《 ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ 》--- ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ
ᠨᠡᠶᠢᠲᠡᠯᠡᠭᠰᠡᠨ ᠴᠠᠭ᠄
2024/5/11
                        ︵2021 ᠤᠨ ᠤ 1 ᠰᠠᠷ᠎ᠠ ᠶᠢᠨ 30 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ                                ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ                                            ᠲᠦᠷᠪᠡᠳᠦᠭᠡᠷ ᠬᠤᠷᠠᠯᠳᠤᠭᠠᠨ ᠢᠶᠠᠷ ᠪᠠᠳᠤᠯᠠᠪᠠ︶      ᠨᠢᠭᠡᠳᠦᠭᠡᠷ ᠪᠦᠯᠦᠭ   ᠶᠡᠷᠦᠩᠬᠡᠢ ᠲᠦᠷᠢᠮ      ᠨᠢᠭᠡᠳᠦᠭᠡᠷ ᠵᠦᠢᠯ      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠤᠨ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠶᠢᠨ ᠲᠤᠰᠠᠳᠠ᠂ ᠦᠨᠳᠦᠰᠦᠨ ᠬᠠᠤᠯᠢ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠪᠣᠯᠤᠨ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠳᠦᠷᠢᠮ ᠢ ᠲᠣᠭᠲᠠᠭᠠᠪᠠ᠃      ᠬᠤᠶᠠᠳᠤᠭᠠᠷ ᠵᠦᠢᠯ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠡᠯ᠎ᠡ ᠵᠦᠢᠯ ᠤᠨ ᠠᠵᠢᠯᠯᠠᠭ᠎ᠠ ᠳᠤ ᠲᠤᠰ ᠳᠦᠷᠢᠮ ᠢ ᠬᠡᠷᠡᠭᠯᠡᠨ᠎ᠡ᠃      ᠭᠤᠷᠪᠠᠳᠤᠭᠠᠷ ᠵᠦᠢᠯ      ᠥᠪᠥᠷ ᠮᠣᠩᠭᠤᠯ ᠪᠣᠯ ᠮᠠᠨ ᠤ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠬᠡᠷᠡᠭᠵᠢᠭᠦᠯᠦᠭᠰᠡᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠮᠥᠨ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠲᠠᠢ ᠶᠤᠮ᠃ ᠦᠨᠳᠦᠰᠦᠲᠡᠨ ᠤ ᠪᠦᠯᠬᠦᠮᠳᠡᠯ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠂ ᠤᠯᠤᠰ ᠤᠨ ᠨᠢᠭᠡᠳᠦᠯ ᠢ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠠᠷᠢᠭᠤᠴᠠᠯᠭ᠎ᠠ ᠮᠥᠨ᠃       ᠲᠦᠷᠪᠡᠳᠦᠭᠡᠷ ᠵᠦᠢᠯ      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠵᠤ᠂ ᠤᠯᠤᠰ ᠤᠨ ᠨᠢᠭᠡᠳᠦᠯ ᠢ ᠬᠠᠮᠠᠭᠠᠯᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠪᠠᠷᠢᠮᠲᠠᠯᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠶᠢ ᠪᠠᠷᠢᠮᠲᠠᠯᠠᠵᠤ᠂ ᠬᠠᠤᠯᠢ ᠶᠤᠰᠤᠭᠠᠷ ᠣᠷᠣᠨ ᠢᠶᠠᠨ ᠵᠠᠰᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠶ᠃       ᠲᠠᠪᠤᠳᠤᠭᠠᠷ ᠵᠦᠢᠯ        ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠢ ᠪᠠᠷᠢᠮᠲᠠᠯᠠᠵᠤ᠂ ᠨᠡᠶᠢᠲᠡᠯᠢᠭ ᠴᠢᠨᠠᠷ ᠢ ᠨᠡᠮᠡᠭᠳᠡᠭᠦᠯᠵᠦ᠂ ᠨᠢᠭᠡ ᠴᠣᠭᠴᠠᠵᠢᠬᠤ ᠶᠢ ᠠᠬᠢᠭᠤᠯᠵᠤ᠂ ᠵᠥᠷᠢᠶ᠎ᠡ ᠶᠢ ᠬᠦᠨᠳᠦᠳᠬᠡᠵᠦ᠂ ᠣᠯᠠᠨ ᠶᠠᠩᠵᠦᠲᠦ ᠴᠢᠨᠠᠷ ᠢ ᠪᠠᠭᠲᠠᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠣᠢ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠡᠶ᠎ᠡ ᠨᠠᠶᠢᠷᠲᠠᠢ ᠪᠠᠷ ᠬᠠᠮᠲᠦ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯ ᠲᠠᠢ ᠪᠠᠷ ᠬᠥᠭᠵᠢᠬᠦ ᠶᠢ ᠠᠬᠢᠭᠤᠯᠬᠤ ᠬᠡᠷᠡᠭᠲᠡᠢ᠃        ᠵᠢᠷᠭᠤᠳᠤᠭᠠᠷ ᠵᠦᠢᠯ      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠶᠢᠨ ᠬᠢᠨ ᠮᠡᠲᠦ ᠳᠣᠲᠣᠨᠣ ᠪᠠᠶᠢᠵᠦ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠪᠠᠷ ᠶᠡᠷᠦᠩᠬᠡᠢ ᠬᠠᠷᠠᠯᠲᠠ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠬᠦᠳᠦᠯᠦᠨ ᠵᠢᠯᠤᠭᠤᠳᠤᠭᠤᠯᠵᠤ᠂ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ ᠭᠡᠬᠦ ᠦᠵᠡᠯ ᠰᠠᠨᠠᠭ᠎ᠠ ᠶᠢ ᠪᠣᠢ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠦ ᠶᠢᠨ ᠳᠠᠨᠢᠯᠳᠠ ᠶᠢ ᠴᠢᠩᠭᠠᠳᠬᠠᠬᠤ ᠬᠡᠷᠡᠭᠲᠡᠢ᠃        ᠲᠤᠯᠤᠳᠤᠭᠠᠷ ᠵᠦᠢᠯ       ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠢᠭᠡᠳᠦᠯ ᠲᠠᠢ ᠪᠠᠶᠢᠬᠤ ᠪᠠ ᠥᠪᠡᠷᠲᠡᠭᠡᠨ ᠵᠠᠰᠠᠬᠤ ᠶᠢ ᠤᠶᠠᠯᠳᠤᠭᠤᠯᠬᠤ᠂ ᠦᠨᠳᠦᠰᠦᠲᠡᠨ ᠤ ᠡᠯᠧᠮᠧᠨ᠋ᠲ ᠪᠠ ᠣᠷᠣᠨ ᠪᠦᠰᠡ ᠶᠢᠨ ᠡᠯᠧᠮᠧᠨ᠋ᠲ ᠢ ᠤᠶᠠᠯᠳᠤᠭᠤᠯᠬᠤ ᠶᠢ ᠪᠡᠶᠡᠯᠡᠭᠦᠯᠵᠦ᠂ ᠤᠯᠤᠰ ᠤᠨ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠶᠢ ᠦᠨᠳᠦᠰᠦᠲᠡᠨ ᠨᠦᠭᠦᠳ ᠤᠨ ᠬᠠᠮᠤᠭ ᠤᠨ ᠳᠡᠭᠡᠳᠦ ᠠᠰᠢᠭ ᠲᠤᠰᠠ ᠪᠣᠯᠭᠠᠵᠤ᠂ ᠦᠨᠳᠦᠰᠦᠲᠡᠨ ᠨᠦᠭᠦᠳ ᠡᠷᠬᠡ ᠲᠡᠭᠰᠢ ᠡᠷᠬᠡ ᠪᠠᠨ ᠡᠳ᠋ᠯᠡᠬᠦ᠂ ᠡᠷᠬᠡ ᠲᠡᠭᠰᠢ ᠡᠭᠦᠷᠭᠡ ᠪᠠᠨ ᠭᠦᠢᠴᠡᠳᠬᠡᠬᠦ ᠶᠢ ᠪᠠᠷᠢᠮᠳᠠᠯᠠᠵᠤ᠂ ᠡᠯ᠎ᠡ ᠵᠦᠢᠯ ᠤᠨ ᠠᠵᠢᠯ ᠦᠢᠯᠡᠰ ᠢ ᠬᠠᠮᠲᠤ ᠪᠠᠷ ᠪᠦᠲᠦᠭᠡᠨ ᠪᠠᠶᠢᠭᠤᠯᠬᠤ ᠬᠡᠷᠡᠭᠲᠡᠢ᠃       ᠨᠠᠢᠮᠠᠳᠤᠭᠠᠷ ᠵᠦᠢᠯ        ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠨᠡᠶᠢᠭᠡᠮ ᠤᠨ ᠲᠣᠭᠲᠠᠭᠤᠨ ᠪᠠ ᠬᠢᠯᠢ ᠬᠢᠵᠠᠭᠠᠷ ᠤᠨ ᠪᠠᠳᠤᠵᠢᠭᠤᠯᠤᠯᠳᠠ ᠶᠢ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠵᠦ᠂ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢᠶᠠᠨ ᠦᠷᠭᠦᠯᠵᠢᠯᠡᠨ ᠪᠠᠲᠤᠯᠠᠬᠤ ᠬᠡᠷᠡᠭᠲᠡᠶ᠃       ᠶᠢᠰᠦᠳᠦᠭᠡᠷ ᠵᠦᠢᠯ          ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠥᠭᠡᠷᠡᠴᠢᠯᠡᠯᠲᠡ ᠨᠡᠭᠡᠭᠡᠯᠲᠡ ᠬᠢᠬᠦ ᠶᠢ ᠪᠠᠷᠢᠮᠲᠠᠯᠠᠵᠤ᠂ ᠠᠮᠢ ᠠᠬᠤᠶ ᠶᠢ ᠤᠷᠢᠳ ᠢᠶᠠᠷ ᠪᠣᠳᠤᠯᠬᠢᠯᠠᠬᠰᠠᠨ ᠪᠣᠬᠢᠷᠲᠤᠯ ᠦᠭᠡᠢ ᠭᠦᠭᠵᠢᠯᠳᠡ ᠪᠠᠷ ᠤᠳᠤᠷᠢᠳᠤᠮᠵᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠴᠣᠠᠠᠴᠠᠯᠠᠵᠦ᠂ ᠦᠨᠳᠦᠰᠦᠲᠡᠨ ᠨᠦᠭᠦᠳ ᠤᠨ ᠨᠡᠩ ᠥᠨᠳᠥᠷ ᠬᠢᠷᠢ ᠲᠦᠪᠰᠢᠨ ᠪᠦᠬᠦᠢ ᠪᠣᠯᠪᠠᠰᠤᠨ ᠳᠤ ᠠᠯᠬᠤᠨ ᠤᠷᠤᠬᠤ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠶ ᠃        ᠠᠷᠪᠠᠳᠤᠭᠠᠷ ᠵᠦᠢᠯ           ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠤ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠪᠠ ᠦᠨᠳᠦᠰᠦᠲᠡᠨ ᠨᠦᠭᠦᠳ ᠤᠨ ᠠᠷᠠᠳ ᠢᠷᠭᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ᠂ ᠦᠨᠳᠦᠰᠦᠲᠡᠨ ᠤ ᠪᠦᠯᠬᠦᠮᠳᠡᠯ ᠢ ᠨᠥᠯᠥᠭᠡᠯᠡᠬᠦ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠵᠤᠬᠢᠰᠲᠠᠢ ᠰᠢᠢᠳᠪᠦᠷᠢᠯᠡᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢ ᠬᠠᠤᠯᠢ ᠪᠠᠷ ᠵᠠᠰᠠᠬᠤ ᠵᠠᠮ ᠢᠶᠠᠷ ᠠᠵᠢᠯᠯᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃        ᠠᠷᠪᠠᠨ ᠨᠢᠭᠡᠳᠦᠭᠡᠷ ᠵᠦᠢᠯ         ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ᠂ ᠨᠠᠮ ᠤᠨ ᠬᠤᠷᠢᠶ᠎ᠠ ᠠᠴᠠ ᠨᠢᠭᠡᠳᠦᠯᠲᠡᠶ ᠤᠳᠤᠷᠢᠳᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠠᠤᠯᠢ ᠶᠣᠰᠣᠭᠠᠷ ᠬᠢᠨᠠᠯᠲᠠ ᠲᠠᠯᠪᠢᠬᠤ᠂ ᠵᠠᠰᠠᠭ ᠤᠨ ᠣᠷᠳᠣᠨ ᠪᠦᠬᠦ ᠲᠠᠯ᠎ᠠ ᠪᠠᠷ ᠬᠠᠷᠢᠭᠤᠴᠠᠬᠤ ᠂ ᠡᠯ᠎ᠡ ᠰᠠᠯᠠᠭ᠎ᠠ ᠮᠥᠴᠢᠷ ᠨᠢᠭᠲᠠ ᠬᠠᠮᠵᠢᠯᠴᠠᠬᠤ᠂ ᠨᠡᠶᠢᠭᠡᠮ ᠤᠨ ᠡᠯ᠎ᠡ ᠡᠲᠡᠭᠡᠳ ᠢᠳᠡᠪᠬᠢᠲᠡᠶ ᠵᠣᠬᠢᠴᠠᠯᠳᠤᠨ ᠬᠠᠮᠵᠢᠯᠴᠠᠬᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠬᠠᠮᠲᠤ ᠪᠠᠷ ᠣᠷᠣᠯᠴᠠᠬᠤ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠵᠦ᠂ ᠪᠦᠬᠦ ᠲᠠᠯ᠎ᠠ ᠪᠠᠷ ᠠᠬᠢᠭᠤᠯᠬᠤ ᠬᠡᠷᠡᠭᠲᠡᠶ᠃         ᠬᠤᠶᠠᠳᠤᠭᠠᠷ ᠪᠦᠯᠦᠭ       ᠳᠤᠮᠳᠠᠳᠤ ᠶᠢᠨ ᠰᠣᠶᠣᠯ ᠤᠨ ᠬᠠᠮᠲᠦ ᠶᠢᠨ ᠳᠠᠨᠢᠯᠳᠠ ᠪᠠ ᠰᠣᠶᠣᠯ ᠤᠨ ᠣᠯᠠᠮᠵᠢᠯᠠᠯ ᠵᠠᠯᠭᠠᠮᠵᠢᠯᠠᠯ ᠢ ᠠᠬᠢᠭᠤᠯᠬᠤ         ᠠᠷᠪᠠᠨ ᠬᠤᠶᠠᠳᠤᠭᠠᠷ ᠵᠦᠢᠯ        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠠ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠤᠨ᠎ᠠ᠃ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠪᠠᠶᠢᠩᠭᠤᠵᠢᠭᠤᠯᠬᠤ ᠶᠢ ᠠᠬᠢᠭᠤᠯᠵᠤ᠂ ᠨᠠᠮ ᠤᠨ ᠦᠨᠳᠦᠰᠦᠲᠡᠨ ᠤ ᠣᠨᠣᠯ᠂ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠤᠬᠠᠭᠤᠯᠭ᠎ᠠ ᠶᠢ ᠥᠷᠨᠢᠭᠦᠯᠵᠦ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠤᠬᠡ ᠶᠢᠨ ᠬᠥᠮᠦᠵᠢᠯ ᠢ ᠴᠢᠩᠭᠠᠳᠬᠠᠵᠤ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠯᠤᠰ ᠤᠨ ᠤᠬᠠᠮᠰᠠᠷ᠂ ᠠᠷᠠᠳ ᠢᠷᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃        ᠠᠷᠪᠠᠨ ᠭᠤᠷᠪᠠᠳᠤᠭᠠᠷ ᠵᠦᠢᠯ           ᠰᠣᠶᠣᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠶᠢᠨ ᠰᠣᠶᠣᠯ ᠤᠨ ᠵᠣᠭᠰᠣᠯᠲᠠ ᠪᠠᠨ ᠪᠠᠲᠤ ᠰᠠᠬᠢᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠤᠯᠠᠷᠢᠭᠤᠯᠤᠯᠳᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠠᠮᠢᠵᠢᠷᠠᠯ ᠤᠨ ᠬᠦᠴᠦᠨ ᠪᠠ ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ ᠴᠢᠩᠭᠠᠳᠬᠠᠨ᠎ᠠ᠃ ᠬᠤᠪᠢᠰᠬᠠᠯᠲᠤ ᠰᠣᠶᠣᠯ ᠢ ᠵᠠᠯᠭᠠᠮᠵᠢᠯᠠᠵᠦ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠦᠨ᠎ᠡ᠃ ᠰᠣᠶᠣᠯ ᠢ ᠬᠠᠮᠠᠭᠠᠯᠠᠨ ᠤᠯᠠᠮᠵᠢᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠳᠡᠮᠳᠡᠭ ᠪᠠ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠨ ᠲᠤᠪᠤᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ᠃        ᠠᠷᠪᠠᠨ ᠲᠦᠷᠪᠡᠳᠦᠭᠡᠷ ᠵᠦᠢᠯ          ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠤᠯᠤᠰ ᠠᠷᠠᠳ ᠤᠨ ᠰᠤᠷᠭᠠᠨ ᠬᠥᠮᠦᠵᠢᠯ᠂ ᠺᠠᠳ᠋ᠷ ᠤᠨ ᠰᠤᠷᠭᠠᠨ ᠬᠥᠮᠦᠵᠢᠯ᠂ ᠵᠠᠯᠠᠭᠤᠴᠤᠳ ᠪᠠᠭᠠᠴᠤᠳ ᠤᠨ ᠰᠤᠷᠭᠠᠨ ᠬᠥᠮᠦᠵᠢᠯ᠂ ᠨᠡᠶᠢᠭᠡᠮ ᠤᠨ ᠬᠥᠮᠦᠵᠢᠯ ᠳᠤ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠨᠣᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠪᠣᠯ ᠤᠯᠤᠰ ᠲᠥᠷᠥ ᠶᠢᠨ ᠬᠠᠮᠲᠤ ᠶᠢᠨ ᠴᠣᠭᠴᠠ᠂ ᠠᠰᠢᠭ ᠲᠤᠰᠠ ᠶᠢᠨ ᠬᠠᠮᠲᠤ ᠶᠢᠨ ᠴᠣᠭᠴᠠ᠂ ᠰᠣᠶᠣᠯ ᠤᠨ ᠬᠠᠮᠲᠤ ᠶᠢᠨ ᠴᠣᠭᠴᠠ᠂ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠬᠤ ᠶᠢ ᠭᠦᠨᠵᠡᠭᠡᠶ ᠲᠠᠨᠢᠭᠤᠯᠤᠨ᠎ᠠ᠃        ᠠᠷᠪᠠᠨ ᠲᠠᠪᠤᠳᠤᠭᠠᠷ ᠵᠦᠢᠯ          ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ ᠢ ᠪᠠᠶᠢᠩᠭᠤᠵᠢᠭᠤᠯᠬᠤ ᠶᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ᠂ ᠰᠣᠶᠣᠯ ᠮᠡᠳᠡᠯᠭᠡ ᠶᠢᠨ ᠬᠥᠮᠦᠵᠢᠯ᠂ ᠤᠷᠠᠯᠢᠭ ᠪᠡᠶ᠎ᠡ ᠶᠢᠨ ᠲᠠᠮᠢᠷ ᠤᠨ ᠬᠥᠮᠦᠵᠢᠯ᠂ ᠨᠡᠶᠢᠭᠡᠮ ᠤᠨ ᠦᠢᠯᠡᠳᠦᠯᠭᠡ ᠶᠢᠨ ᠬᠥᠮᠦᠵᠢᠯ ᠳᠤ ᠠᠭᠤᠰᠬᠠᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠩᠬ᠎ᠠ ᠵᠡᠷᠭᠡ ᠶᠢᠨ ᠰᠤᠷᠭᠠᠨ ᠬᠥᠮᠦᠵᠢᠯ᠂ ᠲᠤᠮᠳᠠᠳᠦ ᠵᠡᠷᠭᠡ ᠶᠢᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠤᠨ᠎ᠠ᠃        ᠠᠷᠪᠠᠨ ᠵᠢᠷᠭᠤᠳᠤᠭᠠᠷ ᠵᠦᠢᠯ          ᠳᠤᠮᠳᠠᠳᠤ ᠶᠢᠨ ᠦᠨᠳᠦᠰᠦᠲᠡᠨ ᠤ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠣᠯ ᠪᠤᠯᠭᠠᠭᠰᠠᠨ ᠪᠦᠯᠬᠦᠮᠳᠡᠨ ᠨᠢᠭᠡᠳᠬᠦ᠂ ᠡᠩᠬᠡ ᠲᠠᠶᠢᠪᠤᠩ ᠢ ᠡᠷᠬᠢᠮᠯᠡᠬᠦ᠂ ᠠᠵᠢᠯᠴᠢ ᠬᠥᠳᠡᠯᠮᠦᠷᠢᠴᠢ ᠡᠷᠡᠯᠬᠡᠭ ᠪᠠᠭᠠᠲᠤᠷᠯᠢᠭ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ ᠨᠠᠮ ᠪᠠ ᠠᠷᠠᠳ ᠲᠦᠮᠡᠨ ᠤ ᠡᠯ᠎ᠡ ᠲᠡᠦᠬᠡᠨ ᠴᠠᠭ ᠦᠶ᠎ᠡ ᠳᠤ ᠪᠦᠷᠢᠯᠳᠦᠭᠰᠡᠨ ᠠᠭᠤᠤ ᠶᠡᠭᠡ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠰᠢᠷᠭᠠᠭᠤ ᠬᠠᠲᠠᠭᠤᠵᠢᠯᠲᠠᠶ ᠪᠠᠷ ᠲᠡᠮᠡᠴᠡᠬᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠠᠵᠢᠯ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠬᠦ᠂ ᠬᠦᠴᠢᠷᠳᠡᠭᠰᠡᠳ ᠢ ᠳᠡᠳᠬᠦᠵᠦ ᠲᠦᠪᠡᠭᠳᠡᠭᠰᠡᠳ ᠢ ᠲᠤᠰᠠᠯᠠᠬᠤ᠂ ᠦᠨᠡᠨ ᠤ ᠲᠥᠯᠥᠭᠡ ᠡᠷᠡᠯᠬᠡᠭᠯᠡᠨ ᠲᠡᠮᠡᠴᠡᠬᠦ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠵᠡᠷᠭᠡ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠰᠣᠶᠣᠯ ᠤᠨ ᠰᠣᠯᠢᠯᠴᠠᠭ᠎ᠠ ᠲᠤᠯᠢᠳᠠᠯ ᠢ ᠠᠬᠢᠭᠤᠯᠤᠨ᠎ᠠ᠃       ᠠᠷᠪᠠᠨ ᠲᠤᠯᠤᠳᠤᠭᠠᠷ ᠵᠦᠢᠯ          ᠬᠦᠴᠢᠷ ᠪᠡᠷᠭᠡᠰᠢᠶᠡᠯ ᠢ ᠳᠡᠰᠪᠦᠷᠢᠯᠡᠵᠦ᠂ ᠴᠤᠴᠠᠯᠲᠠ ᠦᠭᠡᠢ ᠤᠷᠤᠬᠰᠢᠯᠠᠬᠤ᠂ ᠵᠣᠷᠢᠭᠰᠠᠨ ᠳᠤ ᠪᠠᠨ ᠬᠦᠷᠬᠦ ᠦᠭᠡᠢ ᠪᠤᠯ ᠵᠤᠷᠢᠭ ᠮᠤᠬᠤᠬᠤ ᠦᠭᠡᠢ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠨᠢᠭᠲᠠᠷᠠᠭᠤᠯᠤᠨ ᠵᠣᠷᠢᠬᠵᠢᠭᠤᠯᠵᠤ ᠨᠢᠭᠡ ᠰᠡᠳᠬᠢᠯ ᠭᠠᠭᠴᠠ ᠵᠣᠷᠢᠭ ᠢᠶᠠᠷ ᠲᠡᠰᠪᠦᠷᠢ ᠬᠠᠲᠠᠭᠤᠵᠢᠯᠲᠠᠶ ᠲᠡᠮᠡᠴᠡᠵᠦ᠂ ᠵᠠᠮ ᠨᠡᠭᠡᠭᠡᠨ ᠤᠷᠤᠭᠰᠢᠯᠠᠵᠤ᠂ ᠡᠬᠡ ᠤᠯᠤᠰ ᠤᠨ ᠤᠮᠠᠷᠠᠲᠤ ᠬᠢᠯᠢ ᠶᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠨ᠎ᠠ᠃       ᠠᠷᠪᠠᠨ ᠨᠠᠢᠮᠠᠳᠤᠭᠠᠷ ᠵᠦᠢᠯ           ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠲᠡᠰᠪᠦᠷᠢ ᠬᠠᠲᠠᠭᠤᠵᠢᠯᠲᠠᠶ ᠲᠡᠮᠡᠴᠡᠬᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠰᠢᠯᠢᠳᠡᠭ ᠤᠯᠠᠮᠵᠢᠯᠠᠯ ᠢ ᠪᠠᠷᠢᠮᠲᠠᠯᠠᠵᠤ᠂ ᠤᠳᠬ᠎ᠠ ᠤᠷᠠᠯᠢᠭ ᠢ ᠠᠷᠠᠳ ᠲᠦᠮᠡᠨ ᠳᠤ ᠦᠢᠯᠡᠴᠢᠯᠡᠭᠦᠯᠬᠦ᠂ ᠨᠡᠶᠢᠭᠡᠮ ᠵᠢᠷᠤᠮ ᠳᠤ ᠦᠢᠯᠡᠴᠢᠯᠡᠭᠦᠯᠬᠦ ᠶᠢ ᠪᠠᠷᠢᠮᠲᠠᠯᠠᠵᠤ᠂ ᠢᠯᠡ ᠲᠣᠳᠣ ᠴᠠᠭ ᠦᠶ᠎ᠡ ᠶᠢᠨ ᠣᠨᠴᠠᠯᠢᠭ ᠲᠠᠢ᠂ ᠦᠨᠳᠦᠰᠦᠲᠡᠨ ᠤ ᠣᠨᠴᠠᠯᠢᠭ ᠲᠠᠢ ᠰᠣᠶᠣᠯ ᠤᠨ ᠨᠡᠷᠡᠲᠦ ᠲᠦᠷᠦᠯ ᠲᠡᠮᠳᠡᠭ ᠢ ᠨᠡᠩ ᠤᠯᠠᠨ ᠡᠭᠦᠳᠴᠦ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠰᠣᠶᠣᠯ ᠤᠨ ᠬᠡᠪ ᠰᠤᠷᠲᠠᠯ ᠢ ᠬᠥᠲᠥᠯᠥᠨ ᠳᠠᠭᠠᠭᠤᠯᠬᠤ᠂ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠦᠢᠯᠡᠳᠦᠯ ᠢ ᠪᠠᠳᠠᠷᠠᠭᠤᠯᠤᠨ᠎ᠠ᠃        ᠠᠷᠪᠠ ᠶᠢᠰᠦᠳᠦᠭᠡᠷ ᠵᠦᠢᠯ         ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠢᠴᠢᠶᠡᠯ ᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠦᠨᠳᠦᠰᠦᠨ ᠳᠤ ᠪᠠᠨ ᠡᠵᠡᠮᠰᠢᠨ ᠬᠡᠷᠡᠭᠯᠡᠬᠦ ᠶᠢ ᠦᠨᠡᠨ ᠬᠦ ᠪᠠᠲᠤᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠴᠥᠭᠡᠨ ᠲᠣᠭᠠᠲᠤ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢᠶᠠᠨ ᠰᠤᠷᠴᠦ ᠬᠡᠷᠡᠭᠯᠡᠬᠦ ᠶᠢ ᠬᠦᠨᠳᠦᠳᠬᠡᠨ ᠳᠡᠮᠵᠢᠵᠦ ᠂ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢᠶᠠᠨ ᠬᠠᠷᠢᠯᠴᠠᠨ ᠰᠤᠷᠤᠯᠴᠠᠬᠤ ᠶᠢ ᠵᠣᠷᠢᠬᠵᠢᠭᠤᠯᠤᠨ᠂ ᠦᠨᠳᠦᠰᠦᠲᠡᠨ ᠨᠦᠭᠦᠳ ᠤᠨ ᠰᠤᠷᠤᠭᠴᠢᠳ ᠤᠨ ᠰᠤᠷᠭᠠᠭᠤᠯᠢ ᠨᠢᠭᠡᠲᠠᠢ ᠠᠩᠭᠢ ᠨᠢᠭᠡᠲᠠᠢ ᠪᠠᠶᠢᠬᠤ ᠶᠢ ᠢᠳᠡᠪᠬᠢᠲᠡᠶ ᠠᠬᠢᠭᠤᠯᠤᠨ᠎ᠠ᠃        ᠬᠤᠷᠢᠳᠤᠭᠠᠷ ᠵᠦᠢᠯ         ᠤᠯᠤᠰ ᠤᠨ ᠨᠢᠭᠡᠳᠦᠯ᠂ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠬᠤᠪᠢᠰᠬᠠᠯ ᠤᠨ ᠲᠡᠤᠬᠡ ᠶᠢᠨ ᠬᠠᠭᠤᠴᠢ ᠪᠠᠭᠤᠷᠢ ᠪᠠ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠴᠢᠬᠤᠯᠠ ᠶᠡᠭᠡ ᠲᠡᠦᠬᠡ ᠶᠢᠨ ᠬᠡᠷᠡᠭ ᠶᠠᠪᠤᠳᠠᠯ ᠪᠣᠯᠤᠨ ᠳᠤᠮᠳᠠᠳᠤ ᠶᠢᠨ ᠲᠡᠦᠬᠡ ᠶᠢᠨ ᠨᠡᠷᠡᠳᠤ ᠬᠥᠮᠦᠰ ᠢ ᠳᠤᠷᠠᠰᠬᠠᠬᠤ ᠠᠵᠢᠯᠯᠠᠭ᠎ᠠ᠂ ᠤᠯᠤᠰ ᠤᠨ ᠨᠡᠶᠢᠲᠡ ᠶᠢᠨ ᠲᠠᠬᠢᠯᠭ᠎ᠠ ᠶᠢᠨ ᠶᠣᠰᠣᠯᠠᠯ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠲᠡᠦᠬᠡ ᠶᠢᠨ ᠦᠯᠡᠳᠡᠭᠳᠡᠯ ᠵᠡᠷᠭᠡ ᠶᠢ ᠭᠦᠢᠴᠡᠳ ᠠᠰᠢᠭᠯᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠬᠥᠮᠦᠵᠢᠭᠦᠯᠵᠦ᠂ ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠨ᠎ᠠ᠃       ᠬᠤᠷᠢᠨ ᠨᠢᠭᠡᠳᠦᠭᠡᠷ ᠵᠦᠢᠯ       ᠤᠳᠬ᠎ᠠ ᠤᠷᠠᠯᠢᠭ ᠤᠨ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠡᠭᠦᠳᠦᠨ ᠭᠠᠷᠭᠠᠬᠤ ᠶᠢ ᠴᠢᠩᠭᠠᠳᠬᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠡᠤᠬᠡ ᠶᠢᠨ ᠰᠤᠳᠤᠯᠭᠠᠨ ᠢ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠤᠬᠡ ᠶᠢᠨ ᠪᠣᠳᠠᠲᠤ ᠶᠠᠪᠤᠳᠠᠯ ᠢ ᠠᠭᠤᠳᠠᠯᠤᠨ ᠡᠮᠬᠢᠳᠬᠡᠵᠦ᠂ ᠳᠤᠮᠳᠠᠳᠤ ᠶᠢᠨ ᠰᠣᠶᠣᠯ ᠤᠨ ᠠᠭᠤᠯᠤᠭᠳᠠᠬᠤᠨ ᠲᠠᠢ᠂ ᠥᠪᠥᠷ ᠮᠣᠩᠭᠤᠯ ᠤᠨ ᠣᠨᠴᠠᠯᠢᠭ ᠢ ᠲᠤᠰᠬᠠᠭᠰᠠᠨ᠂ ᠣᠳᠣ ᠦᠶ᠎ᠡ ᠶᠢᠨ ᠪᠣᠯᠪᠠᠰᠤᠨ ᠢ ᠠᠭᠤᠰᠤᠯᠴᠠᠭᠤᠯᠤᠭᠰᠠᠨ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠪᠦᠲᠦᠭᠡᠯ ᠢ ᠡᠭᠦᠳᠦᠨ ᠭᠠᠷᠭᠠᠨ᠎ᠠ᠃ ᠣᠯᠠᠨ ᠲᠦᠮᠡᠨᠴᠢ ᠵᠠᠭᠤᠴᠢᠯᠠᠭᠤᠷ᠂ ᠰᠢᠨ᠎ᠡ ᠪᠠᠷ ᠪᠣᠢ ᠪᠣᠯᠣᠭᠰᠠᠨ ᠵᠠᠭᠤᠴᠢᠯᠠᠭᠤᠷ ᠨᠢ ᠠᠴᠢᠶᠠᠯᠠᠪᠤᠷᠢ ᠪᠣᠯᠤᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠰᠢᠨ᠎ᠡ ᠮᠡᠷᠭᠡᠵᠢᠯ ᠢ ᠭᠦᠢᠴᠡᠳ ᠠᠰᠢᠭᠯᠠᠨ᠂ ᠠᠳᠠᠯᠢ ᠪᠤᠰᠤ ᠡᠲᠡᠭᠡᠳ ᠪᠣᠯᠤᠨ ᠬᠦᠯᠢᠶᠡᠨ ᠠᠪᠤᠭᠴᠢᠳ ᠤᠨ ᠣᠨᠴᠠᠯᠢᠭ ᠲᠤ ᠴᠢᠭᠯᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠮᠡᠳᠡᠭᠡᠯᠡᠯ ᠤᠨ ᠠᠵᠢᠯᠯᠠᠭ᠎ᠠ ᠶᠢ ᠣᠯᠠᠨ ᠠᠷᠭ᠎ᠠ ᠵᠠᠮ ᠢᠶᠠᠷ ᠪᠦᠬᠦ ᠲᠠᠯ᠎ᠠ ᠪᠠᠷ ᠥᠷᠨᠢᠭᠦᠯᠦᠨ᠎ᠡ᠃       ᠬᠤᠷᠢᠨ ᠬᠤᠶᠠᠳᠤᠭᠠᠷ ᠵᠦᠢᠯ        ᠳᠤᠮᠳᠠᠳᠤ ᠤᠯᠤᠰ ᠤᠨ ᠤᠯᠠᠮᠵᠢᠯᠠᠯᠲᠤ ᠠᠶᠢᠯ ᠲᠣᠰᠬᠤᠨ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠲᠡᠦᠬᠡ ᠰᠣᠶᠣᠯ ᠤᠨ ᠨᠡᠷᠡᠲᠦ ᠬᠤᠲᠠ ᠨᠡᠷᠡᠲᠦ ᠪᠠᠯᠭᠠᠰᠤ ᠨᠡᠷᠡᠲᠦ ᠲᠣᠰᠬᠤᠨ᠂ ᠲᠡᠦᠬᠡ ᠰᠣᠶᠣᠯ ᠤᠨ ᠵᠡᠭᠡᠯᠢ ᠲᠣᠭᠤᠷᠢᠭ᠂ ᠨᠡᠷᠡᠲᠦ ᠬᠥᠮᠦᠰ ᠤᠨ ᠬᠠᠭᠤᠴᠢᠨ ᠰᠠᠭᠤᠴᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠤᠯᠠᠮᠵᠢᠯᠠᠯᠲᠤ ᠠᠷᠠᠳ ᠤᠨ ᠣᠷᠣᠨ ᠰᠠᠭᠤᠴᠠ᠂ ᠲᠡᠤᠬᠡ ᠶᠢᠨ ᠪᠠᠷᠢᠯᠭ᠎ᠠ᠂ ᠲᠠᠷᠢᠶᠠᠯᠠᠩ ᠮᠠᠯ ᠠᠵᠤ ᠠᠬᠤᠶ ᠶᠢᠨ ᠰᠣᠶᠣᠯ ᠤᠨ ᠥᠪ᠂ ᠠᠵᠤ ᠦᠢᠯᠡᠳᠪᠦᠷᠢ ᠶᠢᠨ ᠥᠪ᠂ ᠪᠠᠶᠢᠭᠠᠯᠢ ᠶᠢᠨ ᠥᠪ ᠤᠨ ᠬᠠᠮᠠᠭᠠᠯᠠᠯᠲᠠ ᠶᠢ ᠰᠠᠶᠢᠲᠤᠷ ᠬᠢᠨ᠎ᠡ᠃       ᠬᠤᠷᠢᠨ ᠭᠤᠷᠪᠠᠳᠤᠭᠠᠷ ᠵᠦᠢᠯ         ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠵᠠᠩ ᠳᠠᠳᠬᠠᠯ᠂ ᠤᠯᠠᠮᠵᠢᠯᠠᠯᠲᠤ ᠪᠠᠶᠠᠷ ᠳᠤᠷᠠᠰᠬᠠᠯ᠂ ᠤᠯᠠᠮᠵᠢᠯᠠᠯᠲᠤ ᠤᠷᠠᠯᠢᠭ᠂ ᠤᠯᠠᠮᠵᠢᠯᠠᠯᠲᠤ ᠭᠠᠷ ᠤᠷᠠᠯᠠᠯ ᠵᠡᠷᠭᠡ ᠶᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠳᠡᠮᠵᠢᠵᠦ᠂ ᠪᠣᠳᠠᠰ ᠤᠨ ᠪᠤᠰᠤ ᠰᠣᠶᠣᠯ ᠤᠨ ᠥᠪ ᠢ ᠵᠠᠯᠭᠠᠮᠵᠢᠯᠠᠬᠤ ᠳᠤᠮᠳᠠ ᠬᠥᠭᠵᠢᠭᠦᠯᠬᠦ᠂ ᠬᠥᠭᠵᠢᠭᠦᠯᠬᠦ ᠳᠤᠮᠳᠠ ᠵᠠᠯᠭᠠᠮᠵᠢᠯᠠᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠰᠣᠶᠣᠯ ᠢ ᠤᠯᠠᠮᠵᠢᠯᠠᠨ ᠬᠠᠮᠠᠭᠠᠯᠠᠬᠤ ᠪᠠ ᠰᠢᠨ᠎ᠡ ᠶᠢ ᠡᠭᠦᠳᠴᠦ ᠠᠭᠤᠰᠤᠯᠴᠠᠬᠤ ᠶᠢ ᠠᠬᠢᠭᠤᠯᠤᠨ᠎ᠠ᠃        ᠬᠤᠷᠢᠨ ᠲᠦᠷᠪᠡᠳᠦᠭᠡᠷ ᠵᠦᠢᠯ         ᠥᠪᠥᠷ ᠮᠣᠩᠭᠤᠯ ᠤᠨ ᠰᠢᠯᠢᠳᠡᠭ ᠤᠳᠬ᠎ᠠ ᠵᠣᠬᠢᠶᠠᠯ᠂ ᠳᠠᠭᠤᠤ ᠬᠥᠭᠵᠢᠮ᠂ ᠪᠥᠵᠢᠭ᠂ ᠤᠷᠠᠨ ᠵᠢᠷᠤᠭ᠂ ᠤᠷᠠᠨ ᠪᠢᠴᠢᠯᠭᠡ᠂ ᠰᠢ ᠳᠠᠭᠤᠤᠷᠢᠯᠢᠬ᠂ ᠤᠯᠠᠮᠵᠢᠯᠠᠯᠲᠤ ᠵᠦᠴᠦᠭᠡ ᠵᠡᠷᠭᠡ ᠶᠢ ᠠᠭᠤᠳᠠᠯᠤᠨ ᠡᠮᠬᠢᠯᠡᠵᠦ᠂ ᠲᠡᠤᠬᠡ ᠶᠢᠨ ᠳᠤᠷᠠᠰᠬᠠᠯᠲᠤ ᠵᠦᠢᠯᠡᠰ ᠰᠤᠳᠤᠷ ᠪᠢᠴᠢᠭ ᠢ ᠬᠠᠮᠠᠭᠠᠯᠠᠬᠤ᠂ ᠰᠤᠳᠤᠯᠬᠤ᠂ ᠠᠰᠢᠭᠯᠠᠬᠤ ᠶᠢ ᠴᠢᠩᠭᠠᠳᠬᠠᠵᠤ᠂ ᠲᠡᠭᠦᠨ ᠳᠤ ᠠᠭᠤᠯᠤᠭᠳᠠᠵᠤ ᠪᠦᠬᠦᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭᠠᠨ ᠤ ᠠᠭᠤᠯᠤᠭᠳᠠᠬᠤᠨ ᠢ ᠪᠠᠳᠠᠷᠠᠭᠤᠯᠵᠦ᠂ ᠦᠨᠳᠦᠰᠦᠲᠡᠨ ᠨᠦᠭᠦᠳ ᠤᠨ ᠰᠣᠩᠭᠤᠳᠠᠭ ᠲᠤᠯᠭᠤᠷ ᠪᠢᠴᠢᠭ ᠢ ᠬᠠᠷᠢᠯᠴᠠᠨ ᠣᠷᠴᠢᠭᠤᠯᠵᠤ ᠬᠡᠪᠯᠡᠭᠦᠯᠬᠦ ᠠᠵᠢᠯ ᠢ ᠰᠠᠶᠢᠲᠤᠷ ᠬᠢᠨ᠎ᠡ᠃        ᠬᠤᠷᠢᠨ ᠲᠠᠪᠤᠳᠤᠭᠠᠷ ᠵᠦᠢᠯ          ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠬᠥᠭᠵᠢᠭᠦᠯᠵᠦ᠂ ᠨᠠᠭᠠᠳᠤᠮ ᠵᠡᠷᠭᠡ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠥᠷᠪᠡᠨ ᠵᠢᠯ ᠳᠤ ᠨᠢᠭᠡ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠵᠦ᠂ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠳᠠᠲᠤ ᠪᠠᠶᠢᠳᠠᠯ ᠢᠶᠠᠨ ᠦᠨᠳᠦᠰᠦᠯᠡᠨ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠪᠣᠯᠤᠨ ᠤᠷᠤᠯᠳᠤᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠡᠷᠬᠢᠯᠡᠬᠦ ᠬᠡᠷᠡᠭᠲᠡᠶ᠃         ᠬᠤᠷᠢᠨ ᠵᠢᠷᠭᠤᠳᠤᠭᠠᠷ ᠵᠦᠢᠯ          ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠥᠪᠥᠷ ᠮᠣᠩᠭᠤᠯ ᠤᠨ ᠡᠯᠪᠡᠭ ᠪᠠᠶᠠᠯᠢᠭ ᠲᠡᠦᠬᠡ ᠰᠣᠶᠣᠯ ᠤᠨ ᠡᠬᠢ ᠪᠠᠶᠠᠯᠢᠭ᠂ ᠥᠪᠡᠷᠮᠢᠴᠡ ᠣᠨᠴᠠᠯᠢᠭ ᠲᠠᠢ ᠦᠨᠳᠦᠰᠦᠲᠡᠨ ᠤ ᠵᠠᠩ ᠳᠠᠳᠬᠠᠯ ᠢ ᠭᠦᠢᠴᠡᠳ ᠠᠰᠢᠭᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠰᠣᠳᠣᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠵᠢᠭᠤᠯᠴᠢᠯᠠᠯ ᠤᠨ ᠵᠠᠮ ᠱᠤᠭᠤᠮ ᠢ ᠴᠣᠭᠴᠠᠯᠠᠨ᠎ᠠ᠃       ᠭᠤᠷᠪᠠᠳᠤᠭᠠᠷ ᠪᠦᠯᠦᠭ     ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ        ᠬᠤᠷᠢᠨ ᠲᠤᠯᠤᠳᠤᠭᠠᠷ ᠵᠦᠢᠯ        ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ ᠲᠣᠭᠤᠷᠢᠨ ᠳᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠭᠰᠠᠨ ᠪᠣᠬᠢᠷᠲᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠠᠬᠤᠶ ᠶᠢᠨ ᠲᠣᠬᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠳᠤ ᠣᠶᠢᠯᠡᠴᠢᠯᠡᠵᠦ᠂ ᠵᠠᠰᠠᠯᠲᠠ ᠶᠢᠨ ᠲᠣᠬᠲᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠨᠡᠩ ᠴᠢᠨᠠᠷ ᠰᠠᠶᠢᠲᠠᠶ᠂ ᠨᠡᠩ ᠦᠷ᠎ᠡ ᠪᠦᠲᠦᠮᠵᠢᠲᠡᠶ᠂ ᠨᠡᠩ ᠡᠷᠬᠡ ᠲᠡᠭᠰᠢ᠂ ᠨᠡᠩ ᠦᠷᠭᠦᠯᠵᠢᠯᠡᠬᠦ᠋ᠢᠴᠡ᠂ ᠨᠡᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠦᠨ᠎ᠡ᠃        ᠬᠤᠷᠢᠨ ᠨᠠᠢᠮᠠᠳᠤᠭᠠᠷ ᠵᠦᠢᠯ         ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠶ ᠠᠭᠤᠰᠤᠯᠴᠠᠵᠤ᠂ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠾᠧᠪᠸᠢ ᠯᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠷᠣᠰ ᠮᠣᠩᠭᠤᠯ ᠲᠠᠢ ᠨᠡᠪᠲᠡᠷᠡᠯᠴᠡᠬᠦ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠡᠬᠢ ᠪᠠᠶᠠᠯᠢᠭ ᠤᠨ ᠴᠢᠬᠤᠯᠠ ᠬᠦᠴᠦᠨ ᠵᠦᠢᠯ ᠤᠨ ᠲᠣᠬᠢᠷᠠᠭᠤᠯᠤᠯᠲᠠ ᠪᠠ ᠦᠢᠯᠡᠳᠪᠦᠷᠢᠯᠡᠯ ᠤᠨ ᠬᠦᠴᠦᠨ ᠤ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠡᠭᠦᠨ᠂ ᠳᠤᠮᠳᠠ᠂ ᠪᠠᠷᠠᠭᠤᠨ ᠬᠡᠰᠡᠭ ᠤᠨ ᠭᠠᠵᠠᠷ ᠣᠷᠣᠨ ᠤ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠵᠦᠷᠢᠶᠡᠴᠢᠯᠡᠭᠰᠡᠨ ᠵᠣᠬᠢᠴᠠᠩᠭᠤᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ᠃        ᠬᠤᠷᠢ ᠶᠢᠰᠦᠳᠦᠭᠡᠷ ᠵᠦᠢᠯ          ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠳᠠᠬᠢ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ᠂ ᠬᠥᠳᠡᠭᠡ ᠲᠣᠰᠬᠤᠨ ᠤ ᠠᠵᠢᠯᠯᠠᠵᠦ ᠠᠮᠢᠳᠤᠷᠠᠬᠤ ᠳᠤ ᠲᠣᠬᠢᠷᠠᠮᠵᠢᠲᠠᠶ᠂ ᠮᠠᠯᠴᠢᠨ ᠲᠠᠷᠢᠶᠠᠴᠢᠨ ᠤ ᠪᠠᠶᠠᠨ ᠴᠢᠨᠡᠭᠡᠯᠢᠭ ᠪᠣᠯᠬᠤ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠪᠠ ᠵᠠᠮ ᠬᠠᠷᠢᠯᠴᠠᠭ᠎ᠠ ᠨᠡᠪᠲᠡᠷᠡᠬᠦ ᠲᠥᠪᠰᠢᠨ ᠢ ᠳᠡᠭᠡᠭᠰᠢᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡᠨ ᠤ ᠲᠣᠬᠲᠠᠯᠴᠠᠭ᠎ᠠ ᠶᠢ ᠪᠦᠷᠢᠨᠰᠢᠬᠦᠯᠵᠦ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠤᠨ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠭᠠᠵᠠᠷ ᠣᠷᠣᠨ ᠤ ᠪᠠᠶᠢᠳᠠᠯ ᠳᠤ ᠨᠢ ᠳᠣᠭᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠪᠠ ᠪᠣᠬᠢᠷ ᠤᠰᠤᠨ ᠤ ᠵᠠᠰᠠᠯᠲᠠ ᠶᠢ ᠠᠬᠢᠭᠤᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠠᠮᠤᠷ ᠠᠮᠤᠭᠤᠯᠠᠩ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠥᠳᠡᠭᠡ ᠲᠣᠰᠬᠤᠨ ᠤ ᠴᠢᠳᠠᠮᠠᠭᠠᠶ ᠵᠠᠰᠠᠯᠲᠠ ᠶᠢᠨ ᠲᠥᠪᠰᠢᠨ ᠢ ᠳᠡᠭᠡᠭᠰᠢᠯᠡᠭᠦᠯᠦᠨ᠎ᠡ᠃        ᠭᠤᠴᠢᠳᠤᠭᠠᠷ ᠵᠦᠢᠯ         ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠦᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠲᠣᠣᠷ᠎ᠠ ᠣᠷᠣᠯᠭ᠎ᠠ ᠲᠠᠢ ᠬᠥᠮᠦᠨ ᠠᠮᠠ ᠪᠠ ᠬᠠᠷᠠᠬᠠᠨ ᠬᠥᠭᠵᠢᠭᠡᠳᠦᠢ ᠭᠠᠵᠠᠷ ᠣᠷᠣᠨ ᠢ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠨᠵᠢᠯᠡᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ᠎ᠡ᠃ ᠰᠢᠶᠠᠨ ᠤ ᠬᠡᠪᠴᠢᠶᠡᠨ ᠤ ᠠᠵᠤ ᠠᠬᠤᠶ ᠶᠢ ᠬᠥᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠬᠥᠳᠡᠭᠡ ᠲᠣᠰᠬᠤᠨ ᠤ ᠠᠵᠤ ᠠᠬᠤᠶ ᠶᠢᠨ ᠡᠵᠡᠩᠨᠡᠯᠲᠡ ᠶᠢᠨ ᠪᠠᠶᠢᠳᠠᠯ ᠢ ᠪᠠᠶᠠᠯᠢᠬᠵᠢᠭᠤᠯᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠷᠣᠯᠭ᠎ᠠ ᠪᠠᠨ ᠣᠷᠳᠣ ᠬᠤᠭᠤᠴᠠᠭ᠎ᠠ ᠪᠠᠷ ᠲᠣᠭᠲᠠᠭᠤᠨ ᠢᠶᠠᠷ ᠨᠡᠮᠡᠭᠳᠡᠭᠦᠯᠬᠦ ᠶᠢ ᠦᠨᠡᠨ ᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠭᠠᠵᠠᠷ ᠣᠷᠣᠨ ᠤ ᠪᠥᠬᠦ ᠲᠠᠯ᠎ᠠ ᠪᠠᠷ ᠭᠦᠭᠵᠢᠨ ᠮᠠᠨᠳᠤᠵᠦ᠂ ᠬᠠᠮᠳᠤ ᠪᠠᠷ ᠴᠢᠨᠡᠭᠡᠯᠢᠭᠵᠢᠬᠦ ᠶᠢ ᠠᠬᠢᠭᠤᠯᠤᠨ᠎ᠠ᠃       ᠭᠤᠴᠢᠨ ᠨᠢᠭᠡᠳᠦᠭᠡᠷ ᠵᠦᠢᠯ          ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢᠶᠠᠨ ᠪᠠᠶᠠᠵᠢᠭᠤᠯᠬᠤ᠂ ᠬᠢᠯᠢ ᠬᠢᠵᠠᠭᠠᠷ ᠣᠷᠣᠨ ᠢ ᠲᠣᠭᠲᠠᠪᠤᠷᠢᠵᠢᠭᠤᠯᠤᠨ ᠪᠠᠬᠢᠵᠢᠭᠦᠯᠬᠦ ᠶᠢ ᠠᠬᠢᠭᠤᠯᠵᠤ᠂ ᠡᠳ᠋ ᠤᠨ ᠵᠠᠰᠠᠭ᠂ ᠭᠠᠶᠢᠯᠢ ᠲᠠᠲᠠᠪᠤᠷᠢ᠂ ᠢᠲᠡᠭᠡᠮᠵᠢᠲᠦ ᠵᠢᠭᠡᠯᠡᠯᠭᠡ᠂ ᠭᠠᠵᠠᠷ ᠰᠢᠷᠣᠢ ᠬᠡᠷᠡᠭᠯᠡᠬᠦ ᠵᠡᠷᠭᠡ ᠲᠥᠷᠥ ᠶᠢᠨ ᠪᠣᠳᠣᠯᠭ᠎ᠠ ᠶᠢ ᠭᠦᠢᠴᠡᠳ ᠠᠰᠢᠭᠯᠠᠨ᠂ ᠭᠠᠵᠠᠷ ᠣᠷᠣᠨ ᠪᠠ ᠦᠨᠳᠦᠰᠦᠲᠡᠨ ᠤ ᠣᠨᠴᠠᠯᠢᠭ ᠲᠠᠢ ᠠᠵᠤ ᠦᠢᠯᠡᠰ᠂ ᠦᠢᠯᠡᠳᠪᠦᠷᠢᠯᠡᠵᠦ ᠡᠳ᠋ᠰᠢᠭᠦᠯᠬᠦ ᠠᠷᠠᠯᠵᠢᠶᠠᠨ ᠤ ᠠᠵᠤ ᠠᠬᠤᠶᠢᠯᠠᠯ᠂ ᠵᠢᠭᠤᠯᠴᠢᠯᠠᠯ ᠤᠨ ᠦᠢᠯᠡᠰ ᠤᠨ ᠬᠥᠭᠵᠢᠨ ᠪᠤᠵᠠᠭᠠᠶᠢᠷᠠᠬᠤ ᠶᠢ ᠳᠡᠮᠵᠢᠵᠦ᠂ ᠣᠷᠣᠨ ᠨᠤᠲᠤᠭ ᠪᠣᠯᠤᠨ ᠦᠨᠳᠦᠰᠦᠲᠡᠨ ᠤ ᠣᠨᠴᠠᠯᠢᠭ ᠲᠠᠢ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠲᠠᠢ ᠲᠦᠷᠦᠯ ᠲᠡᠮᠳᠡᠭ ᠢ ᠪᠤᠶᠢᠵᠢᠭᠤᠯᠤᠨ ᠪᠤᠶ ᠪᠣᠯᠭᠠᠨ᠎ᠠ᠃ ᠬᠢᠯᠢ ᠬᠢᠵᠠᠭᠠᠷ ᠣᠷᠣᠨ ᠤ ᠬᠥᠭᠵᠢᠯᠲᠡ ᠶᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠢᠯᠢ ᠶᠢᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠯᠢ ᠬᠢᠵᠠᠭᠠᠷ ᠢᠶᠠᠨ ᠰᠠᠬᠢᠵᠤ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠢᠯᠢ ᠳᠠᠭᠠᠤ ᠬᠤᠲᠠ ᠪᠠᠯᠭᠠᠰᠤ ᠶᠢᠨ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠪᠣᠯᠤᠨ ᠠᠵᠤ ᠦᠢᠯᠡᠰ ᠤᠨ ᠲᠠᠪᠴᠠᠩ ᠤᠨ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃        ᠭᠤᠴᠢᠨ ᠬᠤᠶᠠᠳᠤᠭᠠᠷ ᠵᠦᠢᠯ        ᠠᠵᠤ ᠠᠬᠤᠶ ᠶᠢᠨ ᠨᠥᠬᠦᠪᠥᠷᠢ ᠥᠭᠬᠦ᠂ ᠣᠷᠴᠢᠨ ᠠᠬᠤᠶ ᠶᠢ ᠰᠢᠯᠢᠳᠡᠭᠵᠢᠭᠦᠯᠬᠦ᠂ ᠡᠬᠢ ᠪᠠᠶᠠᠯᠢᠭ ᠤᠨ ᠬᠠᠷᠠᠭᠠᠯᠵᠠᠯ ᠦᠵᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠬᠥᠮᠦᠨ ᠠᠮᠠ ᠴᠥᠭᠡᠪᠲᠦᠷ ᠦᠨᠳᠦᠰᠦᠲᠡᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠵᠦ᠂ ᠬᠥᠮᠦᠨ ᠠᠮᠠ ᠴᠥᠭᠡᠪᠲᠦᠷ ᠦᠨᠳᠦᠰᠦᠲᠡᠨ ᠤ ᠣᠨᠴᠠᠯᠢᠭ ᠲᠠᠢ ᠲᠣᠰᠬᠤᠨ ᠪᠠᠯᠭᠠᠰᠤ ᠶᠢ ᠬᠠᠮᠠᠭᠠᠯᠠᠨ ᠬᠥᠭᠵᠢᠭᠦᠯᠵᠦ᠂ ᠬᠥᠮᠦᠨ ᠠᠮᠠ ᠴᠥᠭᠡᠪᠲᠦᠷ ᠦᠨᠳᠦᠰᠦᠲᠡᠨ ᠤ ᠤᠯᠠᠮᠵᠢᠯᠠᠯᠲᠤ ᠠᠵᠤ ᠦᠢᠯᠡᠰ ᠢ ᠬᠠᠮᠠᠭᠠᠯᠠᠨ ᠣᠯᠠᠮᠵᠢᠯᠠᠨ᠎ᠠ᠃        ᠭᠤᠴᠢᠨ ᠭᠤᠷᠪᠠᠳᠤᠭᠠᠷ ᠵᠦᠢᠯ        ᠤᠯᠤᠰ ᠤᠨ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠤᠰᠤᠨ ᠠᠰᠢᠭᠯᠠᠯᠲᠠ ᠵᠡᠷᠭᠡ ᠴᠢᠬᠤᠯᠠ ᠶᠡᠭᠡ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ ᠢᠶᠠᠷ ᠭᠤᠤᠯ ᠴᠣᠭᠴᠠ ᠪᠣᠯᠭᠠᠭᠰᠠᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠲᠦᠷᠭᠡᠭᠡᠨ ᠪᠦᠷᠢᠯᠳᠦᠭᠦᠯᠵᠦ᠂ ᠰᠠᠭᠤᠷᠢ ᠲᠥᠬᠦᠭᠡᠷᠦᠮᠵᠢ ᠶᠢᠨ ᠬᠠᠷᠢᠯᠴᠠᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠤᠨ᠎ᠠ᠃ ᠬᠤᠲᠠ ᠬᠥᠳᠡᠭᠡ ᠶᠢ ᠬᠠᠮᠤᠷᠤᠭᠰᠠᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠣᠬᠲᠠᠯᠴᠠᠭ᠎ᠠ ᠶᠢ ᠪᠦᠷᠢᠨᠰᠢᠭᠦᠯᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠡᠩᠴᠡᠭᠦᠷᠢᠯᠡᠬᠦ ᠶᠢ ᠠᠬᠢᠭᠤᠯᠵᠤ᠂ ᠬᠡᠷᠡᠭᠯᠡᠬᠦ ᠪᠣᠯᠤᠮᠵᠢᠲᠦ ᠴᠢᠨᠠᠷ᠂ ᠬᠦᠷᠦᠯᠴᠡᠬᠦ᠋ᠢᠴᠡ ᠴᠢᠨᠠᠷ ᠢ ᠠᠬᠢᠭᠤᠯᠤᠨ᠎ᠠ᠃ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠣᠬᠲᠠᠯᠴᠠᠭ᠎ᠠ ᠶᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠬᠡᠷᠡᠭᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠦᠷᠭᠡᠳᠭᠡᠵᠤ ᠂ ᠳᠣᠷᠣᠭᠰᠢ ᠪᠠᠭᠤᠯᠭᠠᠬᠤ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ᠂ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠪᠣᠯᠤᠨ ᠬᠡᠤᠬᠡᠳ ᠤᠨ ᠠᠰᠠᠷᠠᠮᠵᠢ ᠶᠢᠨ ᠲᠥᠬᠦᠭᠡᠷᠦᠮᠵᠢ ᠶᠢ ᠨᠢᠭᠡᠳᠦᠯᠲᠡᠶ ᠲᠥᠯᠥᠪᠵᠢᠭᠦᠯᠦᠨ ᠪᠥᠲᠥᠭᠡᠨ ᠪᠠᠶᠢᠭᠤᠯᠤᠨ᠎ᠠ᠃ ᠦᠨᠳᠦᠰᠦᠲᠡᠨ ᠤ ᠤᠯᠠᠮᠵᠢᠯᠠᠯᠲᠤ ᠡᠮ ᠡᠮᠨᠡᠯᠭᠡ ᠶᠢᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠦᠨᠳᠦᠰᠦᠲᠡᠨ ᠤ ᠡᠮ ᠡᠮᠨᠡᠯᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠬᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨ᠎ᠡ ᠶᠢ ᠡᠭᠦᠳᠦᠨ ᠬᠦᠭᠵᠢᠬᠦ ᠪᠠ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠡ᠃       ᠭᠤᠴᠢᠨ ᠲᠦᠷᠪᠡᠳᠦᠭᠡᠷ ᠵᠦᠢᠯ        ᠠᠵᠢᠯ ᠣᠯᠭᠤᠬᠤ ᠴᠢᠳᠠᠪᠤᠷᠢ ᠶᠢ ᠶᠡᠭᠡ ᠪᠠᠷ ᠪᠤᠶᠢᠵᠢᠭᠤᠯᠤᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠠᠵᠢᠯ ᠣᠯᠭᠤᠯᠳᠠ ᠶᠢ ᠣᠯᠠᠨ ᠠᠷᠭ᠎ᠠ ᠵᠠᠮ ᠢᠶᠠᠷ ᠠᠬᠢᠭᠤᠯᠵᠤ᠂ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠢᠶᠠᠷ ᠳᠠᠮᠵᠢᠭᠤᠯᠤᠨ ᠦᠨᠳᠦᠰᠦᠲᠡᠨ ᠨᠦᠭᠦᠳ ᠤᠨ ᠣᠯᠠᠨ ᠲᠦᠮᠡᠨ ᠢᠯᠠᠩᠭᠤᠶ᠎ᠠ ᠮᠠᠯᠴᠢᠳ ᠲᠠᠷᠢᠶᠠᠴᠢᠳ ᠤᠨ ᠠᠵᠢᠯ ᠣᠯᠭᠤᠯᠳᠠ ᠶᠢᠨ ᠮᠡᠷᠭᠡᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠲᠤᠬᠠᠢ ᠶᠢᠨ ᠭᠠᠵᠠᠷ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠠᠵᠢᠯ ᠣᠯᠭᠤᠬᠤ ᠶᠢ ᠵᠣᠷᠢᠬᠵᠢᠭᠤᠯᠤᠨ᠎ᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤᠷᠠᠨ ᠠᠳᠠᠯ ᠦᠢᠯᠡᠰ ᠪᠤᠰᠬᠠᠬᠤ ᠶᠢ ᠵᠣᠷᠢᠬᠵᠢᠭᠤᠯᠤᠨ᠎ᠠ᠃ ᠨᠥᠬᠦᠴᠡᠯ ᠪᠦᠷᠢᠯᠳᠦᠭᠦᠯᠵᠦ ᠪᠠᠶᠢᠭᠠᠳ ᠡᠯ᠎ᠡ ᠦᠨᠳᠦᠰᠦᠲᠡᠨ ᠤ ᠶᠡᠭᠡ ᠲᠡᠭᠡᠲᠦ ᠰᠤᠷᠭᠠᠭᠤᠯᠢ᠂ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠳᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠷᠬᠡ ᠲᠡᠭᠰᠢ ᠪᠠᠷ ᠠᠵᠢᠯ ᠣᠯᠬᠤ᠂ ᠭᠦᠢᠴᠡᠳ ᠠᠵᠢᠯ ᠣᠯᠬᠤ ᠶᠢ ᠠᠬᠢᠭᠤᠯᠤᠨ᠎ᠠ᠃        ᠭᠤᠴᠢᠨ ᠲᠠᠪᠤᠳᠤᠭᠠᠷ ᠵᠦᠢᠯ        ᠬᠥᠬᠡ ᠠᠭᠤᠯᠠ ᠬᠥᠬᠡᠮᠳᠦᠭ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ ᠭᠡᠬᠦ ᠤᠶᠢᠯᠠᠭᠠᠬᠳᠠᠬᠤᠨ ᠢ ᠪᠠᠲᠤ ᠪᠣᠶ ᠪᠣᠯᠭᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠪᠠᠷ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠤᠲᠤᠭ ᠪᠡᠯᠴᠢᠭᠡᠷ᠂ ᠣᠶ ᠰᠢᠭᠤᠶ ᠶᠢᠨ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠶᠠᠨᠳᠠᠭᠠᠨ ᠰᠡᠷᠭᠦᠬᠦ ᠪᠠᠷ ᠭᠤᠤᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠠᠮᠢ ᠠᠬᠤᠶ ᠶᠢᠨ ᠰᠢᠰᠲ᠋ᠧᠮ ᠤᠨ ᠳᠣᠲᠣᠭᠠᠳᠤ ᠶᠢᠨ ᠵᠢᠮ᠎ᠡ ᠬᠠᠤᠯᠢ ᠪᠠ ᠵᠢᠮ᠎ᠡ ᠶᠣᠰᠣ ᠶᠢ ᠵᠢᠷᠤᠮᠯᠠᠵᠤ᠂ ᠴᠢᠬᠤᠯᠠ ᠶᠡᠭᠡ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠬᠡᠷᠡᠭᠵᠢᠭᠦᠯᠵᠦ᠂ ᠣᠯᠠᠨ ᠡᠰᠢᠵᠢᠭᠰᠡᠨ ᠠᠮᠢ ᠠᠬᠤᠶ ᠶᠢᠨ ᠨᠥᠬᠦᠪᠥᠷᠢ ᠦᠭᠬᠦ ᠲᠣᠭᠲᠠᠴᠠ ᠶᠢ ᠪᠠᠶᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ ᠤᠯᠤᠰ ᠤᠨ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠳᠦᠷᠢᠮ ᠢ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠡᠬᠢ ᠪᠠᠶᠠᠯᠢᠭ ᠪᠣᠯᠤᠨ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠵᠤ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠡᠩ ᠢᠯᠡᠭᠦᠦ ᠠᠰᠢᠭ ᠬᠦᠷᠲᠡᠭᠡᠨ᠎ᠡ᠃       ᠲᠦᠷᠪᠡᠳᠦᠭᠡᠷ ᠪᠦᠯᠦᠭ        ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ       ᠭᠤᠴᠢᠨ ᠵᠢᠷᠭᠤᠳᠤᠭᠠᠷ ᠵᠦᠢᠯ       ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠳᠤ᠂ ᠡᠩ ᠤᠨ ᠦᠶ᠎ᠡ ᠶᠢ ᠴᠢᠬᠤᠯᠠᠴᠢᠯᠠᠬᠤ᠂ ᠰᠡᠳᠬᠢᠯ ᠢᠶᠠᠨ ᠰᠣᠯᠢᠯᠴᠠᠬᠤ ᠶᠢ ᠴᠢᠬᠤᠯᠠᠴᠢᠯᠠᠬᠤ᠂ ᠦᠢᠯᠡ ᠠᠵᠢᠯᠯᠠᠭ᠎ᠠ ᠶᠢ ᠴᠢᠬᠤᠯᠠᠴᠢᠯᠠᠬᠤ᠂ ᠦᠨᠳᠦᠰᠦᠨ ᠱᠠᠲᠦ ᠶᠢ ᠴᠢᠬᠤᠯᠠᠴᠢᠯᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ᠰᠤᠶᠤᠯ ᠢᠷᠭᠡᠨᠰᠢᠯᠡᠬᠦ᠂ ᠪᠣᠳᠠᠲᠤ ᠴᠣᠬᠴᠠᠵᠢᠭᠤᠯᠬᠤ᠂ ᠤᠯᠠᠨ ᠲᠦᠮᠡᠨᠴᠢᠯᠡᠬᠦ ᠶᠡᠷᠦᠩᠬᠡᠢ ᠱᠠᠭᠠᠷᠳᠠᠯᠭ᠎ᠠ ᠶᠣᠰᠣᠭᠠᠷ᠂ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠵᠢᠷᠦᠬᠡᠨ ᠳᠤ ᠬᠠᠳᠠᠩᠰᠢᠭᠤᠯᠤᠨ᠎ᠠ᠃       ᠭᠤᠴᠢᠨ ᠲᠤᠯᠤᠳᠤᠭᠠᠷ ᠵᠦᠢᠯ        ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠥᠯᠥᠪᠵᠢᠭᠦᠯᠭᠡ ᠲᠣᠭᠲᠠᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠮᠤ ᠰᠢᠶᠠᠩ ᠪᠠᠯᠭᠠᠰᠤᠨ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠴᠡᠷᠢᠭ ᠠᠩᠭᠢ ᠳᠤ ᠣᠷᠣᠭᠤᠯᠬᠤ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠣᠷᠣᠭᠤᠯᠬᠤ᠂ ᠲᠤᠤᠷ ᠰᠦᠯᠵᠢᠶᠡᠨ ᠳᠤ ᠣᠷᠣᠭᠤᠯᠬᠤ ᠶᠢ ᠠᠬᠢᠭᠤᠯᠬᠤ ᠬᠡᠷᠡᠭᠲᠡᠶ᠃       ᠭᠤᠴᠢᠨ ᠨᠠᠢᠮᠠᠳᠤᠭᠠᠷ ᠵᠦᠢᠯ         ᠲᠦᠷᠦ ᠶᠢᠨ ᠪᠠᠶᠢᠭᠤᠯᠭ᠎ᠠ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠪᠠ ᠦᠨᠳᠦᠰᠦᠨ ᠬᠠᠤᠯᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠬᠦ ᠬᠦᠴᠦᠨ ᠢᠶᠠᠨ ᠳᠡᠭᠡᠭᠰᠢᠯᠡᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠳᠤᠮᠳᠠ ᠳᠣᠣᠷᠠᠬᠢ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ ︵ᠨᠢᠭᠡ︶ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠦᠨᠳᠦᠰᠦᠲᠡᠨ ᠤ ᠠᠵᠢᠯ ᠢ ᠶᠡᠭᠡ ᠲᠠᠯ᠎ᠠ ᠠᠴᠠ ᠲᠥᠯᠥᠪᠵᠢᠭᠦᠯᠦᠨ ᠠᠬᠢᠭᠤᠯᠵᠤ᠂ ᠲᠦᠷᠦ ᠶᠢᠨ ᠪᠤᠳᠤᠯᠭ᠎ᠠ ᠲᠣᠭᠲᠠᠭᠠᠬᠤ ᠪᠤᠶᠤ ᠠᠵᠢᠯ ᠥᠷᠨᠢᠭᠦᠯᠬᠦ ᠳᠤ ᠪᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠯᠧᠮᠧᠨ᠋ᠲ ᠢ ᠭᠦᠢᠴᠡᠳ ᠪᠣᠳᠣᠯᠬᠢᠯᠠᠵᠤ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠵᠥᠪ ᠤᠨᠤᠪᠴᠢᠳᠠᠢ ᠲᠤᠭᠤᠰᠢᠯᠠᠭᠤᠯᠤᠨ ᠬᠡᠷᠡᠭᠵᠢᠭᠦᠯᠬᠦ ᠶᠢ ᠦᠨᠡᠨ ᠬᠦ ᠪᠠᠳᠤᠯᠠᠬᠤ︔ ︵ᠬᠤᠶᠠᠷ︶ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠷᠭᠡᠳᠬᠡᠨ᠂ ᠰᠠᠭᠤᠷᠢ ᠲᠥᠬᠦᠭᠡᠷᠦᠮᠵᠢ ᠪᠣᠯᠤᠨ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠪᠦᠬᠦ ᠤᠯᠤᠰ ᠯᠤᠭ᠎ᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠢᠵᠢᠯ ᠠᠯᠬᠤᠮ ᠢᠶᠠᠷ ᠪᠡᠶᠡᠯᠡᠭᠦᠯᠬᠦ ᠶᠢ ᠠᠬᠢᠭᠤᠯᠬᠤ︔ ︵ᠭᠤᠷᠪᠠ︶ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠵᠣᠬᠢᠶᠠᠨ ᠪᠠᠶᠢᠭᠤᠯᠤᠨ ᠤᠯᠠᠨ ᠶᠠᠩᠵᠤ ᠶᠢᠨ ᠲᠥᠷᠥᠯ ᠬᠡᠯᠪᠡᠷᠢ ᠪᠦᠬᠦᠢ ᠭᠤᠣᠯ ᠰᠡᠳᠦᠪᠲᠦ ᠬᠥᠮᠦᠵᠢᠯ ᠪᠠ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠰᠣᠶᠣᠯ ᠤᠨ ᠠᠭᠤᠰᠤᠯᠴᠠᠨ ᠬᠥᠭᠵᠢᠬᠦ ᠪᠠ ᠡᠭᠦᠳᠦᠯᠲᠡ ᠲᠠᠢ ᠪᠠᠶᠢᠬᠤ ᠶᠢ ᠲᠦᠯᠬᠢᠨ ᠠᠬᠢᠭᠤᠯᠬᠤ᠃ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠵᠢᠱᠢᠶᠡᠴᠢ ᠳᠠᠭᠠᠭᠤᠯᠤᠭᠴᠢ ᠦᠢᠯᠡᠳᠦᠯ ᠢᠶᠠᠨ ᠪᠠᠳᠠᠷᠠᠭᠤᠯᠬᠤ ᠬᠡᠷᠡᠭᠳᠠᠢ᠃       ᠭᠤᠴᠢ ᠶᠢᠰᠦᠳᠦᠭᠡᠷ ᠵᠦᠢᠯ         ᠡᠯ᠎ᠡ ᠲᠥᠷᠥᠯ ᠤᠨ ᠠᠵᠤ ᠠᠬᠤᠶᠢᠯᠠᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠶᠢ ᠠᠵᠤ ᠠᠬᠤᠶᠢᠯᠠᠯ ᠤᠨ ᠬᠠᠮᠢᠶᠠᠷᠤᠯᠲᠠ ᠪᠠ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ ᠳᠤ ᠪᠠᠨ ᠠᠭᠤᠰᠤᠯᠴᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠠᠵᠤ ᠠᠬᠤᠶᠢᠯᠠᠯ ᠢ ᠡᠭᠦᠳᠦᠨ ᠪᠠᠶᠢᠭᠤᠯᠬᠤ ᠠᠵᠢᠯ ᠢ ᠦᠷᠨᠢᠭᠦᠯᠵᠦ᠂ ᠳᠣᠣᠷᠠᠬᠢ ᠨᠡᠶᠢᠭᠡᠮ ᠤᠨ ᠬᠠᠷᠢᠭᠤᠴᠠᠯᠭ᠎ᠠ ᠭᠦᠢᠴᠡᠳᠬᠡᠬᠦ ᠶᠢ ᠲᠡᠮᠵᠢᠨ᠎ᠡ᠄ ︵ᠨᠢᠭᠡ︶ ᠦᠨᠳᠦᠰᠦᠲᠡᠨ ᠨᠦᠭᠦᠳ ᠤᠨ ᠣᠯᠠᠨ ᠲᠦᠮᠡᠨ ᠢ ᠢᠳᠡᠪᠬᠢᠲᠡᠶ ᠪᠠᠷ ᠬᠦᠯᠢᠶᠡᠨ ᠠᠪᠴᠤ ᠠᠵᠢᠯ ᠣᠯᠭᠤᠵᠦ᠂ ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ︔ ︵ᠬᠤᠶᠠᠷ︶ ᠠᠵᠤ ᠦᠢᠯᠡᠰ ᠢ ᠲᠣᠬᠢᠷᠠᠭᠤᠯᠬᠤ᠂ ᠨᠡᠶᠢᠭᠡᠮ ᠤᠨ ᠦᠢᠯᠡᠴᠢᠯᠡᠭᠡ ᠶᠢ ᠥᠷᠨᠢᠭᠦᠯᠬᠦ ᠳᠤ ᠪᠠᠨ ᠲᠤᠬᠠᠢ ᠶᠢᠨ ᠭᠠᠵᠠᠷ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠰᠢᠭ ᠲᠤᠰᠠ ᠶᠢ ᠭᠦᠢᠴᠡᠳ ᠪᠣᠳᠣᠯᠬᠢᠯᠠᠬᠤ ᠬᠡᠷᠡᠭᠲᠡᠢ︔ ︵ᠭᠤᠷᠪᠠ︶ ᠶᠠᠳᠠᠭᠤ ᠶᠢ ᠲᠡᠳᠬᠦᠨ ᠬᠦᠴᠢᠷᠳᠡᠯᠲᠡᠶ ᠶᠢ ᠲᠤᠰᠠᠯᠠᠬᠤ᠂ ᠡᠳ᠋ ᠮᠥᠩᠭᠦ ᠪᠠᠷ ᠰᠤᠷᠤᠯᠭ᠎ᠠ ᠶᠢ ᠲᠡᠳᠬᠦᠬᠦ᠂ ᠬᠥᠭᠦᠷᠭᠡ ᠪᠠᠶᠢᠭᠤᠯᠤᠨ ᠵᠠᠮ ᠵᠠᠰᠠᠬᠤ ᠵᠡᠷᠭᠡ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠃         ᠲᠦᠴᠢᠳᠦᠭᠡᠷ ᠵᠦᠢᠯ          ᠨᠡᠶᠢᠭᠡᠮ ᠲᠣᠭᠤᠷᠢᠭ ᠤᠨ ᠬᠠᠷᠢᠯᠴᠠᠨ ᠰᠢᠬᠢᠳᠭᠡᠭᠦ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠣᠬᠲᠠᠯᠴᠠᠭ᠎ᠠ ᠶᠢᠨ ᠴᠢᠬᠤᠯᠠ ᠠᠭᠤᠯᠭ᠎ᠠ ᠪᠣᠯᠭᠠᠵᠤ᠂ ᠳᠤᠤᠷᠠᠬᠢ ᠠᠵᠢᠯ ᠢ ᠦᠷᠨᠢᠭᠦᠯᠬᠦ ᠬᠡᠷᠡᠭᠲᠡᠢ᠄ ︵ᠨᠢᠭᠡ︶ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠳᠤ ᠪᠠᠷ ᠣᠷᠣᠰᠢᠨ ᠰᠠᠭᠤᠬᠤ᠂ ᠬᠠᠮᠳᠤ ᠪᠠᠷ ᠰᠤᠷᠤᠯᠴᠠᠬᠤ᠂ ᠬᠠᠮᠳᠤ ᠪᠠᠷ ᠠᠵᠢᠯᠯᠠᠬᠤ᠂ ᠬᠠᠮᠳᠤ ᠪᠠᠷ ᠵᠢᠷᠭᠠᠬᠤ᠂ ᠬᠠᠮᠳᠤ ᠪᠠᠷ ᠡᠳ᠋ᠯᠡᠬᠦ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠡᠶ᠎ᠡ ᠵᠤᠬᠢᠴᠠᠯ ᠲᠠᠢ ᠬᠠᠮᠳᠤ ᠪᠠᠷ ᠣᠷᠣᠰᠢᠨ ᠰᠠᠭᠤᠬᠤ ᠶᠢ ᠢᠳᠡᠪᠬᠢᠲᠡᠢ ᠬᠥᠲᠥᠯᠥᠨ ᠵᠢᠯᠤᠭᠤᠳᠬᠤ︔ ︵ᠬᠤᠶᠠᠷ︶ ᠦᠨᠳᠦᠰᠦᠲᠡᠨ ᠨᠦᠭᠦᠳ ᠤᠨ ᠨᠡᠭᠦᠳᠡᠯ ᠬᠥᠮᠦᠨ ᠠᠮᠠ ᠶᠢᠨ ᠦᠢᠯᠡᠴᠢᠯᠡᠭᠡᠨ ᠤ ᠠᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠨᠡᠭᠦᠳᠡᠯ ᠬᠥᠮᠦᠨ ᠠᠮᠠ ᠶᠢᠨ ᠬᠤᠲᠠ ᠳᠤ ᠨᠠᠩ ᠰᠠᠶᠢᠨ ᠠᠭᠤᠰᠤᠯᠴᠠᠬᠤ ᠶᠢ ᠠᠬᠢᠭᠤᠯᠬᠤ︔ ︵ᠭᠤᠷᠪᠠ︶ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠷᠣᠨ ᠰᠠᠭᠤᠴᠠ᠂ ᠡᠪᠡᠳᠴᠢᠨ ᠦᠵᠡᠭᠦᠯᠬᠦ᠂ ᠰᠤᠷᠭᠠᠭᠤᠯᠢ ᠳᠤ ᠣᠷᠣᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠢ ᠬᠠᠪᠰᠤᠷᠤᠨ ᠰᠢᠢᠳᠪᠦᠷᠢᠯᠡᠵᠦ᠂ ᠬᠠᠤᠯᠢ ᠪᠠᠷ ᠵᠠᠰᠠᠬᠤ ᠤᠬᠠᠭᠤᠯᠭ᠎ᠠ ᠬᠢᠬᠦ᠂ ᠠᠵᠢᠯ ᠣᠯᠭᠤᠬᠤ ᠶᠢ ᠵᠢᠯᠣᠭᠤᠳᠬᠤ᠂ ᠵᠥᠷᠢᠴᠡᠯ ᠢ ᠠᠷᠢᠯᠭᠠᠬᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ ᠦᠢᠯᠡᠴᠢᠯᠡᠭᠡ ᠶᠢ ᠴᠢᠩᠭᠠᠳᠬᠠᠬᠤ︔ ︵ᠳᠥᠷᠪᠡ︶ ᠬᠡᠪ ᠵᠠᠩᠰᠢᠯ ᠢ ᠥᠭᠡᠷᠡᠴᠢᠯᠡᠬᠦ ᠶᠢ ᠰᠠᠨᠠᠭᠠᠴᠢᠯᠠᠨ᠂ ᠪᠣᠯᠪᠠᠰᠤᠨ ᠰᠢᠨ᠎ᠡ ᠬᠡᠪ ᠰᠤᠷᠲᠠᠯ ᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠵᠠᠩ ᠳᠠᠳᠬᠠᠯ ᠢᠶᠠᠨ ᠬᠠᠷᠢᠯᠴᠠᠨ ᠬᠦᠨᠳᠦᠳᠬᠡᠬᠦ ᠶᠢ ᠬᠥᠲᠥᠯᠥᠨ ᠵᠢᠯᠣᠭᠤᠳᠴᠤ᠂ ᠬᠥᠷᠰᠢ ᠰᠠᠭᠠᠬᠠᠯᠲᠠ ᠪᠠᠷ ᠢᠶᠠᠨ ᠪᠦᠯᠬᠦᠮᠳᠡᠯ ᠲᠠᠢ᠂ ᠭᠡᠷ ᠪᠦᠯᠢ ᠪᠠᠷ ᠢᠶᠠᠨ ᠡᠶ᠎ᠡ ᠨᠠᠶᠢᠷᠲᠠᠢ ᠪᠠᠶᠢᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠶ ᠶᠢ ᠢᠳᠡᠪᠬᠢᠲᠡᠶ ᠪᠦᠷᠢᠯᠳᠦᠭᠦᠯᠬᠦ᠃          ᠲᠦᠴᠢᠨ ᠨᠢᠭᠡᠳᠦᠭᠡᠷ ᠵᠦᠢᠯ          ᠰᠤᠮᠤ ᠰᠢᠶᠠᠩ ᠪᠠᠯᠭᠠᠰᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠵᠦ᠂ ᠡᠭᠦᠳᠦᠨ ᠪᠠᠶᠢᠭᠤᠯᠬᠤ ᠠᠵᠢᠯ ᠤᠨ ᠨᠠᠮ ᠵᠠᠰᠠᠭ ᠤᠨ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠳᠤᠤᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ ︵ᠨᠢᠭᠡ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠠᠭᠤᠰᠤᠯᠴᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠨᠢ ᠦᠷᠨᠢᠨ ᠭᠦᠭᠵᠢᠭᠰᠡᠨ᠂ ᠠᠮᠢ ᠠᠬᠤᠶ ᠨᠢ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠨᠢ ᠦᠷ᠎ᠡ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠶᠢ ᠪᠡᠶᠡᠯᠡᠭᠦᠯᠬᠦ ᠶᠢ ᠠᠬᠢᠭᠤᠯᠬᠤ ︔ ︵ᠬᠤᠶᠠᠷ︶ ᠬᠠᠷᠢᠶ᠎ᠠ ᠣᠷᠣᠨ ᠤ ᠪᠠᠨ ᠳᠣᠲᠣᠷᠠᠬᠢ ᠬᠦᠭᠵᠢᠯᠲᠡ ᠨᠢ ᠬᠠᠷᠢᠴᠠᠩᠭᠤᠢ ᠬᠤᠴᠣᠷᠣᠩᠭᠤᠢ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠴᠠᠭ᠎ᠠ ᠲᠣᠰᠬᠤᠨ ᠢ ᠳᠡᠮᠵᠢᠬᠦ ᠡᠷᠴᠢᠮ ᠢᠶᠠᠨ ᠨᠡᠮᠡᠭᠳᠡᠭᠦᠯᠵᠦ᠂ ᠳᠠᠪᠠᠭᠤᠯᠢᠭ ᠣᠨᠴᠠᠯᠢᠭ ᠲᠠᠢ ᠠᠵᠤ ᠦᠢᠯᠡᠰ ᠢ ᠶᠡᠭᠡ ᠪᠠᠷ ᠬᠥᠭᠵᠢᠭᠦᠯᠬᠦ︔ ︵ᠭᠤᠷᠪᠠ︶ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠣᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠯᠡᠬᠦ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠢᠯ ᠣᠯᠭᠤᠯᠳᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ᠂ ᠨᠡᠶᠢᠭᠡᠮ ᠤᠨ ᠪᠠᠲᠤᠯᠠᠭ᠎ᠠ ᠵᠡᠷᠭᠡ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠬᠤ︔ ︵ ᠳᠥᠷᠪᠡ︶ ᠬᠠᠷᠢᠶ᠎ᠠ ᠣᠷᠣᠨ ᠤ ᠪᠠᠨ ᠲᠤᠳᠤᠷᠠᠭᠢ ᠰᠠᠭᠤᠭᠠᠯᠢ ᠠᠷᠠᠳ ᠪᠣᠯᠤᠨ ᠨᠡᠭᠦᠳᠡᠯ ᠬᠥᠮᠦᠨ ᠠᠮᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠰᠤᠷᠤᠯᠴᠠᠵᠤ ᠬᠠᠮᠲᠤ ᠪᠠᠷ ᠠᠵᠢᠯᠯᠠᠬᠤ᠂ ᠬᠠᠮᠲᠤ ᠪᠠᠷ ᠬᠥᠭᠵᠢᠬᠦ ᠶᠢ ᠠᠬᠢᠭᠤᠯᠬᠤ︔ ︵ᠲᠠᠪᠤ ︶ ᠵᠢᠭᠤᠷᠠᠯᠳᠤᠭᠠᠨ ᠢ ᠳᠠᠷᠠᠭᠠᠯᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠢᠳᠡᠪᠬᠢᠲᠡᠶ ᠥᠷᠨᠢᠭᠦᠯᠵᠦ᠂ ᠡᠯ᠎ᠡ ᠵᠦᠢᠯ ᠤᠨ ᠵᠥᠷᠢᠴᠡᠯ ᠵᠢᠭᠤᠷᠠᠯᠳᠤᠭᠠᠨ ᠢ ᠤᠷᠢᠳᠴᠢᠯᠠᠨ ᠰᠡᠷᠭᠡᠶᠢᠯᠡᠬᠦ ᠪᠠ ᠬᠠᠤᠯᠢ ᠶᠣᠰᠣᠭᠠᠷ ᠲᠣᠬᠢᠷᠠᠮᠵᠢᠲᠠᠢ ᠰᠢᠢᠳᠪᠦᠷᠢᠯᠡᠬᠦ᠃         ᠲᠦᠴᠢᠨ ᠬᠤᠶᠠᠳᠤᠭᠠᠷ ᠵᠦᠢᠯ       ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠤᠭᠤᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠷᠲᠤ ᠬᠤᠭᠤᠴᠠᠭᠠᠨ ᠤ ᠪᠦᠳᠦᠮᠵᠢᠲᠠᠢ ᠲᠣᠭᠲᠠᠴᠠ ᠶᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠳᠤᠤᠷᠠᠬᠢ ᠠᠵᠢᠯ ᠤᠳ ᠢ ᠥᠷᠨᠢᠭᠦᠯᠬᠦ ᠬᠡᠷᠡᠭᠳᠠᠢ᠄ ︵ᠨᠢᠭᠡ︶ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠨᠡᠶᠢᠭᠡᠮ ᠤᠨ ᠦᠢᠯᠡᠳᠦᠯᠭᠡ᠂ ᠬᠡᠷ ᠪᠦᠯᠢ ᠶᠢᠨ ᠬᠥᠮᠦᠵᠢᠯ ᠢ ᠨᠢᠭᠡ ᠴᠣᠭᠴᠠᠵᠢᠭᠤᠯᠤᠭᠰᠠᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠲᠠᠪᠴᠠᠩ ᠢ ᠪᠠᠶᠢᠭᠤᠯᠵᠤ᠂ ᠳᠤᠮᠳᠠᠳᠤ ᠤᠯᠤᠰ ᠤᠨ ᠬᠤᠪᠢᠰᠬᠠᠯ ᠤᠨ ᠲᠡᠤᠬᠡ ᠶᠢᠨ ᠬᠥᠮᠦᠵᠢᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠥᠮᠦᠵᠢᠯ᠂ ᠳᠤᠮᠳᠠᠳᠤ ᠶᠢᠨ ᠵᠡᠭᠦᠳᠦ ᠶᠢᠨ ᠬᠥᠮᠦᠵᠢᠯ ᠢ ᠭᠦᠨᠵᠡᠭᠡᠶ ᠦᠷᠨᠢᠭᠦᠯᠬᠦ︔ ︵ᠬᠤᠶᠠᠷ︶ ᠦᠨᠳᠦᠰᠦᠲᠡᠨ ᠨᠦᠭᠦᠳ ᠤᠨ ᠰᠤᠷᠤᠭᠴᠢᠳ ᠬᠠᠮᠲᠤ ᠪᠠᠷ ᠣᠷᠣᠯᠴᠠᠭᠰᠠᠨ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠡᠳᠦᠷ ᠲᠤᠲᠤᠮ ᠤᠨ ᠰᠤᠷᠤᠯᠴᠠᠯᠭ᠎ᠠ ᠠᠮᠢᠳᠤᠷᠠᠯ ᠳᠤ ᠠᠭᠤᠰᠤᠯᠴᠠᠭᠤᠯᠬᠤ ᠶᠢ ᠠᠬᠢᠭᠤᠯᠬᠤ︔ ︵ᠭᠤᠷᠪᠠ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠨᠢᠭᠡᠳᠦᠯᠲᠡᠶ ᠵᠢᠷᠤᠮᠵᠢᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠬᠢᠴᠢᠶᠡᠯ ᠤᠨ ᠪᠠᠶᠢᠷᠢᠯᠠᠭᠤᠯᠤᠯᠳᠠ ᠶᠢ ᠵᠢᠷᠤᠮᠵᠢᠭᠤᠯᠤᠨ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠪᠠᠭᠰᠢ ᠠᠵᠢᠯᠲᠠᠨ ᠤ ᠬᠥᠮᠦᠵᠢᠯ ᠪᠣᠯᠪᠠᠰᠤᠷᠠᠭᠤᠯᠤᠯ ᠤᠨ ᠬᠡᠪᠴᠢᠶᠡᠨ ᠳᠤ ᠣᠷᠤᠭᠤᠯᠬᠤ︔ ︵ᠳᠥᠷᠪᠡ︶ ᠶᠡᠭᠡ ᠳᠡᠭᠡᠲᠦ ᠰᠤᠷᠭᠠᠭᠤᠯᠢ ᠨᠤᠭᠤᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠤᠨ ᠰᠤᠳᠤᠯᠭᠠᠨ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠵᠢᠭᠠᠨ ᠰᠤᠳᠤᠯᠬᠤ ᠠᠵᠢᠯᠯᠠᠭ᠎ᠠ ᠪᠠ ᠰᠤᠳᠤᠯᠭᠠᠨ ᠤ ᠰᠡᠳᠦᠪ ᠤᠨ ᠰᠤᠳᠤᠯᠤᠯ ᠢ ᠥᠷᠨᠢᠭᠦᠯᠬᠦ᠃        ᠲᠦᠴᠢᠨ ᠭᠤᠷᠪᠠᠳᠤᠭᠠᠷ ᠵᠦᠢᠯ         ᠴᠡᠷᠢᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠵᠤ᠂ ᠴᠡᠷᠢᠭ ᠠᠩᠭᠢ ᠣᠷᠣᠨ ᠨᠤᠲᠤᠭ ᠴᠡᠷᠢᠭ ᠠᠷᠠᠳ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠵᠡᠷᠭᠡ ᠰᠠᠭᠤᠭ᠎ᠠ ᠴᠡᠷᠢᠭ ᠠᠩᠭᠢ ᠲᠠᠢ ᠬᠤᠯᠪᠤᠭᠠᠯᠠᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠠ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠠᠵᠢᠯᠯᠠᠭ᠎ᠠ ᠶᠢ ᠥᠷᠨᠢᠭᠦᠯᠦᠨ᠎ᠡ᠃ ᠤᠯᠤᠰ ᠢᠶᠠᠨ ᠬᠠᠶᠢᠷᠠᠯᠠᠵᠤ ᠬᠢᠯᠢ ᠪᠠᠨ ᠰᠠᠬᠢᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠢᠯᠢ ᠶᠢᠨ ᠠᠷᠠᠳ ᠤᠨ ᠬᠢᠯᠢ ᠪᠠᠨ ᠰᠠᠬᠢᠵᠤ ᠬᠢᠯᠢ ᠪᠠᠨ ᠬᠠᠮᠠᠭᠠᠯᠠᠬᠤ ᠲᠦᠷᠢᠮ ᠢ ᠲᠡᠭᠦᠯᠳᠡᠷᠵᠢᠭᠦᠯᠵᠦ᠂ ᠬᠢᠯᠢ ᠬᠠᠮᠠᠭᠠᠯᠠᠭᠴᠢ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠬᠢᠯᠢ ᠶᠢᠨ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠬᠢᠯᠢ ᠬᠢᠵᠠᠭᠠᠷ ᠢ ᠰᠠᠬᠢᠵᠤ ᠪᠠᠬᠢᠵᠢᠭᠦᠯᠬᠦ ᠦᠨᠳᠦᠰᠦᠲᠡᠨ ᠤ ᠪᠦᠯᠬᠦᠮᠳᠡᠯ ᠤᠨ ᠰᠠᠭᠤᠷᠢ ᠶᠢ ᠪᠠᠬᠢᠵᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢ ᠬᠠᠮᠲᠤ ᠪᠠᠷ ᠰᠠᠬᠢᠨ ᠬᠠᠮᠠᠭᠠᠯᠠᠨ᠎ᠠ᠃        ᠲᠦᠴᠢᠨ ᠲᠦᠷᠪᠡᠳᠦᠭᠡᠷ ᠵᠦᠢᠯ          ᠱᠠᠰᠢᠨ ᠰᠤᠷᠲᠠᠬᠤᠨ ᠤ ᠪᠦᠯᠬᠦᠮ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ᠂ ᠱᠠᠰᠢᠨ ᠰᠤᠷᠲᠠᠬᠤᠨ ᠤ ᠰᠤᠷᠭᠠᠭᠤᠯᠢ ᠨᠢ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠢᠳᠡᠪᠬᠢᠲᠡᠢ ᠠᠬᠢᠭᠤᠯᠬᠤ ᠬᠡᠷᠡᠭᠲᠡᠢ᠄ ︵ᠨᠢᠭᠡ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠨᠡᠶᠢᠭᠡᠮ ᠵᠢᠷᠤᠮᠲᠤ ᠪᠠᠶᠢᠭᠤᠯᠤᠯ ᠢ ᠬᠦᠷᠢᠶᠡᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ᠂ ᠡᠬᠡ ᠤᠯᠤᠰ ᠤᠨ ᠨᠢᠭᠡᠳᠦᠯ᠂ ᠱᠠᠰᠢᠨ ᠰᠤᠷᠲᠠᠬᠤᠨ ᠤ ᠡᠶ᠎ᠡ ᠵᠣᠬᠢᠴᠠᠯ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ︔ ︵ᠬᠤᠶᠠᠷ︶ ᠤᠯᠤᠰ ᠢᠶᠠᠨ ᠬᠠᠶᠢᠷᠠᠯᠠᠵᠤ ᠱᠠᠰᠢᠨ ᠢᠶᠠᠨ ᠬᠠᠶᠢᠷᠠᠯᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠦ᠂ ᠱᠠᠰᠢᠨ ᠰᠤᠷᠲᠠᠬᠤᠨ ᠢ ᠢᠳᠡᠪᠬᠢᠲᠡᠢ ᠬᠦᠲᠦᠯᠦᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠯᠳᠤᠭᠤᠯᠬᠤ︔ ︵ᠭᠤᠷᠪᠠ︶ ᠱᠠᠰᠢᠨ ᠤ ᠨᠣᠮᠯᠠᠯ ᠱᠠᠰᠢᠨ ᠤ ᠲᠦᠷᠢᠮ ᠳᠠᠬᠢ ᠨᠡᠶᠢᠭᠡᠮ ᠤᠨ ᠡᠶ᠎ᠡ ᠵᠣᠬᠢᠴᠠᠯ᠂ ᠴᠠᠭ ᠦᠶ᠎ᠡ ᠶᠢᠨ ᠲᠠᠪᠰᠢᠯᠳᠠ᠂ ᠡᠷᠡᠭᠦᠯ ᠰᠠᠷᠠᠭᠤᠯ ᠪᠣᠯᠪᠠᠰᠤᠨ ᠳᠤ ᠠᠰᠢᠭᠲᠠᠢ ᠠᠭᠤᠯᠭ᠎ᠠ ᠶᠢ ᠠᠭᠤᠳᠠᠯᠵᠤ᠂ ᠨᠡᠶᠢᠭᠡᠮ ᠵᠢᠷᠤᠮ ᠤᠨ ᠭᠤᠣᠯᠯᠠᠬᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠱᠠᠰᠢᠨ ᠤ ᠨᠣᠮᠯᠠᠯ ᠱᠠᠰᠢᠨ ᠤ ᠲᠦᠷᠢᠮ ᠳᠤ ᠤᠳᠤ ᠦᠶ᠎ᠡ ᠶᠢᠨ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠨᠡᠶᠢᠴᠡᠭᠰᠡᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠱᠠᠭᠠᠷᠳᠠᠯᠭ᠎ᠠ ᠳᠤ ᠨᠡᠶᠢᠴᠡᠭᠰᠡᠨ ᠲᠠᠶᠢᠯᠪᠤᠷᠢᠯᠠᠯᠲᠠ ᠬᠢᠬᠦ︔ ︵ ᠳᠥᠷᠪᠡ︶ ᠱᠠᠰᠢᠨ ᠰᠤᠷᠲᠠᠬᠤᠨ ᠤ ᠠᠵᠢᠯᠲᠠᠨ ᠪᠠ ᠱᠠᠰᠢᠨ ᠰᠢᠲᠦᠳᠡᠭ ᠣᠯᠠᠨ ᠲᠦᠮᠡᠨ ᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠬᠠᠤᠯᠢ ᠪᠠᠷ ᠵᠠᠰᠠᠬᠤ ᠬᠥᠮᠦᠵᠢᠯ᠂ ᠤᠯᠤᠰ ᠤᠨ ᠪᠠᠶᠢᠳᠠᠯ ᠤᠨ ᠬᠥᠮᠦᠵᠢᠯ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠴᠢᠩᠭᠠᠳᠬᠠᠵᠤ᠂ ᠤᠯᠤᠰ ᠤᠨ ᠤᠬᠠᠮᠰᠠᠷ᠂ ᠠᠷᠠᠳ ᠢᠷᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠬᠤ᠃         ᠲᠦᠴᠢᠨ ᠲᠠᠪᠤᠳᠤᠭᠠᠷ ᠵᠦᠢᠯ        ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠤᠨ ᠰᠦᠯᠵᠢᠶᠡᠨ ᠤ ᠣᠷᠣᠨ ᠵᠠᠢ ᠶᠢ ᠥᠷᠭᠡᠳᠬᠡᠵᠦ᠂ ᠰᠦᠯᠵᠢᠶᠡᠨ ᠳᠡᠭᠡᠷᠡᠬᠢ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠰᠠᠶᠢᠲᠤᠷ ᠪᠦᠳᠦᠭᠡᠨ ᠪᠠᠶᠢᠭᠤᠯᠬᠤ ᠬᠡᠷᠡᠭᠲᠡᠢ ᠄ ︵ᠨᠢᠭᠡ︶ ᠪᠦᠯᠬᠦᠮᠳᠡᠭᠦᠯᠬᠦ ᠲᠣᠭᠲᠠᠭᠤᠨ ᠪᠠᠶᠢᠯᠭᠠᠬᠤ ᠡᠷᠴᠢ ᠵᠣᠷᠢᠭ ᠢ ᠬᠥᠪᠴᠢᠯᠡᠬᠦ᠂ ᠵᠥᠪ ᠲᠠᠯ᠎ᠠ ᠠᠴᠠ ᠤᠬᠠᠭᠤᠯᠬᠤ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠰᠠᠭᠤᠷᠢᠨ ᠭᠠᠵᠠᠷ ᠢ ᠬᠥᠭᠵᠢᠭᠦᠯᠦᠨ ᠪᠤᠵᠠᠭᠠᠶᠢᠷᠠᠭᠤᠯᠵᠤ᠂ ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ ︾ ᠤᠨ ᠠᠵᠢᠯᠯᠠᠭ᠎ᠠ ᠶᠢ ᠠᠬᠢᠭᠤᠯᠵᠦ᠂ ᠰᠦᠯᠵᠢᠶᠡᠨ ᠤ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠬᠠᠮ ᠵᠠᠭᠤᠴᠢᠯᠠᠭᠤᠷ ᠤᠨ ᠣᠬᠠᠭᠤᠯᠭ᠎ᠠ᠂ ᠬᠠᠮ ᠡᠵᠡᠩᠨᠡᠯᠳᠡ ᠶᠢᠨ ᠪᠠᠶᠢᠳᠠᠯ ᠤᠨ ᠳᠠᠮᠵᠢᠭᠤᠯᠭ᠎ᠠ᠂ ᠪᠥᠬᠦ ᠲᠠᠪᠴᠠᠩ ᠢ ᠬᠠᠮᠤᠷᠤᠭᠰᠠᠨ ᠰᠦᠯᠵᠢᠶᠡᠨ ᠤ ᠤᠬᠠᠭᠤᠯᠭ᠎ᠠ ᠶᠢᠨ ᠠᠵᠢᠯ ᠤᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ︔ ︵ᠬᠤᠶᠠᠷ︶ ᠭᠤᠤᠯ ᠪᠣᠯᠬᠤ ᠰᠢᠨ᠎ᠡ ᠵᠠᠭᠤᠴᠢᠯᠠᠭᠤᠷ ᠤᠨ ᠲᠠᠪᠴᠠᠩ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠰᠬᠠᠶ ᠪᠤᠯᠤᠩ᠂ ᠲᠤᠰᠬᠠᠶ ᠰᠡᠳᠦᠪ ᠭᠠᠷᠭᠠᠵᠤ᠂ ᠴᠢᠨᠠᠷ ᠰᠠᠶᠢᠲᠠᠶ ᠠᠭᠤᠯᠭ᠎ᠠ ᠨᠡᠶᠢᠳᠡᠯᠡᠬᠦ ᠲᠣᠭᠲᠠᠴᠠ ᠶᠢ ᠪᠠᠶᠢᠭᠤᠯᠵᠦ᠂ ᠰᠠᠭᠤᠷᠢᠨ ᠭᠠᠵᠠᠷ ᠤᠨ ᠳᠠᠪᠠᠭᠤᠯᠢᠭ᠂ ᠳᠠᠮᠵᠢᠭᠤᠯᠤᠨ ᠲᠠᠷᠬᠠᠭᠠᠬᠤ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠨᠥᠯᠥᠭᠡᠯᠡᠬᠦ ᠬᠦᠴᠦᠨ ᠢᠶᠠᠷ ᠶᠡᠭᠡ᠂ ᠪᠦᠷᠬᠦᠭᠦᠯᠬᠦ ᠬᠡᠪᠴᠢᠶ᠎ᠡ ᠪᠠᠷ ᠥᠷᠭᠡᠨ ᠡᠷᠬᠡ ᠰᠦᠷᠲᠦ ᠬᠠᠮ ᠵᠠᠭᠤᠴᠢᠯᠠᠭᠤᠷ ᠤᠨ ᠪᠦᠲᠦᠭᠡᠯ ᠢ ᠡᠭᠦᠳᠦᠨ ᠭᠠᠷᠭᠠᠵᠤ᠂ ᠣᠯᠠᠨ ᠲᠦᠮᠡᠨ ᠢ ᠨᠡᠩ ᠰᠠᠶᠢᠳᠤᠷ ᠨᠢᠭᠲᠠᠷᠠᠭᠤᠯᠵᠤ᠂ ᠣᠯᠠᠨ ᠲᠦᠮᠡᠨ ᠢ ᠨᠡᠩ ᠰᠠᠶᠢᠳᠤᠷ ᠬᠥᠲᠥᠯᠥᠨ ᠵᠢᠯᠣᠭᠤᠳᠬᠤ ᠬᠡᠷᠡᠭᠲᠡᠶ︔ ︵ᠭᠤᠷᠪᠠ︶ ᠢᠨᠲ᠋ᠧᠷ ᠰᠦᠯᠵᠢᠶᠡᠨ ᠤ ᠵᠠᠭᠤᠴᠢᠯᠠᠭᠤᠷ᠂ ᠢᠨᠲ᠋ᠧᠷ ᠰᠦᠯᠵᠢᠶᠡᠨ ᠤ ᠠᠵᠤ ᠠᠬᠤᠶᠢᠯᠠᠯ᠂ ᠰᠦᠯᠵᠢᠶᠡᠨ ᠢᠷᠭᠡᠳ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠬᠦ ᠶᠢ ᠵᠣᠷᠢᠬᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠶᠠᠷᠢᠶ᠎ᠠ ᠬᠡᠯᠡᠯᠴᠡᠭᠡᠨ ᠤ ᠣᠷᠴᠢᠨ ᠠᠬᠤᠢ ᠶᠢ ᠪᠦᠷᠢᠯᠳᠦᠭᠦᠯᠵᠦ ᠦᠭᠬᠦ︔ ︵ᠳᠥᠷᠪᠡ︶ ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ᠂ ᠨᠡᠶᠢᠭᠡᠮ ᠲᠣᠭᠤᠷᠢᠭ ᠨᠢ ᠰᠦᠯᠵᠢᠶᠡᠨ ᠤ ᠡᠬᠢ ᠪᠠᠶᠠᠯᠢᠭ ᠢ ᠭᠦᠢᠴᠡᠳ ᠠᠰᠢᠭᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠦᠯᠵᠢᠶᠡᠨ ᠳᠡᠭᠡᠷᠡᠬᠢ ᠶᠠᠷᠢᠶᠠᠨ ᠤ ᠲᠠᠪᠴᠠᠩ ᠢ ᠪᠠᠶᠢᠭᠤᠯᠵᠤ᠂ ᠰᠦᠯᠵᠢᠶᠡᠨ ᠤ ᠲᠠᠪᠴᠠᠩ ᠢᠶᠠᠷ ᠳᠠᠮᠵᠢᠭᠤᠯᠤᠨ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡ ᠠᠵᠢᠯᠯᠠᠭ᠎ᠠ ᠶᠢ ᠤᠬᠠᠭᠤᠯᠬᠤ︔ ︵ᠲᠠᠪᠤ︶ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠨ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠳᠤᠯᠤᠨ ᠵᠢᠯᠣᠭᠤᠳᠬᠤ ᠲᠣᠭᠲᠠᠴᠠ ᠶᠢ ᠪᠦᠷᠢᠨᠰᠢᠭᠦᠯᠵᠦ᠂ ᠰᠦᠯᠵᠢᠶᠡᠨ ᠤ ᠲᠠᠪᠴᠠᠩ ᠳᠤ ᠢᠯᠡᠷᠡᠭᠰᠡᠨ ᠦᠨᠳᠦᠰᠦᠲᠡᠨ ᠤ ᠪᠦᠯᠬᠦᠮᠳᠡᠯ ᠢ ᠡᠪᠳᠡᠭᠰᠡᠨ᠂ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠳᠤ ᠠᠰᠢᠭ ᠦᠭᠡᠢ ᠵᠢᠴᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠨᠥᠯᠥᠭᠡᠯᠡᠬᠦ ᠦᠭᠡ ᠶᠠᠷᠢᠶ᠎ᠠ ᠶᠢ ᠴᠠᠭ ᠲᠤᠬᠠᠢ ᠳᠤ ᠨᠢ ᠢᠯᠡᠷᠡᠭᠦᠯᠬᠦ ᠪᠠ ᠬᠤᠷᠢᠭᠯᠠᠵᠤ᠂ ᠡᠯ᠎ᠡ ᠵᠦᠢᠯ ᠤᠨ ᠪᠤᠷᠤᠭᠤ ᠦᠵᠡᠯᠲᠡ ᠲᠠᠨᠢᠯᠳᠠ ᠶᠢ ᠲᠤᠭ ᠲᠡᠮᠳᠡᠭ ᠲᠣᠳᠣᠷᠬᠠᠢ ᠪᠠᠷ ᠡᠰᠡᠷᠭᠦᠴᠡᠨ ᠬᠤᠷᠢᠬᠯᠠᠬᠤ᠃         ᠲᠦᠴᠢᠨ ᠵᠢᠷᠭᠤᠳᠤᠭᠠᠷ ᠵᠦᠢᠯ        ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠨᠢᠭᠡᠴᠢ ᠶᠢᠨ ᠪᠠᠶᠢᠭᠤᠯᠤᠯᠲᠠ ᠶᠢ ᠶᠡᠷᠦᠩᠬᠡᠶᠢᠯᠡᠨ ᠰᠢᠯᠭᠠᠵᠤ ᠦᠨᠡᠯᠡᠬᠦ ᠵᠢᠭᠠᠯᠳᠠ ᠲᠤᠭ᠎ᠠ ᠶᠢ ᠲᠣᠭᠲᠠᠭᠠᠵᠤ᠂ ᠬᠢᠨᠠᠨ ᠰᠢᠯᠭᠠᠵᠤ ᠦᠨᠡᠯᠡᠬᠦ ᠲᠣᠬᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠨᠢᠭᠡᠴᠢ ᠶᠢᠨ ᠪᠠᠶᠢᠭᠤᠯᠤᠯᠲᠠ ᠶᠢ ᠶᠡᠷᠦᠩᠬᠡᠶᠢᠯᠡᠨ ᠰᠢᠯᠭᠠᠵᠤ ᠦᠨᠡᠯᠡᠬᠦ ᠵᠢᠭᠠᠯᠳᠠ ᠲᠤᠭ᠎ᠠ ᠶᠢ ᠦᠨᠳᠦᠰᠦᠯᠡᠨ᠂ ᠪᠣᠳᠠᠲᠠᠶ ᠠᠷᠭ᠎ᠠ ᠬᠡᠮᠵᠢᠶ᠎ᠡ ᠶᠢ ᠲᠤᠬᠳᠠᠭᠠᠬᠤ ᠬᠡᠷᠡᠭᠲᠡᠢ᠃        ᠲᠦᠴᠢᠨ ᠲᠤᠯᠤᠳᠤᠭᠠᠷ ᠵᠦᠢᠯ         ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢ ᠬᠥᠮᠦᠵᠢᠭᠦᠯᠦᠨ ᠪᠣᠶ ᠪᠣᠯᠭᠠᠬᠤ ᠠᠵᠢᠯ ᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠠ ᠵᠢᠱᠢᠶᠡᠴᠢ ᠬᠤᠪᠢ ᠬᠥᠮᠦᠨ ᠢ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠲᠠᠪᠤᠨ ᠵᠢᠯ ᠳᠤ ᠨᠢᠭᠡ ᠤᠳᠠᠭ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠵᠤ᠂ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠳᠤᠮᠳᠠ ᠢᠯᠡᠷᠭᠡᠢ ᠠᠮᠵᠢᠯᠲᠠ ᠭᠠᠷᠭᠠᠭᠰᠠᠨ ᠪᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠢᠱᠢᠶᠡᠴᠢ ᠬᠠᠮᠲᠤ ᠪᠣᠯᠤᠨ ᠵᠢᠱᠢᠶᠡᠴᠢ ᠬᠤᠪᠢ ᠬᠥᠮᠦᠨ ᠢ ᠬᠥᠬᠢᠭᠦᠯᠦᠨ ᠱᠠᠩᠨᠠᠬᠤ ᠬᠡᠷᠡᠭᠲᠡᠶ᠃        ᠲᠦᠴᠢᠨ ᠨᠠᠢᠮᠠᠳᠤᠭᠠᠷ ᠵᠦᠢᠯ         ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠵᠢᠯ ᠪᠦᠷᠢ ᠶᠢᠨ 5 ᠳ᠋ᠤᠭᠠᠷ ᠰᠠᠷ᠎ᠠ ᠶᠢ ᠪᠦᠬᠦ ᠣᠷᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠣᠯᠭᠠᠵᠤ᠂ 5 ᠳ᠋ᠤᠭᠠᠷ ᠰᠠᠷ᠎ᠠ ᠶᠢᠨ ᠬᠠᠮᠤᠭ ᠤᠨ ᠰᠡᠭᠦᠯᠴᠢ ᠶᠢᠨ ᠨᠢᠭᠡ ᠭᠠᠷᠠᠭ ᠢ ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ ᠪᠣᠯᠭᠠᠨ᠎ᠠ︔ ᠵᠢᠯ ᠪᠦᠷᠢ ᠶᠢᠨ 9 ᠳ᠋ᠤᠭᠡᠷ ᠰᠠᠷ᠎ᠠ ᠶᠢ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠭᠠᠨ᠎ᠠ᠃        ᠲᠠᠪᠤᠳᠤᠭᠠᠷ ᠪᠦᠯᠦᠭ       ᠨᠡᠶᠢᠭᠡᠮ ᠤᠨ ᠬᠠᠮᠵᠢᠯᠴᠠᠭ᠎ᠠ ᠶᠢ ᠴᠢᠩᠭᠠᠳᠬᠠᠬᠤ         ᠲᠦᠴᠢ ᠶᠢᠰᠦᠳᠦᠭᠡᠷ ᠵᠦᠢᠯ       ᠦᠨᠳᠦᠰᠦᠲᠡᠨ ᠨᠦᠭᠦᠳ ᠤᠨ ᠣᠯᠠᠨ ᠲᠦᠮᠡᠨ ᠬᠠᠷᠢᠯᠴᠠᠨ ᠣᠶᠢᠯᠠᠭᠠᠯᠴᠠᠵᠦ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠪᠠᠭᠲᠠᠭᠠᠵᠤ᠂ ᠬᠠᠷᠢᠯᠴᠠᠨ ᠰᠣᠯᠢᠯᠴᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠬᠠᠪᠰᠤᠷᠤᠯᠴᠠᠵᠦ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠪᠠ ᠠᠮᠢᠳᠤᠷᠠᠯ ᠤᠨ ᠤᠷᠴᠢᠨ ᠠᠬᠤᠢ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠡᠷᠡᠭᠲᠡᠶ᠃         ᠲᠠᠪᠢᠳᠤᠭᠠᠷ ᠵᠦᠢᠯ            ᠡᠯ᠎ᠡ ᠱᠠᠲᠤᠨ ᠤ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠣᠯᠠᠨ ᠲᠦᠮᠡᠨ ᠤ ᠠᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠪᠦᠲᠦᠭᠡᠯᠴᠢ ᠪᠠᠷ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠠᠮᠲᠤ ᠪᠠᠷ ᠠᠬᠢᠭᠤᠯᠬᠤ ᠤᠷᠴᠢᠨ ᠠᠬᠤᠢ ᠶᠢ ᠪᠣᠢ ᠪᠣᠯᠭᠠᠬᠤ ᠬᠡᠷᠡᠭᠲᠡᠢ᠃ ᠠᠵᠢᠯᠴᠢᠨ ᠤ ᠡᠪᠯᠡᠯ ᠨᠢ ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂ ᠠᠵᠢᠯᠲᠠᠨ ᠠᠵᠢᠯᠴᠢᠨ ᠤᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠬᠦ ᠬᠡᠷᠡᠭᠲᠡᠶ᠃ ᠡᠪ ᠬᠠᠮᠲᠤ ᠵᠠᠯᠠᠭᠤᠴᠤᠳ ᠤᠨ ᠡᠪᠯᠡᠯ ᠨᠢ ᠵᠠᠯᠠᠭᠤᠴᠤᠳ ᠪᠠᠭᠠᠴᠤᠳ ᠢ ᠬᠦᠳᠦᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ ᠂ ᠵᠠᠯᠠᠭᠤᠴᠤᠳ ᠲᠠᠢ ᠪᠦᠯᠬᠦᠮᠳᠡᠨ᠂ ᠵᠠᠯᠠᠭᠤᠴᠤᠳ ᠢ ᠨᠢᠭᠲᠠᠷᠠᠭᠤᠯᠵᠤ᠂ ᠵᠠᠯᠠᠭᠤᠴᠤᠳ ᠢ ᠳᠠᠭᠠᠭᠤᠯᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ ᠢᠳᠡᠪᠬᠢᠲᠡᠢ ᠣᠷᠣᠯᠴᠠᠭᠤᠯᠵᠤ᠂ ᠵᠠᠯᠠᠭᠤᠴᠤᠳ ᠪᠠᠭᠠᠴᠤᠳ ᠤᠨ ᠳᠤᠮᠳᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠢ᠃ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠨᠡᠶᠢᠭᠡᠮ ᠤᠨ ᠠᠮᠢᠳᠤᠷᠠᠯ ᠪᠠ ᠭᠡᠷ ᠪᠦᠯᠢ ᠶᠢᠨ ᠠᠮᠢᠳᠤᠷᠠᠯ ᠳᠠᠬᠢ ᠡᠮᠡᠭᠲᠡᠶᠢᠴᠦᠳ ᠤᠨ ᠥᠪᠡᠷᠮᠢᠴᠡ ᠦᠢᠯᠡᠳᠦᠯ ᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠢ ᠬᠦᠮᠦᠵᠢᠭᠦᠯᠦᠨ ᠬᠦᠲᠦᠯᠦᠨ ᠵᠢᠯᠣᠭᠤᠳᠴᠤ ᠪᠠᠶᠢᠭᠠᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠢᠳᠡᠪᠬᠢᠲᠡᠢ ᠠᠵᠢᠯᠯᠠᠭᠤᠯᠬᠤ ᠬᠡᠷᠡᠭᠲᠡᠢ᠃        ᠲᠠᠪᠢᠨ ᠨᠢᠭᠡᠳᠦᠭᠡᠷ ᠵᠦᠢᠯ           ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠭᠤᠯᠭ᠎ᠠ ᠶᠢ ᠲᠣᠰᠬᠤᠨ ᠤ ᠲᠦᠷᠢᠮ ᠠᠷᠠᠳ ᠤᠨ ᠭᠡᠷ᠎ᠡ ᠂ ᠰᠠᠭᠤᠭᠠᠯᠢ ᠠᠷᠠᠳ ᠤᠨ ᠨᠡᠶᠢᠲᠡ ᠶᠢᠨ ᠭᠡᠷ᠎ᠡ ᠳᠤ ᠣᠷᠣᠭᠤᠯᠬᠤ ᠶᠢ ᠵᠣᠷᠢᠬᠵᠢᠭᠤᠯᠤᠨ᠎ᠠ᠃        ᠲᠠᠪᠢᠨ ᠬᠤᠶᠠᠳᠤᠭᠠᠷ ᠵᠦᠢᠯ           ᠭᠡᠷ ᠪᠦᠯᠢ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠤᠮᠳᠠ ᠢᠳᠡᠪᠬᠢᠲᠠᠢ ᠦᠢᠯᠡᠳᠦᠯ ᠢᠶᠠᠨ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭ᠎ᠠ ᠶᠢ ᠭᠡᠷ ᠤᠨ ᠰᠤᠷᠭᠠᠯ᠂ ᠭᠡᠷ ᠤᠨ ᠰᠤᠷᠲᠠᠯ ᠳᠤ ᠠᠭᠤᠰᠬᠠᠨ ᠣᠷᠣᠭᠤᠯᠵᠤ᠂ ᠭᠡᠷ ᠪᠦᠯᠢ ᠶᠢᠨ ᠪᠦᠷᠢᠯᠳᠦᠬᠦᠨ ᠤ ᠬᠤᠭᠤᠷᠣᠨᠳᠣ ᠪᠠᠨ ᠬᠠᠷᠢᠯᠴᠠᠨ ᠬᠦᠨᠳᠦᠳᠬᠡᠵᠦ᠂ ᠬᠠᠷᠢᠯᠴᠠᠨ ᠨᠥᠯᠥᠭᠡᠯᠡᠵᠦ᠂ ᠬᠠᠷᠢᠯᠴᠠᠨ ᠬᠥᠮᠦᠵᠢᠭᠦᠯᠵᠦ᠂ ᠬᠠᠷᠢᠯᠴᠠᠨ ᠠᠬᠢᠭᠤᠯᠬᠤ ᠬᠡᠷᠡᠭᠲᠡᠶ᠃       ᠲᠠᠪᠢᠨ ᠭᠤᠷᠪᠠᠳᠤᠭᠠᠷ ᠵᠦᠢᠯ           ᠨᠣᠮ ᠤᠨ ᠰᠠᠩ᠂ ᠮᠦᠽᠧᠶ᠂ ᠦᠵᠡᠰᠬᠦᠯᠡᠩ ᠤᠨ ᠣᠷᠳᠣᠨ᠂ ᠰᠣᠶᠣᠯ ᠤᠨ ᠣᠷᠳᠣᠨ᠂ ᠤᠷᠠᠨ ᠵᠢᠷᠤᠭ ᠤᠨ ᠣᠷᠳᠣᠨ᠂ ᠳᠤᠷᠠᠰᠬᠠᠯ ᠤᠨ ᠣᠷᠳᠣᠨ᠂ ᠪᠠᠭᠠᠴᠤᠳ ᠤᠨ ᠣᠷᠳᠣᠨ ᠵᠡᠷᠭᠡ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠤᠰᠬᠠᠬᠤ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠴᠡᠴᠡᠷᠯᠢᠭ᠂ ᠠᠭᠤᠳᠠᠮ ᠲᠠᠯᠠᠪᠠᠢ᠂ ᠨᠢᠰᠬᠡᠯ ᠤᠨ ᠪᠠᠭᠤᠳᠠᠯ᠂ ᠲᠡᠷᠭᠡᠨ ᠦᠷᠳᠡᠭᠡ᠂ ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠤᠰᠬᠠᠬᠤ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠤᠬᠠᠭᠤᠯᠭ᠎ᠠ ᠬᠥᠮᠦᠵᠢᠯ ᠤᠨ ᠠᠭᠤᠯᠭ᠎ᠠ ᠶᠢ ᠳᠡᠯᠭᠡᠨ ᠦᠵᠡᠭᠦᠯᠬᠦ ᠬᠡᠷᠡᠭᠲᠡᠢ᠃       ᠲᠠᠪᠢᠨ ᠲᠦᠷᠪᠡᠳᠦᠭᠡᠷ ᠵᠦᠢᠯ           ᠨᠣᠮ ᠪᠢᠴᠢᠭ᠂ ᠰᠣᠨᠢᠨ ᠰᠡᠳᠬᠦᠯ᠂ ᠳᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠭᠦᠨ᠂ ᠺᠢᠨᠣ᠋ ᠲᠧᠯᠸᠢᠰ᠂ ᠰᠦᠯᠵᠢᠶ᠎ᠡ ᠵᠡᠷᠭᠡ ᠠᠴᠢᠶᠠᠯᠠᠪᠤᠷᠢ ᠵᠢᠴᠢ ᠣᠷᠣᠨ ᠪᠦᠰᠡ ᠶᠢᠨ ᠨᠡᠷᠡᠶᠢᠳᠦᠯ᠂ ᠠᠵᠤ ᠠᠬᠤᠶᠢᠯᠠᠯ ᠤᠨ ᠨᠡᠷᠡᠶᠢᠳᠦᠯ᠂ ᠲᠦᠷᠦᠯ ᠲᠡᠮᠳᠡᠭ ᠲᠠᠸᠠᠷ ᠤᠨ ᠲᠡᠮᠳᠡᠭ᠂ ᠵᠠᠷ ᠮᠡᠳᠡᠭᠡ ᠵᠡᠷᠭᠡ ᠲᠠᠯ᠎ᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠦᠭᠡᠶᠢᠰᠬᠡᠬᠦ᠂ ᠦᠨᠳᠦᠰᠦᠲᠡᠨ ᠤ ᠵᠠᠩ ᠳᠠᠳᠬᠠᠯ ᠢ ᠭᠤᠳᠤᠭᠠᠬᠤ᠂ ᠦᠨᠳᠦᠰᠦᠲᠡᠨ ᠤ ᠨᠡᠷ᠎ᠡ ᠬᠦᠨᠳᠦ ᠶᠢ ᠬᠤᠬᠢᠷᠠᠭᠤᠯᠬᠤ᠂ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠭᠤᠮᠤᠳᠠᠭᠠᠬᠤ ᠵᠡᠷᠭᠡ ᠦᠨᠳᠦᠰᠦᠲᠡᠨ ᠤ ᠪᠦᠯᠬᠦᠮᠳᠡᠯ ᠢ ᠨᠥᠯᠥᠭᠡᠯᠡᠬᠦ ᠠᠭᠤᠯᠭ᠎ᠠ ᠢᠯᠡᠷᠡᠬᠦ ᠶᠢ ᠴᠠᠭᠠᠵᠠᠯᠠᠨ᠎ᠠ᠃       ᠲᠠᠪᠢᠨ ᠲᠠᠪᠤᠳᠤᠭᠠᠷ ᠵᠦᠢᠯ           ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠦᠭᠡ ᠶᠠᠷᠢᠶ᠎ᠠ ᠶᠢ ᠲᠠᠷᠬᠠᠭᠠᠵᠤ ᠪᠣᠯᠬᠤ ᠦᠭᠡᠢ︔ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠮᠡᠳᠡᠭᠡ ᠵᠠᠩᠭᠢ ᠶᠢ ᠴᠤᠭᠯᠠᠭᠤᠯᠵᠤ᠂ ᠦᠢᠯᠡᠳᠴᠦ᠂ ᠬᠠᠩᠭᠠᠵᠤ ᠳᠠᠮᠵᠢᠭᠤᠯᠵᠦ ᠪᠣᠯᠬᠤ ᠦᠭᠡᠢ︔ ᠦᠨᠳᠦᠰᠦᠲᠡᠨ ᠤ ᠪᠦᠯᠬᠦᠮᠳᠡᠯ ᠢ ᠡᠪᠳᠡᠬᠦ᠂ ᠦᠨᠳᠦᠰᠦᠲᠡᠨ ᠤ ᠦᠰᠢᠶ᠎ᠡ ᠬᠤᠷᠣᠰᠤᠯ ᠪᠠ ᠦᠨᠳᠦᠰᠦᠲᠡᠨ ᠤ ᠭᠠᠳᠠᠭᠤᠷᠴᠢᠯᠠᠯ ᠢ ᠥᠳᠥᠭᠡᠬᠦ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠃       ᠲᠠᠪᠢᠨ ᠵᠢᠷᠭᠤᠳᠤᠭᠠᠷ ᠵᠦᠢᠯ             ᠨᠡᠪᠴᠢᠯᠲᠡ ᠨᠤᠷᠠᠭᠠᠯᠲᠠ ᠡᠪᠳᠡᠯᠡᠭᠡ ᠬᠢᠬᠦ ᠦᠢᠯᠡ ᠠᠵᠢᠯᠯᠠᠭ᠎ᠠ᠂ ᠬᠦᠴᠦᠷᠬᠡᠭᠯᠡᠯ ᠰᠦᠷᠳᠡᠭᠦᠯᠦᠯ ᠤᠨ ᠦᠢᠯᠡ ᠠᠵᠢᠯᠯᠠᠭ᠎ᠠ᠂ ᠦᠨᠳᠦᠰᠦᠲᠡᠨ ᠢ ᠬᠠᠭᠠᠴᠠᠭᠤᠯᠬᠤ ᠦᠢᠯᠡ ᠠᠵᠢᠯᠯᠠᠭ᠎ᠠ᠂ ᠱᠠᠰᠢᠨ ᠰᠤᠷᠲᠠᠬᠤᠨ ᠤ ᠬᠡᠲᠦᠷᠡᠮᠡᠬᠡᠶ ᠦᠢᠯᠡ ᠠᠵᠢᠯᠯᠠᠭ᠎ᠠ ᠶᠢ ᠰᠡᠷᠭᠡᠶᠢᠯᠡᠨ ᠲᠡᠭᠦᠨ ᠳᠤ ᠴᠣᠬᠢᠯᠲᠠ ᠥᠭᠴᠦ᠂ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠨ᠎ᠠ᠃       ᠵᠢᠷᠭᠤᠳᠤᠭᠠᠷ ᠪᠦᠯᠦᠭ      ᠪᠠᠲᠤᠯᠠᠬᠤ ᠪᠠ ᠬᠢᠨᠠᠯᠲᠠ ᠲᠠᠯᠪᠢᠬᠤ       ᠲᠠᠪᠢᠨ ᠲᠤᠯᠤᠳᠤᠭᠠᠷ ᠵᠦᠢᠯ        ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠳᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠪᠣᠯᠤᠨ ᠣᠨ ᠤ ᠬᠠᠷᠠᠯᠲᠠᠲᠤ ᠬᠠᠷᠢᠭᠤᠴᠠᠯᠭ᠎ᠠ ᠶᠢᠨ ᠬᠢᠨᠠᠨ ᠰᠢᠯᠭᠠᠬᠤ ᠳᠦᠷᠢᠮ ᠢ ᠬᠡᠷᠡᠭᠵᠢᠭᠦᠯᠵᠦ᠂ ᠲᠡᠭᠦᠨ ᠢ ᠠᠮᠵᠢᠯᠲᠠ ᠪᠦᠲᠦᠮᠵᠢ ᠶᠢ ᠨᠢ ᠬᠢᠨᠠᠨ ᠰᠢᠯᠭᠠᠬᠤ ᠲᠣᠬᠲᠠᠯᠴᠠᠭ᠎ᠠ ᠳᠤ ᠣᠷᠣᠭᠤᠯᠬᠤ ᠬᠡᠷᠡᠭᠲᠡᠶ᠃      ᠲᠠᠪᠢᠨ ᠨᠠᠢᠮᠠᠳᠤᠭᠠᠷ ᠵᠦᠢᠯ         ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ ᠳᠤ ᠪᠠᠨ ᠣᠷᠣᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠤᠷᠲᠤ ᠬᠤᠭᠤᠴᠠᠭᠠᠨ ᠤ ᠪᠦᠳᠦᠮᠵᠢᠲᠠᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠴᠢᠬᠤᠯᠠ ᠶᠡᠭᠡ ᠵᠦᠢᠯᠡᠰ ᠢ ᠨᠢᠭᠡᠳᠦᠯᠲᠡᠶ ᠲᠦᠯᠦᠪᠵᠢᠭᠦᠯᠦᠨ ᠵᠣᠬᠢᠴᠠᠭᠤᠯᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠳᠤ ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠬᠤ ᠬᠡᠷᠡᠭᠲᠡᠶ᠃       ᠲᠠᠪᠢ ᠶᠢᠰᠦᠳᠦᠭᠡᠷ ᠵᠦᠢᠯ         ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠵᠢᠯᠣᠭᠤᠳᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠣᠰᠣᠭᠠᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠤᠯᠪᠤᠬᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠤᠰ ᠬᠠᠷᠢᠶ᠎ᠠ ᠣᠷᠣᠨ ᠤ ᠪᠠᠨ ᠳᠣᠲᠣᠷᠠᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠠᠵᠢᠯ ᠢ ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠶ᠃       ᠵᠢᠷᠠᠳᠤᠭᠠᠷ ᠵᠦᠢᠯ              ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠠᠤᠯᠢ ᠴᠠᠭᠠᠵᠠ ᠶᠢ ᠲᠦᠭᠡᠮᠡᠯᠵᠢᠭᠦᠯᠬᠦ ᠲᠥᠯᠥᠪᠵᠢᠭᠦᠯᠭᠡ ᠳᠤ ᠪᠠᠨ ᠣᠷᠣᠭᠤᠯᠵᠤ᠂ ᠲᠦᠷᠤ ᠶᠢᠨ ᠪᠠᠶᠢᠭᠤᠯᠭ᠎ᠠ ᠶᠢᠨ ᠠᠵᠢᠯᠳᠠᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠲᠦᠷᠢᠮ ᠢ ᠲᠡᠭᠦᠯᠳᠡᠷᠵᠢᠭᠦᠯᠦᠨ᠂ ᠠᠷᠠᠳ ᠢᠷᠭᠡᠨ ᠢ ᠬᠦᠳᠦᠯᠦᠨ ᠵᠢᠯᠤᠭᠤᠳᠴᠦ ᠪᠠᠶᠢᠭᠠᠳ ᠬᠠᠤᠯᠢ ᠶᠢ ᠮᠡᠳᠡᠭᠦᠯᠵᠦ᠂ ᠬᠠᠤᠯᠢ ᠶᠢ ᠰᠠᠬᠢᠭᠤᠯᠬᠤ ᠬᠡᠷᠡᠭᠲᠡᠢ᠃       ᠵᠢᠷᠠᠨ ᠨᠢᠭᠡᠳᠦᠭᠡᠷ ᠵᠦᠢᠯ         ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ ᠦᠨᠳᠦᠰᠦᠲᠡᠨ ᠨᠦᠭᠦᠳ ᠤᠨ ᠠᠷᠠᠳ ᠢᠷᠭᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠦᠨᠳᠦᠰᠦᠲᠡᠨ ᠤ ᠪᠦᠯᠬᠦᠮᠳᠡᠯ ᠢ ᠡᠪᠳᠡᠭᠰᠡᠨ᠂ ᠨᠡᠶᠢᠭᠡᠮ ᠤᠨ ᠲᠣᠭᠲᠠᠭᠤᠨ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠶ᠃        ᠵᠢᠷᠠᠨ ᠬᠤᠶᠠᠳᠤᠭᠠᠷ ᠵᠦᠢᠯ         ᠬᠠᠤᠯᠢ ᠲᠣᠭᠲᠠᠭᠠᠬᠤ ᠡᠷᠬᠡ ᠲᠠᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠡᠭᠭᠤ ᠶᠢᠨ ᠬᠤᠷᠢᠶ᠎ᠠ ᠬᠠᠤᠯᠢ ᠲᠣᠭᠲᠠᠭᠠᠬᠤ ᠡᠷᠬᠡ ᠶᠢᠨ ᠬᠢᠵᠠᠭᠠᠷ ᠢᠶᠠᠨ ᠦᠨᠳᠦᠰᠦᠯᠡᠨ ᠦᠨᠳᠦᠰᠦᠲᠡᠨ ᠤ ᠠᠵᠢᠯ ᠤᠨ ᠬᠠᠤᠯᠢ ᠲᠣᠭᠳᠠᠭᠠᠯᠳᠠ ᠶᠢ ᠴᠢᠩᠭᠠᠳᠬᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠤᠨ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠬᠡᠷᠡᠭᠵᠢᠭᠦᠯᠵᠦ᠂ ᠵᠥᠪ ᠣᠨᠣᠪᠴᠢᠲᠠᠶ ᠬᠢᠨᠠᠯᠲᠠ ᠲᠠᠯᠪᠢᠬᠤ᠂ ᠪᠦᠲᠦᠮᠵᠢᠲᠡᠶ ᠬᠢᠨᠠᠯᠲᠠ ᠲᠠᠯᠪᠢᠬᠤ ᠶᠢ ᠪᠠᠷᠢᠮᠲᠠᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠬᠦ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠶᠢ ᠰᠣᠨᠣᠰᠬᠤ᠂ ᠲᠤᠰᠬᠠᠶ ᠰᠡᠳᠤᠪ ᠢᠶᠠᠷ ᠯᠠᠪᠯᠠᠨ ᠠᠰᠠᠭᠤᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠦᠨᠳᠦᠰᠦᠨ ᠬᠠᠤᠯᠢ ᠬᠠᠤᠯᠢ ᠴᠠᠭᠠᠵᠠ ᠬᠠᠤᠯᠢ ᠲᠣᠭᠲᠠᠭᠠᠯ ᠢ ᠲᠦᠷᠦᠭᠦᠯᠡᠨ ᠵᠢᠷᠤᠮᠯᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠬᠦᠷᠢᠶᠡᠯᠡᠵᠦ ᠬᠡᠷᠡᠭᠵᠢᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠲᠦᠷᠦᠭᠦᠯᠡᠨ ᠰᠠᠶᠢᠲᠤᠷ ᠬᠢᠵᠦ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃        ᠵᠢᠷᠠᠨ ᠭᠤᠷᠪᠠᠳᠤᠭᠠᠷ ᠵᠦᠢᠯ          ᠦᠨᠳᠦᠰᠦᠲᠡᠨ ᠨᠦᠭᠦᠳ ᠤᠨ ᠺᠠᠳ᠋ᠷ ᠪᠠ ᠡᠯ᠎ᠡ ᠲᠦᠷᠦᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠡᠵᠡᠮᠰᠢᠭᠰᠡᠨ᠂ ᠦᠨᠳᠦᠰᠦᠲᠡᠨ ᠤ ᠠᠵᠢᠯ ᠢ ᠰᠠᠶᠢᠨ ᠮᠡᠳᠡᠬᠦ᠂ ᠦᠨᠳᠦᠰᠦᠲᠡᠨ ᠤ ᠪᠦᠯᠬᠦᠮᠳᠡᠯ ᠢ ᠦᠢᠯᠡᠳᠦᠯᠭᠡᠵᠢᠭᠦᠯᠬᠦ ᠺᠠᠳ᠋ᠷ ᠢ ᠬᠥᠮᠦᠵᠢᠭᠦᠯᠬᠦ᠂ ᠰᠢᠯᠢᠨ ᠳᠡᠪᠰᠢᠭᠦᠯᠬᠦ ᠪᠠ ᠲᠣᠮᠢᠯᠠᠨ ᠬᠡᠷᠡᠭᠯᠡᠨ᠎ᠡ᠃ ᠦᠨᠳᠦᠰᠦᠲᠡᠨ ᠨᠦᠭᠦᠳ ᠤᠨ ᠡᠯ᠎ᠡ ᠲᠦᠷᠦᠯ ᠤᠨ ᠬᠤᠣᠰ ᠬᠡᠯᠡᠨ ᠤ ᠴᠢᠳᠠᠪᠤᠷᠢᠲᠠᠨ ᠢᠯᠠᠩᠭᠤᠶ᠎ᠠ ᠬᠤᠣᠰ ᠬᠡᠯᠡᠨ ᠤ ᠪᠠᠭᠰᠢ᠂ ᠬᠤᠣᠰ ᠬᠡᠯᠡᠨ ᠤ ᠰᠢᠭᠦᠭᠦ ᠲᠤᠰᠢᠶᠠᠯᠳᠠᠨ᠂ ᠬᠤᠣᠰ ᠬᠡᠯᠡᠨ ᠤ ᠪᠠᠶᠢᠴᠠᠭᠠᠬᠤ ᠲᠤᠰᠢᠶᠠᠯᠳᠠᠨ ᠢ ᠬᠥᠮᠦᠵᠢᠭᠦᠯᠬᠦ ᠪᠠ ᠰᠣᠩᠭᠤᠨ ᠳᠡᠪᠰᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠠᠵᠢᠯᠲᠠᠨ ᠡᠯᠰᠡᠨ ᠬᠡᠷᠡᠭᠯᠡᠬᠦ᠂ ᠤᠷᠢᠨ ᠬᠡᠷᠡᠭᠯᠡᠬᠦ ᠳᠤ ᠪᠠᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠶ᠃       ᠵᠢᠷᠠᠨ ᠲᠦᠷᠪᠡᠳᠦᠭᠡᠷ ᠵᠦᠢᠯ         ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠦᠨᠳᠦᠰᠦᠲᠡᠨ ᠤ ᠡᠯᠧᠮᠧᠨ᠋ᠲ ᠲᠠᠢ ᠬᠤᠯᠪᠣᠭᠳᠠᠬᠤ ᠬᠦᠨᠳᠦ ᠶᠡᠭᠡ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠨᠳᠦᠰᠦᠲᠡᠨ ᠤ ᠪᠦᠯᠬᠦᠮᠳᠡᠯ ᠢ ᠨᠥᠯᠥᠭᠡᠯᠡᠬᠦ ᠡᠯ᠎ᠡ ᠵᠦᠢᠯ ᠤᠨ ᠵᠥᠷᠢᠴᠡᠯ ᠪᠠ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠬᠡᠷᠡᠭᠲᠡᠶ᠃       ᠵᠢᠷᠠᠨ ᠲᠠᠪᠤᠳᠤᠭᠠᠷ ᠵᠦᠢᠯ           ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠦᠨᠳᠦᠰᠦᠲᠡᠨ ᠤ ᠪᠦᠯᠬᠦᠮᠳᠡᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠤᠶᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠪᠠ ᠢᠯᠡᠴᠢᠯᠡᠨ ᠮᠡᠳᠡᠭᠦᠯᠬᠦ ᠡᠷᠬᠡ ᠲᠠᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢᠯᠡᠴᠢᠯᠡᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ ᠴᠠᠭ ᠲᠤᠬᠠᠢ ᠳᠤ ᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃        ᠲᠤᠯᠤᠳᠤᠭᠠᠷ ᠪᠦᠯᠦᠭ   ᠬᠠᠤᠯᠢ ᠴᠠᠭᠠᠵᠠ ᠶᠢᠨ ᠬᠠᠷᠢᠭᠤᠴᠠᠯᠭ᠎ᠠ       ᠵᠢᠷᠠᠨ ᠵᠢᠷᠭᠤᠳᠤᠭᠠᠷ ᠵᠦᠢᠯ          ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠳᠡ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠣᠯ ᠲᠡᠷᠡ ᠲᠣᠭᠲᠠᠭᠠᠯ ᠢ ᠨᠢ ᠳᠠᠭᠠᠨ᠎ᠠ᠃       ᠵᠢᠷᠠᠨ ᠲᠤᠯᠤᠳᠤᠭᠠᠷ ᠵᠦᠢᠯ           ᠲᠤᠰ ᠳᠦᠷᠢᠮ ᠤᠨ ᠲᠣᠭᠲᠠᠭᠠᠯ ᠠᠴᠠ ᠵᠥᠷᠢᠴᠡᠵᠦ᠂ ᠲᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ ᠲᠠᠢ ᠬᠠᠮᠲᠤᠷᠠᠨ ᠰᠢᠭᠦᠮᠵᠢᠯᠡᠨ ᠰᠤᠷᠭᠠᠵᠤ᠂ ᠵᠠᠷᠯᠢᠭᠳᠠᠨ ᠵᠠᠯᠠᠷᠠᠭᠤᠯᠤᠨ᠎ᠠ︔ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠤᠯᠵᠤ ᠪᠦᠷᠢᠯᠳᠦᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠬᠡᠨ ᠲᠣᠷᠭᠠᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ ︵ᠨᠢᠭᠡ︶ ᠨᠣᠮ ᠪᠢᠴᠢᠭ᠂ ᠰᠣᠨᠢᠨ ᠰᠡᠳᠬᠦᠯ᠂ ᠲᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠭᠦᠨ᠂ ᠺᠢᠨᠣ᠋ ᠲᠧᠯᠸᠢᠰ᠂ ᠰᠦᠯᠵᠢᠶ᠎ᠡ ᠵᠡᠷᠭᠡ ᠠᠴᠢᠶᠠᠯᠠᠪᠤᠷᠢ ᠵᠢᠴᠢ ᠣᠷᠣᠨ ᠪᠦᠰᠡ ᠶᠢᠨ ᠨᠡᠷᠡᠶᠢᠳᠦᠯ᠂ ᠠᠵᠤ ᠠᠬᠤᠶᠢᠯᠠᠯ ᠤᠨ ᠨᠡᠷᠡᠶᠢᠳᠦᠯ᠂ ᠲᠦᠷᠦᠯ ᠲᠡᠮᠳᠡᠭ ᠲᠠᠸᠠᠷ ᠤᠨ ᠲᠡᠮᠳᠡᠭ᠂ ᠵᠠᠷ ᠮᠡᠳᠡᠭᠡ ᠵᠡᠷᠭᠡ ᠲᠠᠯ᠎ᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠦᠭᠡᠶᠢᠰᠬᠡᠭᠰᠡᠨ ᠂ ᠦᠨᠳᠦᠰᠦᠲᠡᠨ ᠤ ᠵᠠᠩ ᠳᠠᠳᠬᠠᠯ ᠢ ᠭᠤᠳᠤᠭᠠᠭᠰᠠᠨ᠂ ᠦᠨᠳᠦᠰᠦᠲᠡᠨ ᠤ ᠨᠡᠷ᠎ᠡ ᠬᠦᠨᠳᠦ ᠶᠢ ᠬᠤᠬᠢᠷᠠᠭᠤᠯᠤᠭᠰᠠᠨ᠂ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠭᠤᠮᠤᠳᠠᠭᠠᠭᠰᠠᠨ ᠵᠡᠷᠭᠡ ᠠᠭᠤᠯᠭ᠎ᠠ ᠢᠯᠡᠷᠡᠭᠰᠡᠨ︔ ︵ᠬᠤᠶᠠᠷ︶ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠦᠭᠡ ᠶᠠᠷᠢᠶ᠎ᠠ ᠶᠢ ᠲᠠᠷᠬᠠᠭᠠᠵᠤ᠂ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠮᠡᠳᠡᠭᠡ ᠵᠠᠩᠭᠢ ᠶᠢ ᠴᠤᠭᠯᠠᠭᠤᠯᠵᠤ᠂ ᠦᠢᠯᠡᠳᠴᠦ᠂ ᠬᠠᠩᠭᠠᠵᠤ᠂ ᠳᠠᠮᠵᠢᠭᠤᠯᠵᠦ᠂ ᠦᠨᠳᠦᠰᠦᠲᠡᠨ ᠤ ᠪᠦᠯᠬᠦᠮᠳᠡᠯ ᠢ ᠡᠪᠳᠡᠬᠦ᠂ ᠦᠨᠳᠦᠰᠦᠲᠡᠨ ᠤ ᠦᠰᠢᠶ᠎ᠡ ᠬᠤᠷᠣᠰᠤᠯ ᠪᠠ ᠦᠨᠳᠦᠰᠦᠲᠡᠨ ᠤ ᠭᠠᠳᠠᠭᠤᠷᠴᠢᠯᠠᠯ ᠢ ᠦᠳᠦᠭᠡᠭᠰᠡᠨ ᠤᠶᠢᠯᠡ ᠠᠵᠢᠯᠯᠠᠭ᠎ᠠ ᠬᠢᠭᠰᠡᠨ︔ ︵ᠭᠤᠷᠪᠠ︶ ᠨᠡᠪᠴᠢᠯᠲᠡ ᠨᠤᠷᠠᠭᠠᠯᠲᠠ ᠡᠪᠳᠡᠯᠡᠭᠡ ᠬᠢᠬᠦ ᠦᠢᠯᠡ ᠠᠵᠢᠯᠯᠠᠭ᠎ᠠ᠂ ᠬᠦᠴᠦᠷᠬᠡᠭᠯᠡᠯ ᠰᠦᠷᠳᠡᠭᠦᠯᠦᠯ ᠤᠨ ᠦᠢᠯᠡ ᠠᠵᠢᠯᠯᠠᠭ᠎ᠠ᠂ ᠦᠨᠳᠦᠰᠦᠲᠡᠨ ᠢ ᠬᠠᠭᠠᠴᠠᠭᠤᠯᠬᠤ ᠦᠢᠯᠡ ᠠᠵᠢᠯᠯᠠᠭ᠎ᠠ᠂ ᠱᠠᠰᠢᠨ ᠰᠤᠷᠲᠠᠬᠤᠨ ᠤ ᠬᠡᠲᠦᠷᠡᠮᠡᠬᠡᠢ ᠦᠢᠯᠡ ᠠᠵᠢᠯᠯᠠᠭ᠎ᠠ ᠬᠢᠭᠰᠡᠨ᠃     ᠵᠢᠷᠠᠨ ᠨᠠᠢᠮᠠᠳᠤᠭᠠᠷ ᠵᠦᠢᠯ           ᠲᠦᠷᠦ ᠶᠢᠨ ᠪᠠᠶᠢᠭᠤᠯᠭ᠎ᠠ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠ ᠪᠤᠰᠤᠳ ᠵᠣᠬᠢᠶᠠᠨ ᠪᠠᠶᠢᠭᠤᠯᠤᠯᠲᠠ ᠳᠤ ᠲᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠲᠡᠭᠦᠨ ᠤ ᠳᠡᠭᠡᠳᠦ ᠱᠠᠲᠤᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠢᠭᠦᠮᠵᠢᠯᠡᠨ ᠰᠤᠷᠭᠠᠵᠤ᠂ ᠵᠠᠷᠯᠢᠭᠳᠠᠨ ᠵᠠᠯᠠᠷᠠᠭᠤᠯᠤᠭᠤᠯᠤᠨ᠎ᠠ᠂ ᠴᠡᠭᠴᠡᠯᠡᠨ ᠵᠠᠯᠠᠷᠠᠭᠤᠯᠬᠤ ᠬᠤᠭᠤᠴᠠᠭᠠᠨ ᠳᠤ ᠡᠯ᠎ᠡ ᠱᠠᠲᠤᠨ ᠤ ᠡᠯ᠎ᠡ ᠲᠦᠷᠦᠯ ᠤᠨ ᠲᠡᠷᠢᠭᠦᠨ ᠤ ᠬᠠᠮᠲᠤ ᠶᠢᠨ ᠰᠢᠯᠭᠠᠷᠠᠭᠤᠯᠤᠯᠳᠠ ᠳᠤ ᠣᠷᠣᠯᠴᠠᠵᠤ ᠪᠣᠯᠬᠤ ᠦᠭᠡᠢ︔ ᠬᠤᠭᠤᠴᠠᠭ᠎ᠠ ᠨᠢ ᠬᠡᠲᠦᠷᠡᠭᠡᠳ ᠵᠠᠯᠠᠷᠠᠭᠤᠯᠤᠬᠰᠠᠨ ᠦᠭᠡᠢ ᠪᠠᠶᠢᠪᠠᠯ ᠵᠠᠷᠯᠠᠨ ᠨᠡᠶᠢᠳᠡᠯᠡᠬᠦ ᠶᠢᠨ ᠬᠠᠮᠳᠤ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠤᠭᠴᠢ ᠪᠣᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠨ ᠠᠴᠠ ᠵᠣᠬᠢᠬᠤ ᠬᠠᠷᠢᠭᠤᠴᠠᠯᠭ᠎ᠠ ᠶᠢ ᠨᠡᠬᠡᠮᠵᠢᠯᠡᠨ᠎ᠡ᠄ ︵ᠨᠢᠭᠡ︶ ᠲᠣᠰ ᠳᠦᠷᠢᠮ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠭᠰᠡᠨ ᠦᠭᠡᠢ︔ ︵ᠬᠤᠶᠠᠷ︶ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠬᠦᠨᠳᠦ ᠨᠣᠴᠢᠲᠠᠢ ᠨᠥᠯᠥᠭᠡ ᠦᠵᠡᠭᠦᠯᠦᠭᠰᠡᠨ︔ ︵ᠭᠤᠷᠪᠠ︶ ᠲᠤᠰ ᠨᠢᠭᠡᠴᠢ ᠶᠢᠨ ᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠨᠦᠯᠦᠭᠡᠯᠡᠵᠦ ᠪᠠᠶᠢᠭ᠎ᠠ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤ ᠨᠢ ᠰᠢᠢᠳᠪᠦᠷᠢᠯᠡᠵᠦ ᠠᠷᠢᠯᠭᠠᠬᠰᠠᠨ ᠦᠭᠡᠢ ᠠᠴᠠ ᠪᠣᠯᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠨᠦᠯᠦᠭᠡᠯᠡᠭᠰᠡᠨ ᠣᠯᠠᠨ ᠨᠡᠶᠢᠳᠡ ᠶᠢᠨ ᠴᠢᠨᠠᠷᠲᠠᠢ ᠬᠡᠷᠡᠭ ᠶᠠᠪᠤᠳᠠᠯ ᠭᠠᠷᠴᠦ ᠬᠦᠨᠳᠦ ᠨᠤᠴᠢᠲᠠᠢ ᠦᠷ᠎ᠡ ᠳ᠋ᠦᠩ ᠭᠠᠷᠭᠠᠭᠰᠠᠨ︔ ︵ᠳᠥᠷᠪᠡ︶ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠪᠤᠰᠤᠳ ᠪᠠᠶᠢᠳᠠᠯ᠃     ᠵᠢᠷᠠ ᠶᠢᠰᠦᠳᠦᠭᠡᠷ ᠵᠦᠢᠯ           ᠲᠦᠷᠦ ᠶᠢᠨ ᠪᠠᠶᠢᠭᠤᠯᠭ᠎ᠠ ᠵᠢᠴᠢ ᠲᠡᠭᠦᠨ ᠤ ᠠᠵᠢᠯᠳᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠤᠮᠳᠤᠭᠠᠶᠢᠯᠠᠵᠦ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ ᠰᠢᠢᠳᠭᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠨᠠᠢᠮᠠᠳᠤᠭᠠᠷ ᠪᠦᠯᠦᠭ     ᠳᠠᠭᠠᠯᠳᠤᠭᠤᠯᠤᠭᠰᠠᠨ ᠲᠦᠷᠢᠮ      ᠲᠠᠯᠠᠳᠤᠭᠠᠷ ᠵᠦᠢᠯ        ᠲᠤᠰ ᠲᠦᠷᠢᠮ ᠢ 2021 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ 
ᠢᠷᠡᠯᠲᠡ᠄ ᠬᠢᠶ᠎ᠠ ᠪᠠᠭᠰᠢ ᠲᠣᠭᠤᠷᠢᠭ ᠤᠨ ᠦᠨᠳᠣᠰᠣᠲᠡᠨ ᠤ ᠬᠡᠷᠡᠭ ᠡᠷᠬᠢᠯᠡᠬᠦ ᠵᠦᠪᠯᠡᠯ