ᠬᠢᠶ᠎ᠡ ᠪᠠᠭᠰᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/5/11
       ᠨᠢᠭᠡ᠂ ᠤᠳᠤᠷᠢᠳᠬᠤ ᠪᠠᠭ       ᠦ᠋ ᠱᠧᠩ ᠷᠦᠩ         ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ       ᠵᠠᠩ ᠯᠢ ᠹᠠᠩ           ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ       ᠶᠤᠸᠠᠨ ᠰᠢᠶᠤᠤ ᠮᠧᠶ      ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ       ᠭᠤᠤ ᠠᠨ ᠴᠢᠨ         ᠠᠷᠠᠳ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠡᠷᠬᠢᠯᠡᠭᠴᠢ       ᠭᠤᠤ ᠴᠢᠶᠠᠩ           ᠨᠡᠶᠢᠭᠡᠮ ᠤᠨ ᠠᠵᠢᠯ ᠢ ᠠᠬᠢᠭᠤᠯᠬᠤ ᠲᠥᠪ ᠤᠨ ᠡᠷᠬᠢᠯᠡᠭᠴᠢ        ᠬᠤᠶᠠᠷ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ︵ᠳᠣᠷᠣᠭᠰᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠭᠡᠵᠦ ᠲᠣᠪᠴᠢᠯᠠᠨ᠎ᠠ︶ ᠨᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠃        ᠭᠤᠷᠪᠠ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ  ᠨᠢ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠢᠳᠪᠦᠷᠢᠲᠣ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠠᠷᠠᠳ ᠤᠨ ᠶᠠᠪᠤᠳᠠᠯ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠤᠯ ᠡᠭᠦᠷᠭᠡ ᠬᠠᠷᠢᠭᠤᠴᠠᠯᠭ᠎ᠠ ᠨᠢ᠄        ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ  ᠲᠣᠭᠤᠰᠢᠯᠠᠭᠤᠯᠣᠨ ᠬᠡᠷᠡᠭᠵᠢᠭᠦᠯᠵᠦ᠂ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠤᠨ᠂ ᠪᠦᠬᠦ  ᠲᠣᠭᠤᠷᠢᠭ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ  ᠪᠠ ᠠᠵᠢᠯ ᠲᠥᠷᠥᠯ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃        ︵ᠬᠤᠶᠠᠷ︶ ᠪᠦᠬᠦ ᠲᠣᠭᠤᠷᠢᠭ ᠤᠨ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠩᠰᠠᠯᠠᠬᠤ᠂ ᠪᠤᠶᠢᠵᠢᠭᠤᠯᠬᠤ ᠪᠠ ᠬᠠᠮᠢᠶᠠᠷᠬᠤ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠳᠠᠩᠰᠠᠯᠠᠨ ᠬᠠᠮᠢᠶᠠᠷᠬᠤ ᠪᠠ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠨ᠎ᠠ᠃ ᠪᠦᠬᠦ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠰᠤᠳᠤᠯᠤᠨ ᠵᠢᠯᠣᠭᠤᠳᠴᠤ᠂ ᠲᠤᠭᠤᠷᠢᠭ ᠤᠨ ᠲᠣᠰ ᠱᠠᠲᠤᠨ ᠤ ᠰᠢᠭᠤᠳ ᠳᠠᠩᠰᠠᠯᠠᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃        ︵ᠭᠤᠷᠪᠠ︶ ᠪᠦᠬᠦ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠣᠯᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠤᠨ ᠠᠪᠤᠷᠠᠨ ᠲᠤᠰᠠᠯᠠᠬᠤ᠂ ᠪᠠᠴᠢᠮ ᠬᠦᠴᠢᠷᠳᠡᠯ ᠠᠴᠠ ᠠᠪᠤᠷᠠᠨ ᠲᠤᠰᠠᠯᠠᠬᠤ᠂ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃        ︵ᠲᠦᠷᠪᠡ︶ ᠪᠦᠬᠦ ᠲᠣᠭᠤᠷᠢᠭ ᠤᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠣᠯᠤᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠠᠬᠢᠭᠤᠯᠤᠨ᠎ᠠ᠃         ︵ᠲᠠᠪᠤ︶ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠪᠠ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠬᠤᠪᠢᠷᠠᠭᠤᠯᠬᠤ ᠶᠢ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃        ︵ᠵᠢᠷᠭᠤᠭ᠎ᠠ︶ ᠤᠷᠤᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠦᠢᠯᠡᠴᠢᠯᠡᠭᠡᠨ ᠤ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠤᠨ᠎ᠠ᠃        ︵ᠳᠤᠯᠤᠭ᠎ᠠ︶ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠦᠢᠯᠡᠴᠢᠯᠡᠭᠡᠨ ᠤ ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃        ︵ᠨᠠᠢᠮᠠ︶ ᠪᠥᠬᠦ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠮᠳᠠᠭᠤᠯᠤᠨ ᠵᠢᠯᠣᠭᠤᠳᠴᠤ᠂ ᠬᠢᠨᠠᠯᠲᠠ ᠲᠠᠯᠪᠢᠨ ᠬᠠᠮᠢᠶᠠᠷᠴᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃        ︵ᠶᠢᠰᠦ︶ ᠪᠦᠬᠦ ᠲᠣᠭᠤᠷᠢᠭ ᠤᠨ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠡᠮᠳᠡᠭᠴᠦᠳ ᠤᠨ ᠠᠰᠠᠷᠠᠮᠵᠢ ᠶᠢᠨ ᠳᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃        ︵ᠠᠷᠪᠠ︶ ᠬᠡᠦᠬᠡᠳ ᠤᠨ ᠠᠰᠠᠷᠠᠮᠵᠢ᠂ ᠥᠨᠥᠴᠢᠨ ᠬᠡᠦᠬᠡᠳ ᠤᠨ ᠪᠠᠲᠤᠯᠠᠭ᠎ᠠ᠂ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠡᠤᠬᠡᠳ ᠢ ᠡᠷᠭᠦᠨ ᠲᠡᠵᠢᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ  ᠦᠢᠯᠡᠴᠢᠯᠡᠭᠡᠨ ᠤ ᠰᠢᠰᠲ᠋ᠧᠮ ᠪᠣᠯᠤᠨ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠪᠠᠲᠤᠯᠠᠬᠤ ᠲᠦᠷᠢᠮ ᠢ ᠪᠦᠷᠢᠨᠰᠢᠭᠦᠯᠦᠨ᠎ᠡ᠃        ︵ᠠᠷᠪᠠᠨ ᠨᠢᠭᠡ︶ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠪᠣᠯᠤᠨ ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃        ︵ᠠᠷᠪᠠᠨ ᠬᠤᠶᠠᠷ︶ ᠨᠡᠶᠢᠭᠡᠮ ᠤᠨ ᠠᠵᠢᠯ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠠ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠤᠨ᠎ᠠ᠃        ︵ᠠᠷᠪᠠᠨ ᠭᠤᠷᠪᠠ︶ ᠲᠤᠭᠤᠷᠢᠭ ᠤᠨ ᠲᠤᠰ ᠱᠠᠲᠤᠨ ᠤ ᠠᠷᠠᠳ ᠤᠨ ᠶᠠᠪᠤᠳᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃        ︵ᠠᠷᠪᠠᠨ ᠳᠥᠷᠪᠡᠳᠦᠭᠡᠷ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯᠡᠰ ᠢ ᠪᠡᠶᠡᠯᠡᠭᠦᠯᠦᠨ᠎ᠡ᠃        ︵ᠠᠷᠪᠠᠨ ᠲᠠᠪᠤ︶ ᠡᠭᠦᠷᠭᠡ ᠴᠢᠳᠠᠪᠤᠷᠢ ᠪᠠᠨ ᠬᠤᠪᠢᠷᠠᠭᠤᠯᠣᠨ᠎ᠠ᠃ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠡᠭᠦᠷᠭᠡ ᠴᠢᠳᠠᠪᠤᠷᠢ ᠪᠠᠨ ᠴᠢᠩᠭᠠᠳᠬᠠᠵᠤ᠂ ᠬᠦᠴᠢᠷᠳᠡᠯᠲᠡᠶ ᠣᠯᠠᠨ ᠲᠦᠮᠡᠨ᠂ ᠥᠨᠥᠴᠢᠨ ᠵᠡᠮᠳᠡᠭ ᠵᠡᠷᠭᠡ ᠣᠨᠴᠠᠭᠠᠶ ᠬᠥᠮᠦᠰ ᠲᠤ ᠨᠡᠶᠢᠭᠡᠮ ᠤᠨ ᠦᠨᠳᠦᠰᠦᠨ ᠦᠢᠯᠡᠴᠢᠯᠡᠭᠡ ᠬᠠᠩᠭᠠᠵᠤ᠂ ᠡᠬᠢ ᠪᠠᠶᠠᠯᠢᠭ ᠢ ᠪᠠᠭᠤᠷᠠᠶ ᠭᠠᠵᠠᠷ ᠣᠷᠣᠨ᠂ ᠬᠦᠷᠢᠶ᠎ᠡ ᠴᠠᠷᠠᠭ᠎ᠠ ᠪᠠ ᠭᠤᠭᠴᠤᠭ᠎ᠠ ᠳᠠᠰᠢ ᠬᠡᠯᠪᠠᠶᠢᠯᠭᠡᠬᠦ ᠶᠢ ᠠᠬᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠵᠡᠷᠭᠡ ᠣᠯᠠᠨ ᠡᠰᠢᠲᠦ ᠣᠷᠣᠯᠴᠠᠬᠤ ᠭᠤᠤᠯ ᠴᠣᠭᠴᠠ ᠶᠢ ᠢᠳᠡᠪᠬᠢᠲᠡᠶ ᠪᠠᠷ ᠪᠤᠶᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠠᠬᠢᠭᠤᠯᠤᠨ᠎ᠠ᠃        ︵ᠠᠷᠪᠠᠨ ᠵᠢᠷᠭᠤᠭ᠎ᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠄        1. ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠤᠯᠪᠣᠭᠳᠠᠬᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠄ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠪᠥᠬᠦ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ᠂ ᠰᠢᠮᠳᠠᠭᠤᠯᠤᠨ ᠵᠢᠯᠣᠭᠤᠳᠬᠤ᠂ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠᠭᠠᠶ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠥᠮᠦᠨ ᠠᠮᠠ ᠶᠢᠨ ᠨᠠᠰᠤᠵᠢᠯ ᠢ ᠠᠷᠭᠠᠴᠠᠬᠤ᠂ ᠡᠮᠨᠡᠬᠦ ᠪᠠ ᠠᠰᠠᠷᠠᠬᠤ ᠶᠢ ᠤᠶᠠᠯᠳᠤᠭᠤᠯᠬᠤ ᠠᠵᠢᠯ ᠤᠨ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠵᠤ᠂ ᠨᠠᠰᠤᠲᠠᠶᠢᠴᠤᠳ ᠤᠨ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ  ᠵᠣᠬᠢᠴᠠᠭᠤᠯᠣᠨ᠂ ᠰᠢᠮᠳᠠᠭᠤᠯᠤᠨ ᠵᠢᠯᠣᠭᠤᠳᠴᠤ᠂ ᠵᠣᠬᠢᠶᠠᠨ ᠪᠠᠶᠢᠭᠤᠯᠤᠨ ᠠᠬᠢᠭᠤᠯᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠤᠨ ᠡᠮᠴᠢᠯᠡᠭᠡᠨ ᠤ ᠬᠠᠷᠠᠭᠠᠯᠵᠠᠨ ᠠᠰᠠᠷᠠᠬᠤ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠶᠢᠷ᠎ᠠ ᠬᠠᠯᠠᠮᠵᠢ ᠶᠢᠨ ᠦᠢᠯᠡᠴᠢᠯᠡᠭᠡ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠡᠭᠦᠷᠭᠡᠯᠡᠨ᠎ᠡ᠃         2. ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠢᠶ᠎ᠠ ᠪᠠᠭᠰᠢ ᠲᠣᠭᠤᠷᠢᠭ ᠤᠨ ᠬᠤᠪᠢᠶᠠᠷᠢ ᠲᠣᠪᠴᠢᠶ᠎ᠠ ᠯᠤᠭ᠎ᠠ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠢᠶ᠎ᠠ ᠪᠠᠭᠰᠢ ᠲᠣᠭᠤᠷᠢᠭ ᠤᠨ ᠬᠤᠪᠢᠶᠠᠷᠢ ᠲᠣᠪᠴᠢᠶ᠎ᠠ ᠲᠠᠢ ᠬᠠᠮᠲᠤᠷᠠᠨ ᠵᠠᠰᠠᠭ ᠵᠠᠬᠢᠷᠭᠠᠨ ᠤ  ᠣᠷᠣᠨ ᠤ ᠬᠤᠪᠢᠶᠠᠷᠢᠯᠠᠯ ᠤᠨ ᠮᠡᠳᠡᠭᠡ ᠵᠠᠩᠭᠢ ᠵᠢᠴᠢ ᠵᠠᠰᠠᠭ ᠵᠠᠬᠢᠷᠭᠠᠨ ᠤ ᠲᠣᠭᠤᠷᠢᠭ ᠤᠨ ᠬᠤᠪᠢᠶᠠᠷᠢᠯᠠᠯ ᠤᠨ ᠵᠢᠷᠤᠭ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃        ᠳᠥᠷᠪᠡ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠣᠷᠣᠭᠰᠢ ᠬᠡᠳᠣᠨ ᠳᠣᠲᠣᠭᠠᠳᠤ ᠶᠢᠨ ᠪᠠᠶᠢᠭᠤᠯᠤᠮᠵᠢ ᠲᠠᠢ᠄        ︵ᠨᠢᠭᠡ︶ ᠶᠡᠷᠦᠩᠬᠡᠢ ᠠᠯᠪᠠᠨ ᠭᠡᠷ᠄        ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠨᠢᠨ ᠮᠡᠳᠡᠭᠡᠨ ᠤ ᠤᠬᠠᠭᠤᠯᠭ᠎ᠠ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠵᠡᠷᠭᠡ ᠠᠵᠢᠯ ᠢ ᠡᠭᠦᠷᠭᠡᠯᠡᠨ᠎ᠡ᠃ ᠠᠷᠠᠳ ᠤᠨ ᠶᠠᠪᠤᠳᠠᠯ ᠤᠨ ᠠᠵᠢᠯ ᠯᠤᠭ᠎ᠠ ᠬᠤᠯᠪᠣᠭᠳᠠᠬᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠤᠨ ᠰᠠᠨᠠᠭᠤᠯᠭ᠎ᠠ ᠳᠤᠷᠠᠳᠬᠤ ᠶᠢ ᠬᠠᠷᠢᠭᠤᠴᠠᠨ᠎ᠠ᠃ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠠᠵᠢᠯᠲᠠᠨ ᠤ ᠶᠠᠪᠤᠳᠠᠯ᠂ ᠬᠥᠳᠡᠯᠮᠦᠷᠢ ᠴᠠᠯᠢᠩ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠤᠷᠠᠭᠤᠯᠤᠯ ᠵᠢᠴᠢ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃        ᠪᠦᠬᠦ ᠲᠣᠭᠤᠷᠢᠭ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠠᠷᠠᠳ ᠤᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠬᠠᠷᠢᠭᠤᠴᠠᠨ ᠲᠣᠭᠲᠠᠭᠠᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ᠂ ᠲᠣᠭᠤᠷᠢᠭ ᠤᠨ ᠲᠤᠰ ᠱᠠᠲᠤᠨ ᠤ ᠡᠳ᠋ ᠤᠨ ᠵᠠᠰᠠᠭ ᠠᠴᠠ ᠰᠠᠯᠭᠠᠨ ᠥᠭᠭᠦᠭᠰᠡᠨ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠠᠷᠠᠳ ᠤᠨ ᠶᠠᠪᠤᠳᠠᠯ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠪᠠ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠲᠥᠰᠦᠪ ᠪᠠ ᠲᠥᠰᠦᠪ ᠤᠨ ᠭᠦᠢᠴᠡᠳᠬᠡᠯ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠡᠭᠦᠷᠭᠡᠯᠡᠨ᠎ᠡ᠃       ︵ᠬᠤᠶᠠᠷ︶  ᠶᠡᠷᠥᠩᠬᠡᠶᠢᠯᠡᠭᠰᠡᠨ ᠲᠣᠬᠠᠶᠢᠯᠠᠭᠰᠠᠨ ᠠᠵᠢᠯ ᠤᠨ ᠲᠠᠰᠤᠭ᠄        ᠪᠦᠬᠦ ᠲᠣᠭᠤᠷᠢᠭ ᠤᠨ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠩᠰᠠᠯᠠᠬᠤ᠂ ᠪᠤᠶᠢᠵᠢᠭᠤᠯᠬᠤ ᠪᠠ ᠬᠢᠨᠠᠨ ᠬᠠᠮᠢᠶᠠᠷᠬᠤ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠳᠠᠩᠰᠠᠯᠠᠨ ᠬᠠᠮᠢᠶᠠᠷᠬᠤ ᠪᠠ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠨ᠎ᠠ᠃ ᠪᠦᠬᠦ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡ ᠬᠤᠳᠠᠯᠳᠤᠨ ᠠᠪᠬᠤ ᠠᠵᠢᠯ ᠢ ᠥᠷᠨᠢᠭᠦᠯᠦᠨ᠎ᠡ᠃ ᠲᠣᠪᠴᠢᠶᠠᠨ ᠤ ᠪᠠᠶᠢᠭᠤᠯᠭ᠎ᠠ ᠶᠢᠨ ᠭᠤᠶᠤᠴᠢᠯᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ᠂ ᠨᠤᠲᠠᠯᠠᠯᠲᠠ᠂ ᠱᠠᠩᠨᠠᠯ᠂ ᠣᠯᠭᠤᠬᠤ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ᠂ ᠰᠢᠯᠵᠢᠭᠦᠯᠦᠨ ᠮᠡᠳᠡᠭᠦᠯᠬᠦ ᠵᠡᠷᠭᠡ ᠠᠵᠢᠯ ᠪᠠ ᠡᠳᠦᠷ ᠲᠤᠲᠤᠮ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠷᠥᠯ ᠵᠡᠷᠭᠡ ᠵᠦᠢᠯᠡᠰ ᠢ ᠬᠢᠨᠠᠨ ᠬᠠᠷᠭᠤᠭᠤᠯᠬᠤ᠂ ᠵᠥᠪᠰᠢᠶᠡᠷᠡᠬᠦ᠂ ᠳᠠᠩᠰᠠᠯᠠᠬᠤ ᠵᠡᠷᠭᠡ ᠠᠵᠢᠯ ᠢ ᠡᠭᠦᠷᠭᠡᠯᠡᠨ᠎ᠡ᠃ ᠡᠯ᠎ᠡ ᠲᠠᠰᠤᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ  ᠵᠦᠢᠯᠡᠰ ᠤᠨ ᠠᠷᠤ ᠲᠠᠯ᠎ᠠ ᠶᠢᠨ ᠳᠡᠮᠵᠢᠯᠭᠡ ᠶᠢᠨ ᠠᠵᠢᠯ ᠢ ᠵᠣᠬᠢᠴᠠᠭᠤᠯᠬᠤ ᠶᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠵᠡᠷᠭᠡ ᠠᠵᠢᠯ ᠢ ᠬᠠᠷᠢᠭᠤᠴᠠᠨ᠎ᠠ᠃ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠪᠣᠯᠤᠨ ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃ ᠨᠡᠶᠢᠭᠡᠮ ᠤᠨ ᠠᠵᠢᠯ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠠ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠬᠥᠳᠡᠭᠡ ᠶᠢᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠠᠬᠢᠭᠤᠯᠤᠨ᠎ᠠ᠃        ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠤᠨ ᠲᠡᠩᠬᠡᠷᠡᠭᠦᠯᠦᠨ ᠲᠤᠰᠠᠯᠠᠬᠤ᠂ ᠪᠠᠴᠢᠮ ᠬᠦᠴᠢᠷᠳᠡᠯ ᠠᠴᠠ ᠠᠪᠤᠷᠠᠨ ᠲᠤᠰᠠᠯᠠᠬᠤ ᠵᠡᠷᠭᠡ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠪᠣᠯᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮᠵᠢ ᠶᠢ ᠪᠦᠷᠢᠨᠰᠢᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠲᠣᠭᠤᠷᠢᠭ ᠤᠨ ᠡᠳ᠋ ᠤᠨ ᠵᠠᠰᠠᠭ ᠤᠨ ᠬᠦᠴᠢᠷᠳᠡᠯᠲᠡᠶ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠶᠢ ᠬᠤᠪᠢᠶᠠᠷᠢᠯᠠᠬᠤ ᠪᠠ ᠬᠢᠨᠠᠨ ᠬᠠᠮᠢᠶᠠᠷᠬᠤ ᠠᠵᠢᠯ ᠢ ᠳᠠᠭᠠᠭᠠᠨ  ᠭᠦᠢᠴᠡᠳᠭᠡᠨ᠎ᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠮᠥᠩᠭᠦ᠂ ᠬᠤᠲᠠ ᠬᠥᠳᠡᠭᠡ ᠶᠢᠨ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠥᠭᠬᠦ ᠪᠠ ᠬᠤᠲᠠ ᠪᠠᠯᠭᠠᠰᠤ ᠶᠢᠨ ᠣᠷᠣᠯᠭ᠎ᠠ ᠪᠠᠭᠠᠲᠠᠶ ᠭᠡᠷ ᠪᠦᠯᠢ ᠶᠢ ᠦᠨᠡᠮᠰᠢᠬᠦ ᠠᠵᠢᠯ ᠢ ᠥᠷᠨᠢᠭᠦᠯᠦᠨ᠎ᠡ᠃ ᠡᠮ ᠡᠮᠨᠡᠯᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠬᠠᠤᠯᠢ ᠴᠠᠭᠠᠵᠠ ᠵᠡᠷᠭᠡ ᠠᠪᠤᠷᠠᠨ ᠲᠤᠰᠠᠯᠠᠬᠤ ᠬᠠᠮᠢᠶ᠎ᠠ ᠪᠦᠬᠦᠢ ᠠᠷᠭ᠎ᠠ ᠶᠢ ᠲᠣᠭᠲᠠᠭᠠᠬᠤ ᠳᠤ ᠣᠷᠣᠯᠴᠠᠨ᠎ᠠ᠃        ᠤᠷᠤᠭ ᠤᠨ ᠵᠠᠩ ᠳᠠᠳᠬᠠᠯ ᠪᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠷᠤᠭ ᠤᠨ ᠶᠠᠪᠤᠳᠠᠯ᠂ ᠣᠷᠣᠰᠢᠭᠤᠯᠭ᠎ᠠ᠂ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ᠂ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠯ ᠭᠤᠶᠢᠷᠠᠨᠴᠢᠳ ᠢ ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠡᠮᠳᠡᠭᠴᠦᠳ ᠢ ᠲᠥᠪᠯᠡᠷᠡᠭᠦᠯᠦᠨ ᠠᠵᠢᠯ ᠣᠯᠭᠤᠬᠤ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠣᠷᠤᠭ ᠳᠠᠩᠰᠠᠯᠠᠬᠤ ᠪᠠᠶᠢᠭᠤᠯᠭ᠎ᠠ ᠪᠠ ᠵᠡᠮᠳᠡᠭᠴᠦᠳ ᠤᠨ ᠨᠡᠶᠢᠭᠡᠮ ᠤᠨ ᠠᠰᠠᠷᠠᠮᠵᠢ᠂ ᠣᠷᠣᠰᠢᠭᠤᠯᠭ᠎ᠠ ᠶᠢᠨ ᠦᠢᠯᠡᠴᠢᠯᠡᠭᠡ᠂ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠯ ᠭᠤᠶᠢᠷᠠᠨᠴᠢᠳ ᠢ ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃ ᠤᠷᠤᠭ ᠳᠠᠩᠰᠠᠯᠠᠬᠤ ᠠᠵᠢᠯ ᠢ ᠥᠷᠨᠢᠭᠦᠯᠵᠦ ᠭᠡᠷ ᠪᠦᠯᠢ ᠶᠢᠨ ᠬᠦᠴᠦᠷᠬᠡᠭᠯᠡᠯ ᠤᠨ ᠬᠤᠬᠢᠷᠠᠯ ᠠᠮᠰᠠᠭᠴᠢ ᠶᠢ ᠬᠠᠮᠠᠭᠠᠯᠠᠵᠤ ᠠᠪᠤᠷᠠᠨ ᠲᠤᠰᠠᠯᠠᠬᠤ ᠠᠵᠢᠯ ᠢ ᠥᠷᠨᠢᠭᠦᠯᠦᠨ᠎ᠡ᠃ ᠪᠦᠬᠦ ᠲᠣᠭᠤᠷᠢᠭ ᠤᠨ ᠵᠠᠰᠠᠭ ᠵᠠᠬᠢᠷᠭᠠᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠪᠣᠯᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠵᠢᠴᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠨ᠎ᠠ᠃ ᠵᠠᠰᠠᠭ ᠵᠠᠬᠢᠷᠭᠠᠨ ᠤ ᠣᠷᠣᠨ ᠢ ᠪᠠᠶᠢᠭᠤᠯᠬᠤ᠂ ᠬᠠᠰᠤᠬᠤ᠂ ᠬᠠᠯᠠᠬᠤ᠂ ᠬᠠᠷᠢᠶᠠᠯᠠᠭᠳᠠᠬᠤ ᠬᠠᠷᠢᠴᠠᠭ᠎ᠠ ᠶᠢ ᠬᠤᠪᠢᠷᠠᠭᠤᠯᠬᠤ ᠪᠠ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠢ ᠨᠡᠭᠦᠯᠭᠡᠬᠦ ᠶᠢᠨ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠳᠠᠭᠠᠭᠠᠨ ᠬᠢᠨ᠎ᠡ᠃ ᠪᠦᠬᠦ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠦᠬᠦ ᠲᠣᠭᠤᠷᠢᠭ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠥᠭᠡᠷᠭᠦ ᠬᠤᠲᠠ ᠬᠥᠳᠡᠭᠡ ᠶᠢᠨ ᠭᠠᠵᠠᠷ ᠤᠨ ᠨᠡᠷ᠎ᠡ ᠶᠢᠨ ᠲᠡᠮᠳᠡᠭ ᠪᠠᠶᠢᠷᠢᠯᠠᠭᠤᠯᠬᠤ ᠪᠠ ᠬᠠᠮᠢᠶᠠᠷᠬᠤ ᠠᠵᠢᠯ ᠢ ᠵᠢᠯᠣᠭᠤᠳᠤᠨ᠎ᠠ᠃ ᠪᠠᠷᠢᠮᠵᠢᠶᠠᠲᠤ ᠭᠠᠵᠠᠷ ᠤᠨ ᠨᠡᠷ᠎ᠡ ᠶᠢᠨ ᠬᠡᠪᠯᠡᠭᠳᠡᠬᠦᠨ ᠢ ᠬᠢᠨᠠᠨ ᠲᠣᠭᠲᠠᠭᠠᠨ᠎ᠠ᠃         ᠨᠠᠰᠤᠲᠠᠶᠢᠴᠤᠳ ᠤᠨ ᠠᠰᠠᠷᠠᠮᠵᠢ ᠶᠢᠨ ᠠᠵᠢᠯ ᠢ ᠡᠭᠦᠷᠭᠡᠯᠡᠵᠦ᠂ ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠥᠷᠢ ᠶᠢᠨ ᠲᠦᠷᠢᠮ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ  ᠦᠢᠯᠡᠴᠢᠯᠡᠭᠡᠨ ᠤ ᠠᠵᠢᠯ ᠢ ᠵᠣᠬᠢᠴᠠᠭᠤᠯᠤᠨ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠠᠰᠤᠲᠠᠶᠢᠴᠤᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠥᠨᠳᠥᠷ ᠨᠠᠰᠤᠨ ᠤ ᠨᠥᠬᠦᠪᠥᠷᠢ ᠵᠡᠷᠭᠡ ᠣᠯᠭᠤᠬᠤ ᠠᠵᠢᠯ ᠢ ᠬᠠᠷᠢᠭᠤᠴᠠᠨ᠎ᠠ᠃ ᠬᠡᠦᠬᠡᠳ ᠤᠨ ᠠᠰᠠᠷᠠᠮᠵᠢ᠂ ᠬᠡᠦᠬᠡᠳ ᠢ ᠡᠷᠭᠦᠨ ᠲᠡᠵᠢᠭᠡᠬᠦ ᠪᠠ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ᠃ ᠬᠦᠳᠡᠭᠡ ᠲᠤᠰᠬᠤᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃ ᠬᠡᠦᠬᠡᠳ ᠤᠨ ᠠᠰᠠᠷᠠᠮᠵᠢ᠂ ᠡᠷᠭᠦᠨ ᠲᠡᠵᠢᠭᠡᠬᠦ ᠶᠢ ᠳᠠᠩᠰᠠᠯᠠᠬᠤ᠂ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃         ᠬᠠᠶ᠋ᠢᠭ᠄ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠵᠡᠭᠦᠨ ᠠᠰᠠᠷ ᠤᠨ 5 ᠳ᠋ᠤᠭᠠᠷ  ᠲᠠᠪᠬᠤᠷ         ᠠᠵᠢᠯᠯᠠᠬᠤ ᠴᠠᠭ᠄ ᠦᠳᠡ ᠶᠢᠨ ᠡᠮᠦᠨ᠎ᠡ 9᠄ 00-12᠄ 00-17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶         ᠬᠠᠷᠢᠭᠤᠴᠠᠯᠭᠠᠲᠠᠨ᠄ ᠦ᠋ ᠱᠧᠩ ᠷᠥᠩ         ᠬᠠᠷᠢᠯᠴᠠᠬᠤ ᠤᠲᠠᠰᠤ᠄ 0477-8599776 
ᠢᠷᠡᠯᠲᠡ᠄ ᠲᠣᠰ ᠰᠥᠯᠵᠢᠶ᠎ᠡ