ᠲᠤᠰᠬᠠᠶ ᠮᠡᠷᠭᠡᠵᠢᠯᠲᠡᠨ ᠢᠩᠭᠢᠵᠦ ᠥᠷᠯᠥᠭᠡᠨ ᠤ ᠬᠤᠭᠤᠯᠠ ᠢᠳᠡᠬᠦ ᠶᠢ ᠰᠠᠨᠠᠭᠠᠴᠢᠯᠠᠪᠠ︕ ᠥᠷᠯᠥᠭᠡᠨ ᠤ ᠬᠤᠭᠤᠯᠠ ᠢᠳᠡᠬᠦ ᠦᠭᠡᠢ ᠪᠣᠯ ᠮᠠᠷᠢᠶᠠᠯᠠᠬᠤ ᠲᠦᠭᠰᠢᠭᠦᠷᠢ ᠶᠢ ᠨᠡᠮᠡᠭᠳᠡᠭᠦᠯᠳᠡᠭ
ᠨᠡᠶᠢᠲᠡᠯᠡᠭᠰᠡᠨ ᠴᠠᠭ᠄
2024/5/23
        ᠰᠢᠮ᠎ᠡ ᠲᠡᠵᠢᠭᠡᠯ ᠤᠨ ᠲᠤᠰᠬᠠᠶ ᠮᠡᠷᠭᠡᠵᠢᠯᠲᠡᠨ ᠤ ᠰᠠᠨᠠᠭᠤᠯᠬᠤ ᠳᠠᠭᠠᠨ᠂ ᠥᠷᠯᠥᠭᠡ ᠶᠢᠨ ᠬᠤᠭᠤᠯᠠ ᠪᠠᠨ ᠰᠠᠶᠢᠨ ᠢᠳᠡᠬᠦ‌‍ᠪᠣᠯ ᠰᠠᠭᠤᠭᠠᠯᠢ ᠠᠷᠠᠳ ᠤᠨ ᠢᠳᠡᠭᠡᠨ  ᠤᠮᠳᠠᠭᠠᠨ ᠤ  ᠪᠦᠲᠦᠴᠡ ᠶᠢᠨ  ᠵᠦᠶ  ᠵᠣᠬᠢᠰ  ᠥᠬᠡᠶ  ᠪᠠᠶᠢᠳᠠᠯ ᠢ  ᠰᠠᠶᠢᠵᠢᠷᠠᠭᠤᠯᠬᠤ‌‍ᠴᠢᠬᠤᠯᠠ ᠭᠤᠭᠴᠤᠭ᠎ᠠ ᠮᠥᠨ᠂ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠡᠳᠦᠷ ᠪᠦᠷᠢ ᠶᠢᠨ  ᠥᠷᠯᠥᠭᠡ ᠵᠢᠨ‌ᠬᠤᠭᠤᠯᠠ ᠠᠴᠠ ᠡᠬᠢᠯᠡᠵᠦ ᠬᠢᠬᠦ ᠬᠡᠷᠡᠭᠲᠡᠶ ᠬᠡᠪᠡ᠃        ︽ᠶᠡᠭᠡ ᠬᠡᠮᠵᠢᠶᠡᠨ ᠤ ᠰᠢᠨᠵᠢᠯᠡᠬᠦ ᠤᠬᠠᠭᠠᠨ ᠤ ᠭᠡᠷᠡᠴᠢ ᠪᠠᠷᠢᠮᠲᠠ ᠠᠴᠠ ᠦᠵᠡᠪᠡᠯ᠂ ᠥᠷᠯᠥᠭᠡ ᠶᠢᠨ ᠬᠤᠭᠤᠯᠠ ᠢᠳᠡᠬᠦ‌ᠥᠬᠡᠶ ᠪᠤᠶᠤ ᠥᠷᠯᠥᠭᠡ ᠶᠢᠨ ᠬᠤᠭᠤᠯᠠ ᠪᠠᠨ ᠰᠠᠶᠢᠨ ᠢᠳᠡᠬᠦ ᠥᠬᠡᠶ ᠪᠣᠯ ᠮᠠᠷᠢᠶᠠᠯᠠᠬᠤ ᠲᠦᠭᠰᠢᠭᠦᠷᠢ ᠶᠢ ᠨᠡᠮᠡᠭᠳᠡᠭᠦᠯᠳᠡᠭ︾ ᠭᠡᠵᠦ‌‍ᠲ᠋ᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠰᠢᠮ᠎ᠡ ᠲᠡᠵᠢᠭᠡᠯ ᠪᠣᠯᠤᠨ  ᠡᠷᠡᠭᠦᠯ  ᠮᠡᠨᠳᠦ ᠵᠢᠨ‌ᠭᠠᠵᠠᠷ ᠤᠨ ᠰᠤᠳᠤᠯᠤᠭᠴᠢ ᠯᠢᠦ ᠠᠶ ᠯᠢᠩ ᠲᠠᠨᠢᠯᠴᠠᠭᠤᠯᠤᠬᠰᠠᠨ ᠢᠶᠠᠨ ᠵᠠᠯᠭᠠᠭᠠᠳ᠂ ᠥᠷᠯᠥᠭᠡ ᠬᠥᠮᠦᠨ ᠤ  ᠪᠡᠶ᠎ᠡ ᠶᠢᠨ  ᠴᠢᠰᠤᠨ‌‍ᠰᠢᠬᠢᠷ ᠤᠨ ᠬᠡᠮᠵᠢᠶ᠎ᠡ ᠨᠡᠯᠢᠶᠡᠳ ᠳᠤᠤᠷ᠎ᠠ᠂ ᠴᠠᠭ ᠲᠤᠬᠠᠶ ᠳᠤᠨᠢ ᠥᠷᠯᠥᠭᠡ ᠶᠢᠨ ᠬᠤᠭᠤᠯᠠ ᠢᠳᠡᠬᠦ ᠥᠬᠡᠶ ᠪᠣᠯ ᠪᠡᠶ᠎ᠡ ᠶᠢᠨ ᠵᠠᠷᠢᠮ‌ᠬᠤᠷᠮᠣᠨ ᠤ ᠰᠢᠭᠦᠷᠡᠯᠲᠡ ᠳᠤ ᠰᠡᠳᠦᠯᠲᠡ ᠥᠭᠴᠦ᠂ ᠥᠭᠡᠬᠦ ᠶᠢᠨ ᠪᠣᠶ  ᠪᠣᠯᠬᠤ ᠶᠢ  ᠠᠬᠢᠭᠤᠯᠬᠤ ᠳᠤ  ᠠᠰᠢᠭᠲᠠᠶ  ᠪᠠᠶᠢᠳᠠᠭ︔ᠡᠭᠦᠨ ᠤ ᠬᠠᠮᠲᠤ᠂ ᠶᠠᠭᠤᠮ᠎ᠠ ᠢᠳᠡᠬᠦ ᠦᠭᠡᠢ ᠤᠳᠠᠪᠠᠯ᠂ ᠬᠥᠮᠦᠨ ᠠᠮᠠᠷᠬᠠᠨ  ᠥᠯᠥᠰᠳᠡᠭ  ᠪᠣᠯᠬᠤᠷ  ᠦᠳᠡ ᠶᠢᠨ  ᠬᠤᠭᠤᠯᠠ‌ᠵᠡᠷᠭᠡ ᠳᠤ ᠨᠢᠭᠡ ᠤᠳᠠᠭ᠎ᠠ ᠥᠨᠳᠥᠷ ᠢᠯᠴᠢ ᠲᠠᠢ ᠢᠳᠡᠭᠡᠨ ᠢᠳᠡᠪᠡᠯ ᠵᠣᠬᠢᠨ᠎ᠠ ᠭᠡᠵᠦ ᠬᠡᠯᠡᠪᠡ᠃        ᠯᠢᠦ ᠠᠶ ᠯᠢᠩ ᠬᠡᠯᠡᠬᠦ ᠳᠡᠭᠡᠨ᠂ ᠣᠷᠳᠣ ᠬᠤᠭᠤᠴᠠᠭ᠎ᠠ ᠪᠠᠷ ᠥᠷᠯᠥᠭᠡ ᠶᠢᠨ ᠬᠤᠭᠤᠯᠠ ᠢᠳᠡᠬᠦ ᠥᠬᠡᠶ ᠪᠣᠯ 2 ᠳ᠋ᠤᠭᠠᠷ‌‍ᠬᠡᠯᠪᠡᠷᠢ ᠶᠢᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ 21 % ᠪᠠᠷ ᠨᠡᠮᠡᠭᠳᠡᠭᠦᠯᠬᠦ ᠪᠦᠭᠡᠳ ᠪᠠᠰᠠ ᠵᠢᠷᠦᠬᠡ‌‍ᠴᠢᠰᠤᠨ ᠰᠤᠳᠠᠯ᠂ ᠰᠢᠩᠭᠡᠭᠡᠯᠲᠡ ᠶᠢᠨ ᠰᠢᠰᠲ᠋ᠧᠮ ᠵᠡᠷᠭᠡ ᠡᠪᠡᠳᠴᠢᠨ  ᠡᠮᠭᠡᠭ ᠤᠨ  ᠲᠦᠭᠰᠢᠭᠦᠷᠢ ᠶᠢ  ᠨᠡᠮᠡᠭᠳᠡᠭᠦᠯᠵᠦ᠂  ᠬᠡᠦᠬᠡᠳ‌ᠵᠠᠯᠠᠭᠤ ᠪᠠᠭᠠᠴᠤᠳ ᠤᠨ ᠶᠡᠭᠡ ᠲᠠᠷᠢᠬᠢᠨ ᠤ ᠪᠤᠶᠢᠵᠢᠯᠲᠠ ᠵᠢᠴᠢ ᠨᠠᠰᠤᠨ ᠳᠤ ᠭᠦᠷᠦᠭᠰᠡᠳ ᠤᠨ ᠴᠡᠭᠡᠵᠢᠯᠡᠬᠦ ᠴᠢᠳᠠᠪᠤᠷᠢ ᠪᠠ ᠤᠷᠮ᠎ᠠ‌‍ᠰᠡᠳᠬᠢᠯᠭᠡ ᠶᠢ ᠴᠦ ᠮᠠᠭᠤ ᠪᠠᠷ ᠨᠥᠯᠥᠭᠡᠯᠡᠳᠡᠭ ᠬᠡᠪᠡ᠃         ︽ᠡᠯᠪᠡᠭ ᠳᠡᠯᠪᠡᠭ  ᠥᠷᠯᠥᠭᠡ ᠶᠢᠨ  ᠬᠤᠭᠤᠯᠠ ᠨᠢ  ᠢᠳᠡᠭᠡᠨ ᠤ  ᠳᠤᠷᠠᠰᠢᠯ ᠢ  ᠬᠠᠮᠤᠭ ᠤᠨ  ᠶᠡᠭᠡ  ᠬᠡᠮᠵᠢᠶ᠎ᠡ ᠪᠠᠷ‌ᠬᠤᠷᠢᠭᠯᠠᠵᠤ᠂ ᠪᠡᠶ᠎ᠡ ᠶᠢᠨ ᠬᠦᠨᠳᠦ ᠶᠢ ᠨᠠᠩ ᠰᠠᠶᠢᠳᠤᠷ ᠬᠢᠵᠠᠭᠠᠷᠯᠠᠳᠠᠭ ᠢᠶᠠᠷ ᠪᠠᠷᠠᠬᠤ ᠥᠬᠡᠶ᠂ ᠪᠠᠰᠠ ᠬᠥᠮᠦᠨ ᠤ ᠪᠡᠶ᠎ᠡ ᠶᠢᠨ ᠨᠠᠩ‌‍ᠰᠠᠶᠢᠨ ᠰᠣᠯᠢᠯᠴᠠᠭ᠎ᠠ ᠬᠢᠬᠦ ᠪᠠ ᠳᠣᠲᠣᠭᠠᠳᠤ ᠱᠦᠭᠦᠷᠡᠯ ᠤᠨ ᠤᠷᠪᠠᠯ ᠭᠠᠷᠬᠤ ᠶᠢ ᠲᠤᠰᠠᠯᠠᠵᠤ᠂ ᠳᠠᠷᠠᠭ᠎ᠠ ᠤᠳᠠᠭ᠎ᠠ ᠶᠢᠨ ᠬᠤᠭᠤᠯᠠ‌ᠢᠳᠡᠬᠦ ᠦᠶ᠎ᠡ ᠶᠢᠨ ᠴᠢᠰᠤᠨ ᠰᠢᠬᠢᠷ ᠤᠨ ᠤᠷᠪᠠᠯ ᠢ ᠰᠠᠶᠢᠵᠢᠷᠠᠭᠤᠯᠵᠦ᠂ ᠨᠦᠢᠷ ᠤᠨ  ᠠᠷᠠᠯ ᠤᠨ  ᠡᠳ᠋ ᠤᠨ  ᠰᠡᠷᠭᠡᠭ  ᠴᠢᠨᠠᠷ ᠢ‌ᠨᠡᠮᠡᠭᠳᠡᠭᠦᠯᠵᠦ᠂ ᠴᠢᠰᠤᠨ ᠰᠢᠬᠢᠷ ᠤᠨ ᠲᠣᠭᠲᠠᠪᠤᠷᠢᠲᠤ ᠪᠠᠶᠢᠳᠠᠯ ᠢ ᠪᠠᠲᠤᠯᠠᠵᠦ᠂ ᠰᠢᠬᠢᠷ ᠰᠢᠵᠢᠩ ᠡᠪᠡᠳᠴᠢᠨ ᠤ  ᠲᠦᠭᠰᠢᠭᠦᠷᠢ ᠵᠢ‌‍ᠪᠠᠭᠤᠷᠠᠭᠤᠯᠳᠡᠭ︾ ᠭᠡᠵᠦ ᠯᠢᠦ ᠠᠶ ᠯᠢᠩ ᠬᠡᠯᠡᠯ᠎ᠡ᠃        ᠲᠡᠭᠡᠪᠡᠯ ᠪᠢᠳᠡ ᠶᠠᠭᠠᠬᠢᠵᠤ ᠥᠷᠯᠥᠭᠡᠨ ᠤ ᠬᠤᠭᠤᠯᠠ ᠪᠠᠨ ᠰᠠᠶᠢᠨ ᠢᠳᠡᠬᠦ ᠪᠣᠶ︖ ᠥᠷᠯᠥᠭᠡ ᠶᠢᠨ  ᠬᠤᠭᠤᠯᠠ  ᠵᠢᠨ‌‍ᠲ᠋ᠦ᠋ᠷᠦᠯ ᠵᠦᠢᠯ ᠢ ᠣᠯᠠᠨ ᠶᠠᠩᠵᠤ ᠶᠢᠨ ᠪᠠᠶᠢᠯᠭᠠᠵᠤ᠂ 4 ᠲᠥᠷᠥᠯ ᠠᠴᠠ ᠳᠡᠭᠡᠭᠰᠢ ᠪᠠᠶᠢᠬᠤ ᠶᠢ ᠪᠠᠲᠤᠯᠠᠬᠤ  ᠬᠡᠷᠡᠭᠲᠡᠶ᠄  ᠨᠠᠭᠠᠳᠤ‌ᠵᠠᠬ᠎ᠠ ᠳᠠᠭᠠᠨ ᠦᠷᠯᠦᠭᠡ ᠶᠢᠨ ᠬᠤᠭᠤᠯᠠ ᠳᠤ ᠭᠤᠤᠯ ᠢᠳᠡᠭᠡᠨ 1 ᠬᠤᠪᠢ᠂ ᠰᠦ ᠶᠢᠨ ᠲᠦᠷᠦᠯ  ᠲᠠᠬᠢᠶᠠᠨ  ᠥᠨᠳᠡᠭᠡ  ᠵᠡᠷᠭᠡ‌ᠢᠳᠡᠭᠡᠨ 1 ᠬᠤᠪᠢ᠂ ᠢᠳᠡᠰᠢᠨ ᠨᠣᠭᠤᠭ᠎ᠠ ᠵᠢᠮᠢᠰ ᠢ ᠲᠣᠰ ᠲᠣᠰ 1 ᠬᠤᠪᠢ  ᠤᠷᠤᠭᠤᠯᠵᠤ᠂  ᠰᠢᠮ᠎ᠡ  ᠲᠡᠵᠢᠭᠡᠯᠲᠦ  ᠢᠳᠡᠭᠡᠨ‌‍ᠬᠦ᠋ᠢᠴᠡᠳ ᠪᠠᠶᠢᠬᠤ ᠶᠢ ᠪᠠᠲᠤᠯᠠᠬᠤ ᠬᠡᠷᠡᠭᠲᠡᠶ᠃   
ᠢᠷᠡᠯᠲᠡ᠄ ᠠᠷᠠᠳ ᠤᠨ ᠰᠥᠯᠵᠢᠶ᠎ᠡ