᠢ  ᠦᠷᠭᠦᠯᠵᠢᠯᠡᠨ  ᠠᠭᠤᠵᠢᠭᠤ   ᠲᠠᠯᠪᠢᠵᠤ᠂   ᠠᠷᠠᠯᠵᠢᠶ᠎ᠠ   ᠪᠠᠯᠠ   ᠣᠷᠣᠭᠤᠯᠤᠯᠲᠠ ᠶᠢᠨ   ᠴᠢᠯᠥᠭᠡᠵᠢᠯᠲᠡ‌‍ᠲ᠋ᠥ᠋ᠭᠦᠮᠴᠢᠯᠡᠯᠲᠡ ᠶᠢ ᠠᠬᠢᠭᠤᠯᠵᠤ᠂ ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯ ᠳᠤ ᠨᠢᠭᠡ  ᠯᠡ  ᠠᠳᠠᠯᠢ ᠪᠠᠷ  ᠬᠠᠨᠳᠤᠵᠤ᠂ᠳᠤᠮᠳᠠᠳᠤ ᠭᠠᠳᠠᠭᠠᠳᠤ ᠶᠢᠨ ᠮᠠᠰᠢᠨ ᠲᠡᠷᠭᠡᠨ ᠤ ᠠᠵᠤ ᠠᠬᠤᠶᠢᠯᠠᠯ ᠤᠨ ᠬᠥᠷᠥᠩᠭᠡ᠂ ᠮᠡᠷᠭᠡᠵᠢᠯ᠂ ᠬᠠᠮᠢᠶᠠᠷᠤᠯᠲᠠ᠂  ᠴᠢᠳᠠᠪᠤᠷᠢᠲᠠᠨ‌ᠵᠡᠷᠭᠡ ᠲᠠᠯ᠎ᠠ ᠪᠠᠷ ᠨᠠᠩ ᠥᠷᠭᠡᠨ ᠳᠡᠯᠭᠡᠷ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠦ᠂ ᠳᠤᠮᠳᠠᠳᠤ  ᠤᠯᠤᠰ ‍ᠤᠨ‌ᠵᠠᠬ᠎ᠠ ᠳᠡᠯᠭᠡᠭᠦᠷ ᠤᠨ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ  ᠪᠠ‌ᠠᠵᠤ ᠦᠢᠯᠡᠰ ᠤᠨ  ᠬᠤᠪᠢᠰᠤᠯᠲᠠ ᠶᠢᠨ  ᠳᠤᠮᠳᠠ  ᠬᠠᠮᠲᠤ ᠪᠠᠷ  ᠬᠥᠭᠵᠢᠵᠦ᠂  ᠬᠠᠷᠢᠯᠴᠠᠨ  ᠠᠰᠢᠭᠲᠠᠶ  ᠬᠠᠮᠲᠤ ᠪᠠᠷ  ᠠᠰᠢᠭ‌‍ᠭᠥ᠋ᠷᠳᠡᠬᠦ ᠶᠢ ᠠᠬᠢᠭᠤᠯᠬᠤ ᠭᠡᠷᠡᠭᠳᠡᠢ ᠴᠢᠬᠤᠯᠠᠴᠢᠯᠠᠪᠠ᠃        ᠯᠢ  ᠴᠢᠶᠠᠩ᠄᠂  ᠣᠳᠣᠬᠠᠨ ᠳᠤ  ᠮᠠᠨ ᠤ  ᠤᠯᠤᠰ  ᠶᠠᠭ  ᠰᠢᠨ᠎ᠡ  ᠨᠢᠭᠡ  ᠡᠭᠡᠯᠵᠢ ᠶᠢᠨ   ᠶᠡᠭᠡ   ᠬᠡᠪᠴᠢᠶᠡᠨ ‍ᠤ‌‍ᠲ᠋ᠥ᠋ᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯ ᠤᠨ  ᠬᠠᠭᠤᠴᠢᠨ ᠢᠶᠠᠷ  ᠰᠢᠨ᠎ᠡ ᠶᠢ  ᠰᠤᠯᠢᠬᠤ  ᠠᠵᠢᠯ  ᠢ  ᠬᠢᠵᠦ‌‍ᠪᠠᠶᠢᠨ᠎ᠠ᠃ ᠪᠡᠯᠡ ᠣᠷᠣᠭᠤᠯᠤᠯᠲᠠ ᠶᠢ ᠥᠷᠭᠡᠳᠬᠡᠬᠦ᠂ ᠬᠡᠷᠡᠭᠯᠡᠭᠡ ᠶᠢ  ᠠᠬᠢᠭᠤᠯᠬᠤ  ᠲᠠᠯ᠎ᠠ ᠪᠠᠷ ᠬᠢ  ᠮᠠᠰᠢᠨ  ᠲᠡᠷᠭᠡᠨ ᠤ  ᠠᠵᠤ‌ᠦᠢᠯᠡᠰ ᠤᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠨᠡᠩ ᠤᠯᠠᠨ ᠴᠢᠨᠠᠷ  ᠰᠠᠶᠢᠲᠠᠢ  ᠮᠠᠰᠢᠨ  ᠲᠡᠷᠭᠡᠨ ‍ᠤ‌ᠦᠢᠯᠡᠳᠬᠦᠨ ᠢ ᠰᠠᠭᠤᠭᠠᠯᠢ ᠠᠷᠠᠳ ᠤᠨ ᠠᠮᠢᠳᠤᠷᠠᠯ ᠳᠤ ᠣᠷᠣᠭᠤᠯᠬᠤ ᠬᠡᠷᠡᠭᠲᠡᠢ᠃ ᠬᠤᠳᠠᠯᠳᠤᠨ ᠠᠪᠴᠤ ᠬᠡᠷᠡᠭᠯᠡᠬᠦ ᠶᠢ  ᠳᠡᠮᠵᠢᠬᠦ‌‍ᠲ᠋ᠥ᠋ᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠦᠯᠵᠢᠶᠡᠨ ‍ᠤ‌‍ᠰᠢᠰᠲ᠋ᠧᠮ ᠢ ᠲᠦᠷᠭᠡᠨ ᠪᠠᠶᠢᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡᠨ ᠤ  ᠣᠷᠴᠢᠨ  ᠲᠣᠭᠤᠷᠢᠨ ᠢ‌‍ᠰᠢᠯᠢᠳᠡᠭᠵᠢᠭᠦᠯᠵᠦ᠂ ᠬᠡᠷᠡᠭᠯᠡᠭᠡᠨ ᠤ  ᠬᠠᠯᠠᠭᠤᠨ  ᠰᠡᠳᠬᠢᠯᠭᠡ ᠶᠢ  ᠬᠥᠭᠵᠢᠭᠡᠵᠦ᠂  ᠮᠠᠰᠢᠨ  ᠲᠡᠷᠭᠡ  ᠵᠡᠷᠭᠡ  ᠶᠡᠭᠡ  ᠬᠡᠮᠵᠢᠶᠡᠨ ‍ᠤ‌‍ᠲ᠋ᠠᠸᠠᠷ ᠤᠨ ᠬᠡᠷᠡᠭᠯᠡᠭᠡᠨ ᠤ ᠳᠠᠯᠳᠠ ᠬᠦᠴᠦᠨ ᠢ ᠨᠡᠩ ᠶᠡᠭᠡ ᠪᠠᠷ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠡᠦ ᠵᠧᠩ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                    
ᠢᠷᠡᠯᠲᠡ᠄ ᠠᠷᠠᠳ ᠤᠨ ᠰᠥᠯᠵᠢᠶ᠎ᠡ