ᠬᠢᠶ᠎ᠠ ᠪᠠᠭᠰᠢ ᠲᠣᠭᠤᠷᠢᠭ 《 5 . 8 ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢᠨ ᠭᠠᠷᠠᠭ 》 ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/13
     5 ᠳ᠋ᠤᠭᠠᠷ ᠰᠠᠷ᠎ᠠ ᠶᠢᠨ 11 ᠤ ᠡᠳᠦᠷ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠠᠶᠢᠭᠤᠯᠤᠭᠳᠠᠭᠰᠠᠨ 120 ᠵᠢᠯ ᠤᠨ ᠣᠶ ᠶᠢ ᠳᠤᠷᠠᠰᠬᠠᠬᠤ ᠵᠢᠴᠢ ᠬᠢᠶ᠎ᠠ ᠪᠠᠭᠰᠢ ᠲᠣᠭᠤᠷᠢᠭ ᠤᠨ 2024 ᠣᠨ ᠤ 《 5 . 8 ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢᠨ ᠭᠠᠷᠠᠭ 》 ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠃
1.jpg
2.jpg
     ᠠᠵᠢᠯᠯᠠᠭᠠᠨ ᠳᠤ ᠲᠤᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠳᠤ ᠲᠤᠭ ᠣᠯᠭᠤᠪᠠ    《 ᠤᠯᠠᠭᠠᠨ ᠵᠠᠭᠠᠯᠮᠠᠶᠢᠲᠠᠨ 》 ᠪᠣᠯ ᠨᠢᠭᠡ ᠵᠦᠢᠯ ᠤᠨ ᠵᠣᠷᠢᠭ ᠰᠠᠨᠠᠭ᠎ᠠ ᠮᠥᠨ᠂ ᠨᠡᠩ ᠴᠤ ᠲᠤᠭ ᠲᠡᠮᠳᠡᠭ ᠮᠥᠨ ᠃ ᠠᠵᠢᠯᠯᠠᠭ᠎ᠠ ᠶᠢᠨ ᠠᠬᠤᠢ ᠲᠠᠯᠠᠪᠠᠢ ᠳᠤ ᠂ ᠠᠪᠤᠷᠠᠨ ᠲᠤᠰᠠᠯᠠᠬᠤ ᠡᠲᠡᠭᠡᠳ ᠲᠤ ᠠᠪᠤᠷᠠᠨ ᠲᠤᠰᠠᠯᠠᠬᠤ ᠪᠣᠳᠠᠰ ᠲᠠᠷᠬᠠᠭᠠᠵᠤ᠂ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠠᠶᠢᠷ᠎ᠠ ᠬᠠᠯᠠᠮᠵᠢ  ᠶᠢ ᠳᠠᠮᠵᠢᠭᠤᠯᠪᠠ ᠃ ᠣᠷᠳᠣᠰ ᠬᠤᠲᠠ ᠶᠢᠨ ᠶᠢᠨ ᠽᠧ ᠬᠤᠶ ᠨᠡᠭᠦᠷᠡᠰᠦᠨ  ᠦᠶᠯᠡᠰ ᠤᠨ ᠬᠢᠵᠠᠭᠠᠷᠲᠤ ᠺᠣᠮᠫᠠᠨᠢ 《 5 . 8 ᠣᠷᠳᠣᠰ AED ᠤᠨ ᠠᠪᠤᠷᠠᠨ ᠲᠤᠰᠠᠯᠠᠯᠲᠠ 》 ᠨᠡᠶᠢᠲᠡ ᠶᠢᠨ ᠠᠰᠠᠷᠠᠮᠵᠢ ᠶᠢᠨ ᠵᠦᠶᠯᠡᠰ ᠲᠤ 10 ᠲᠦᠮᠡᠨ ᠲᠥᠭᠦᠷᠢᠭ ᠬᠠᠨᠳᠢᠪᠯᠠᠪᠠ ᠃ 
3.jpg
     ᠬᠤᠶᠢᠰᠢᠳᠠ᠂  ᠲᠤᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨ ᠵᠠᠭᠠᠯᠮᠠᠶᠢᠳᠠᠨ ᠤ ᠦᠢᠯᠡᠰ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠳᠤᠭᠠᠷ ᠤᠳᠠᠭ᠎ᠠ ᠶᠢᠨ ᠬᠤᠪᠢᠶᠠᠷᠢᠯᠠᠯᠲᠠ ᠶᠢᠨ ᠬᠦᠷᠢᠶᠡᠨ ᠳᠤ ᠢᠳᠡᠪᠬᠢᠲᠡᠢ ᠣᠷᠣᠯᠴᠠᠵᠤ᠂ ᠨᠠᠮ ᠪᠣᠯᠤᠨ ᠵᠠᠰᠠᠭ ᠤᠨ ᠣᠷᠳᠣᠨ ᠤ ᠬᠥᠮᠦᠯᠢᠭ ᠦᠵᠡᠯ ᠤᠨ ᠬᠦᠷᠢᠶᠡᠨ ᠳᠠᠬᠢ ᠤᠯᠠᠨ ᠲᠦᠮᠡᠨ  ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ ᠃
ᠢᠷᠡᠯᠲᠡ᠄ ᠳᠣᠰ ᠰᠦᠯᠵᠢᠶ᠎ᠡ