ᠭᠢᠶ᠎ᠠ ᠪᠠᠭᠰᠢ ᠲᠣᠭᠤᠷᠢᠭ ᠭᠡᠷ ᠪᠦᠯᠢ ᠶᠢᠨ ᠡᠮᠴᠢ ᠶᠢᠨ ᠦᠢᠯᠡᠴᠢᠯᠡᠭᠡ ᠬᠠᠩᠭᠠᠵᠤ ᠪᠠᠶᠢᠨ᠎ᠠ
ᠨᠡᠶᠢᠲᠡᠯᠡᠭᠰᠡᠨ ᠴᠠᠭ᠄
2024/5/22
       ᠭᠢᠶ᠎ᠠ ᠪᠠᠭᠰᠢ ᠶᠢᠨ ᠮᠡᠳᠡᠭᠡ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠣᠶᠢᠷ᠎ᠠ ᠳᠤ ᠭᠢᠶ᠎ᠠ ᠪᠠᠭᠰᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠡᠯ᠎ᠡ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠨ ᠢ ᠢᠳᠡᠪᠬᠢᠲᠡᠢ ᠵᠣᠬᠢᠶᠠᠨ ᠪᠠᠶᠢᠭᠤᠯᠵᠤ ᠭᠡᠷ ᠪᠦᠯᠢ ᠶᠢᠨ ᠡᠮᠴᠢ ᠶᠢᠨ ᠡᠷᠦᠭᠡ ᠳᠤ ᠣᠷᠣᠵᠤ ᠡᠮᠴᠢᠯᠡᠬᠦ ᠠᠵᠢᠯᠯᠠᠭ᠎ᠠ ᠥᠷᠨᠢᠭᠦᠯᠪᠡ᠃       ᠡᠷᠦᠭᠡ ᠳᠤ ᠣᠷᠣᠵᠤ ᠡᠮᠴᠢᠯᠡᠬᠦ ᠠᠵᠢᠯ ᠤᠨ ᠳᠤᠮᠳᠠ᠂ ᠭᠡᠷ ᠪᠦᠯᠢ ᠶᠢᠨ ᠡᠮᠴᠢ ᠶᠢᠨ ᠪᠦᠯᠭᠦᠮ ᠡᠮᠴᠢᠯᠡᠭᠡᠨ ᠤ ᠮᠡᠷᠭᠡᠵᠢᠯ ᠢᠶᠠᠨ ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ ᠲᠤ ᠦᠨ᠎ᠡ ᠲᠥᠯᠥᠪᠦᠷᠢ ᠦᠭᠡᠢ ᠪᠠᠷ ᠴᠢᠰᠤᠨ ᠳᠠᠷᠤᠯᠲᠠ ᠴᠢᠰᠤᠨ ᠰᠢᠬᠢᠷ ᠢ ᠨᠢ ᠬᠡᠮᠵᠢᠨ ᠥᠭᠴᠦ᠂ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠰᠢᠨᠡᠳᠬᠡᠨ᠂ ᠰᠠᠭᠤᠭᠠᠯᠢ ᠠᠷᠠᠳ ᠤᠨ ᠳᠤᠷᠠᠳᠤᠭᠰᠠᠨ ᠡᠷᠡᠭᠦᠯ ᠮᠡᠨᠳᠦ ᠶᠢᠨ ᠲᠤᠬᠠᠢ ᠠᠰᠠᠭᠤᠳᠠᠯ ᠳᠤ ᠬᠠᠷᠢᠭᠤᠯᠲᠠ ᠥᠭᠭᠦᠭᠰᠡᠨ ᠪᠠᠶᠢᠨ᠎ᠠ︔ ᠨᠠᠰᠤᠲᠠᠶᠢᠴᠤᠳ᠂ ᠴᠢᠰᠤᠨ ᠳᠠᠷᠤᠯᠲᠠ ᠥᠨᠳᠥᠷ ᠡᠪᠡᠳᠴᠢᠲᠡᠨ᠂ ᠰᠢᠬᠢᠷ ᠰᠢᠵᠢᠩ ᠡᠪᠡᠳᠴᠢᠲᠡᠨ ᠵᠡᠷᠭᠡ ᠭᠤᠣᠯᠳᠠᠯᠭ᠎ᠠ ᠲᠠᠢ ᠬᠥᠮᠥᠰ ᠲᠤ ᠴᠢᠭᠯᠡᠭᠦᠯᠦᠨ᠂ ᠭᠡᠷ ᠪᠦᠯᠢ ᠶᠢᠨ ᠡᠮᠴᠢ ᠨᠠᠷ ᠲᠡᠳᠡᠨ ᠤ ᠠᠮᠢᠳᠤᠷᠠᠯ ᠤᠨ ᠳᠠᠳᠬᠠᠯ᠂ ᠢᠳᠡᠭᠡᠨ ᠤᠮᠳᠠᠭᠠᠨ ᠤ ᠪᠠᠶᠢᠳᠠᠯ ᠪᠠ ᠡᠮ ᠬᠡᠷᠡᠭᠯᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠭᠰᠠᠨ ᠤ ᠬᠠᠮᠲᠤ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠡᠷᠡᠭᠦᠯ ᠮᠡᠨᠳᠦ ᠶᠢᠨ ᠠᠵᠢᠯᠯᠠᠭ᠎ᠠ ᠶᠢ ᠵᠢᠯᠤᠭᠤᠳᠬᠤ ᠪᠠ ᠡᠮᠨᠡᠨ ᠵᠠᠰᠠᠬᠤ ᠦᠢᠯᠡᠴᠢᠯᠡᠭᠡ ᠬᠠᠩᠭᠠᠪᠠ᠃       ᠭᠡᠷ ᠪᠦᠯᠢ ᠶᠢᠨ ᠡᠮᠴᠢ ᠶᠢᠨ ᠪᠦᠯᠭᠦᠮ ᠨᠢ ᠰᠠᠭᠤᠭᠠᠯᠢ ᠠᠷᠠᠳ ᠲᠠᠢ ᠨᠢᠭᠲᠠ ᠬᠠᠷᠢᠯᠴᠠᠬᠤ ᠪᠠᠷ ᠳᠠᠮᠵᠢᠭᠤᠯᠤᠨ ᠳᠣᠲᠣᠨᠣ ᠦᠢᠯᠡᠴᠢᠯᠡᠭᠡ᠂ ᠬᠠᠷᠠᠭᠠᠯᠵᠠᠯ ᠬᠠᠯᠠᠮᠵᠢᠯᠠᠯ ᠢ ᠰᠠᠭᠤᠭᠠᠯᠢ ᠠᠷᠠᠳ ᠤᠨ ᠭᠡᠷ ᠲᠤᠨᠢ ᠬᠦᠷᠭᠡᠵᠦ᠂ ᠨᠠᠰᠤᠲᠠᠶᠢᠴᠤᠳ᠂ ᠭᠤᠣᠨᠢ ᠨᠠᠰᠤᠲᠠᠶᠢᠴᠤᠳ᠂ ᠵᠡᠮᠳᠡᠭᠴᠦᠳ ᠵᠡᠷᠭᠡ ᠬᠥᠮᠥᠰ ᠤᠨ ᠡᠪᠡᠳᠴᠢᠨ ᠦᠵᠡᠭᠦᠯᠭᠦ ᠪᠠ ᠡᠷᠡᠭᠦᠯᠵᠢᠯ ᠵᠡᠷᠭᠡ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠰᠠᠭᠤᠭᠠᠯᠢ ᠠᠷᠠᠳ ᠲᠤ ᠳᠥᠭᠦᠮ ᠳᠥᠲᠡ ᠦᠢᠯᠡᠴᠢᠯᠡᠭᠡ ᠬᠠᠩᠭᠠᠭᠰᠠᠨ ᠪᠠᠶᠢᠨ᠎ᠠ᠃ 
ᠢᠷᠡᠯᠲᠡ᠄ ᠲᠣᠰ ᠰᠥᠯᠵᠢᠶ᠎ᠡ