ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ  ᠣᠷᠴᠢᠭᠤᠯᠭ᠎ᠠ ᠶᠢᠨ ᠲᠣᠭᠤᠶᠢᠯᠠᠩ ᠨᠢ ᠵᠠᠰᠠᠭ ᠤᠨ ᠣᠷᠳᠣᠨ ᠤ ᠮᠣᠩᠭᠤᠯ ᠬᠡᠯᠡᠨ ᠤ ᠵᠠᠰᠠᠭ ᠤᠨ ᠶᠠᠪᠣᠳᠠᠯ ᠤᠨ ᠰᠥᠯᠵᠢᠶᠡᠨ ᠤ ᠣᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/5/24
      ᠵᠠᠰᠠᠭ ᠤᠨ ᠣᠷᠳᠣᠨ ᠪᠠ ᠣᠯᠠᠨ ᠲᠦᠮᠡᠨ ᠤ ᠨᠡᠪᠲᠡᠷᠡᠯᠴᠡᠭᠦ ᠬᠦᠭᠦᠷᠭᠡ ᠶᠢ ᠪᠠᠶᠢᠭᠤᠯᠵᠤ᠂ ᠠᠷᠠᠳ ᠲᠦᠮᠡᠨ ᠳᠤ ᠦᠢᠯᠡᠴᠢᠯᠡᠭᠦ ᠴᠢᠳᠠᠪᠣᠷᠢ ᠪᠠᠨ ᠦᠷᠭᠦᠯᠵᠢᠯᠡᠨ  ᠳᠡᠭᠡᠭᠰᠢᠯᠡᠭᠦᠯᠦᠨ᠂ ᠮᠣᠩᠭᠤᠯ ᠰᠥᠯᠵᠢᠶ᠎ᠡ ᠪᠠ ᠸᠢᠴᠠᠲ ᠳᠠᠪᠴᠠᠩ ᠤᠨ ᠬᠤᠯᠪᠣᠭᠠᠰᠦ ᠦᠢᠯᠡᠳᠦᠯ ᠢ ᠴᠢᠩᠭᠠᠳᠬᠠᠬᠤ ᠶᠢᠨ ᠲᠥᠯᠥᠭᠡ᠂ 2024 ᠣᠨ ᠤ ᠬᠢᠶ᠎ᠠ ᠪᠠᠭᠰᠢ ᠲᠣᠭᠤᠷᠢᠭ ᠤᠨ ︽ᠦᠨᠳᠣᠰᠦᠲᠡᠨ ᠤ ᠲᠦᠷᠦ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠰᠠᠷ᠎ᠠ︾᠂ ︽ᠦᠨᠳᠣᠰᠣᠲᠡᠨ ᠤ ᠬᠠᠣᠯᠢ ᠪᠠᠷ ᠵᠠᠰᠠᠬᠤ ᠣᠬᠠᠭᠤᠯᠭ᠎ᠠ ᠶᠢᠨ ᠭᠠᠷᠠᠭ︾ ᠤᠨ ᠣᠬᠠᠭᠤᠯᠭ᠎ᠠ ᠶᠢᠨ ᠠᠵᠢᠯ ᠢ ᠲᠣᠬᠢᠶᠠᠯᠳᠣᠭᠤᠯᠣᠨ᠂ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠲᠣᠭᠤᠶᠢᠯᠠᠩ ᠨᠢ ᠬᠢᠶ᠎ᠠ ᠪᠠᠭᠰᠢ ᠲᠣᠭᠤᠷᠢᠭ ᠤᠨ ᠦᠨᠳᠣᠰᠥᠲᠡᠨ ᠤ ᠬᠡᠷᠡᠭ ᠡᠷᠭᠢᠯᠡᠬᠦ ᠵᠦᠪᠯᠡᠯ ᠪᠠ ᠭᠡᠳᠡᠷᠭᠡ ᠨᠡᠶᠢᠬᠡᠮ ᠲᠣᠭᠤᠷᠢᠭ ᠲᠠᠢ ᠬᠤᠯᠪᠣᠭᠠᠯᠠᠨ᠂ ᠣᠷᠳᠣᠰ ᠬᠤᠲᠠ ᠶᠢᠨ ᠠᠵᠢᠯᠲᠠᠨ ᠤ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ ᠳᠤ ︽ᠡᠯ᠎ᠡ ᠦᠨᠳᠣᠰᠦᠲᠡᠨ ᠨᠢᠭᠡ ᠭᠡᠷ ᠪᠦᠯᠢ ᠮᠡᠲᠦ ᠳᠣᠲᠣᠨᠣ ᠪᠦᠯᠬᠦᠮᠳᠡᠨ ᠨᠢᠭᠲᠠᠷᠠᠵᠤ᠂ ᠡᠶ᠎ᠡ ᠵᠣᠬᠢᠴᠠᠯ ᠲᠠᠢ ᠰᠡᠳᠬᠢᠯᠭᠡ ᠶᠢ ᠬᠠᠮᠲᠤ ᠪᠠᠷ ᠪᠢᠴᠢᠭᠯᠡᠶ᠎ᠡ︾ ᠭᠡᠬᠦ ᠤᠷᠠᠨ ᠪᠢᠴᠢᠯᠭᠡ ᠶᠢᠨ ᠠᠵᠢᠯᠯᠠᠭ᠎ᠠ ᠶᠢ ᠦᠷᠨᠢᠭᠦᠯᠵᠦ᠂ ᠪᠠᠰᠠ ᠶᠤᠸᠠᠨ ᠳ᠋ᠢᠩ ᠨᠡᠶᠢᠭᠡᠮ ᠲᠣᠭᠤᠷᠢᠭ ᠲᠤ ᠬᠦᠷᠴᠦ ︽ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠥᠯᠵᠢᠶ᠎ᠡ︾ ᠪᠠ ︽ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠨᠡᠶᠢᠲᠡᠯᠡᠯ︾ ᠸᠢᠴᠠᠲ ᠳᠠᠪᠴᠠᠩ ᠢ ᠣᠬᠠᠭᠤᠯᠣᠨ ᠳᠡᠯᠭᠡᠷᠡᠭᠦᠯᠬᠦ ᠠᠵᠢᠯᠯᠠᠭ᠎ᠠ ᠦᠷᠨᠢᠭᠦᠯᠪᠡ᠃       ᠠᠵᠢᠯᠯᠠᠭ᠎ᠠ ᠶᠢᠨ ᠲᠣᠬᠠᠢ ᠶᠢ ᠲᠠᠯᠡᠪᠠᠢ ᠳᠤ᠂ ᠵᠠᠰᠠᠭ ᠤᠨ ᠣᠷᠳᠣᠨ ᠤ ᠮᠣᠩᠭᠤᠯ ᠰᠥᠯᠵᠢᠶᠡᠨ ᠤ ᠠᠵᠢᠯᠳᠠᠳ ᠬᠦᠷᠴᠦ ᠢᠷᠡᠭᠰᠡᠨ ᠺᠠᠳ᠋ᠷ ᠪᠣᠯᠣᠨ ᠰᠠᠭᠤᠭᠠᠯᠢ ᠠᠷᠠᠳ ᠲᠤ  ᠣᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ᠂ ᠮᠣᠩᠭᠤᠯ ᠰᠥᠯᠵᠢᠶ᠎ᠡ ᠪᠠ ᠸᠢᠴᠠᠲ ᠳᠠᠪᠴᠠᠩ ᠤᠨ ᠠᠭᠤᠯᠭ᠎ᠠ᠂ ᠣᠨᠴᠠᠯᠢᠭ᠂ ᠴᠢᠳᠠᠮᠵᠢ ᠪᠣᠯᠣᠨ ᠬᠡᠷᠡᠭᠯᠡᠬᠦ ᠠᠷᠭ᠎ᠠ ᠶᠢ ᠲᠠᠨᠢᠯᠴᠠᠭᠤᠯᠵᠦ ᠶᠢᠨ  ᠬᠠᠮᠲᠤ ᠮᠣᠩᠭᠤᠯ ᠰᠥᠯᠵᠢᠶᠡᠨ ᠳᠡᠭᠡᠷ᠎ᠡ ᠨᠡᠶᠢᠲᠡᠯᠡᠭᠰᠡᠨ ᠦᠨᠳᠣᠰᠦᠲᠡᠨ ᠤ ᠲᠦᠷᠦ ᠶᠢᠨ ᠪᠣᠳᠣᠯᠭ᠎ᠠ ᠶᠢᠨ ᠲᠠᠶᠢᠯᠣᠮᠵᠢ ᠪᠠ ᠬᠠᠣᠯᠢ ᠴᠠᠭᠠᠵᠠ ᠬᠠᠣᠯᠢ ᠲᠣᠭᠲᠠᠭᠠᠯ ᠤᠨ ᠲᠣᠬᠠᠢ  ᠣᠬᠠᠭᠤᠯᠣᠨ ᠲᠠᠨᠢᠯᠴᠠᠭᠤᠯᠣᠭᠰᠠᠨ ᠪᠦᠭᠡᠳ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠲᠡᠳᠡᠨ ᠤ ᠬᠠᠷᠢᠭᠤ ᠲᠣᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠢ  ᠲᠡᠮᠳᠡᠭᠯᠡᠨ ᠰᠠᠨᠠᠯ ᠢᠶᠠᠨ ᠰᠣᠯᠢᠯᠴᠠᠪᠠ᠃      ᠲᠣᠰ ᠣᠳᠠᠭᠠᠨ ᠤ ᠣᠬᠠᠭᠤᠯᠭ᠎ᠠ ᠶᠢᠨ ᠰᠢᠷᠢᠰ ᠠᠵᠢᠯᠯᠠᠭ᠎ᠠ ᠨᠢ ᠶᠡᠭᠡ ᠬᠡᠮᠵᠢᠶᠡᠨ ᠤ ᠠᠩᠬᠠᠷᠣᠯ ᠢ ᠣᠯᠣᠭᠰᠠᠨ ᠢᠶᠠᠷ ᠪᠠᠷᠠᠬᠤ ᠦᠭᠡᠢ᠂ ᠨᠡᠩ ᠴᠦ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠢᠯᠠᠭᠠᠵᠤ᠂ ᠨᠦᠬᠦᠷᠯᠡᠯ ᠢᠶᠠᠨ ᠬᠦᠨᠵᠡᠭᠡᠶᠢᠷᠡᠭᠦᠯᠦᠨ᠂ ᠬᠤᠵᠢᠮ ᠤᠨ ᠬᠦᠭᠵᠢᠯᠲᠡ ᠳᠤ ᠪᠠᠲᠦ ᠪᠠᠭᠢ ᠣᠯᠠᠨ ᠲᠦᠮᠡᠨ ᠤ ᠰᠠᠭᠤᠷᠢ ᠲᠠᠯᠪᠢᠪᠠ᠃      ᠳᠠᠷᠠᠭᠠᠴᠢ ᠶᠢᠨ ᠠᠯᠬᠤᠮ ᠳᠤ᠂ ᠣᠷᠴᠢᠭᠤᠯᠭ᠎ᠠ ᠶᠢᠨ ᠲᠣᠭᠤᠶᠢᠯᠠᠩ ᠨᠢ ᠮᠣᠩᠭᠤᠯ ᠰᠥᠯᠵᠢᠶ᠎ᠡ ᠪᠠ ᠸᠢᠴᠠᠲ ᠳᠠᠪᠴᠠᠩ ᠤᠨ ᠴᠢᠳᠠᠮᠵᠢ ᠪᠠᠨ ᠨᠡᠩ ᠪᠣᠳᠠᠲᠠᠢ᠂ ᠨᠡᠩ ᠬᠡᠷᠡᠭᠴᠡᠭᠡ ᠲᠠᠢ᠂ ᠨᠡᠩ ᠳᠦᠭᠦᠮ ᠲᠦᠳᠡ ᠪᠣᠯᠭᠠᠵᠤ ᠤᠯᠠᠮ ᠨᠢᠭᠡ ᠠᠯᠬᠤᠮ  ᠰᠢᠯᠢᠳᠡᠭᠵᠢᠭᠦᠯᠦᠨ᠂ ᠦᠨᠳᠦᠷ ᠪᠦᠳᠦᠮᠵᠢᠲᠡᠢ ᠪᠠᠷ ᠠᠷᠠᠳ ᠤᠨ ᠠᠰᠢᠭ ᠬᠦᠷᠳᠡᠭᠡᠬᠦ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠮᠣᠩᠭᠤᠯ ᠰᠥᠯᠵᠢᠶ᠎ᠡ ᠪᠠ ᠸᠢᠴᠠᠲ ᠳᠠᠪᠴᠠᠩ ᠢ ᠪᠠᠶᠢᠭᠤᠯᠬᠤ ᠪᠠᠷ ᠴᠢᠷᠮᠠᠶᠢᠨ᠎ᠠ᠃
02.jpg
01.jpg
03.jpg
06.jpg
05.jpg
07.jpg
08.jpg
09.jpg
 
ᠢᠷᠡᠯᠲᠡ᠄ ᠳᠣᠰ ᠰᠦᠯᠵᠢᠶ᠎ᠡ