︽ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︿ᠭᠤᠷᠪᠠᠨ ᠴᠢᠬᠤᠯᠠ ᠨᠢᠭᠡ ᠶᠡᠭᠡ﹀ ᠶᠢᠨ ᠬᠠᠮᠲᠤ ᠶᠢᠨ ᠰᠢᠢᠳᠪᠦᠷᠢᠲᠦ ᠪᠣᠳᠣᠯᠭ᠎ᠠ   ᠶᠢᠨ ᠳᠦᠷᠢᠮ ᠢ  ᠲᠤᠭᠤᠰᠢᠯᠠᠭᠤᠯᠤᠨ  ᠨᠠᠶᠢᠳᠠᠪᠤᠷᠢᠵᠢᠭᠤᠯᠬᠤ ᠠᠵᠢᠯ ᠤᠨ ᠨᠠᠷᠢᠨ ᠳᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/5/28
ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄       ︽ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︿ᠭᠤᠷᠪᠠᠨ ᠴᠢᠬᠤᠯᠠ ᠨᠢᠭᠡ ᠶᠡᠭᠡ﹀ ᠶᠢᠨ ᠬᠠᠮᠲᠤ ᠶᠢᠨ ᠰᠢᠢᠳᠪᠦᠷᠢᠲᠦ ᠪᠣᠳᠣᠯᠭ᠎ᠠ ᠶᠢᠨ ᠳᠦᠷᠢᠮ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠨᠠᠷᠢᠨ ᠳᠦᠷᠢᠮ︾ ᠢ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠨᠢᠭᠡᠨᠲᠡ ᠰᠤᠳᠤᠯᠤᠨ ᠪᠠᠲᠤᠯᠠᠪᠠ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ  ᠲᠤᠭᠤᠰᠢᠯᠠᠭᠤᠯᠤᠨ  ᠬᠡᠷᠡᠭᠵᠢᠭᠦᠯᠲᠦᠭᠡᠢ᠃                        ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                      2024 ᠣᠨ ᠤ 3  ᠳ᠋ᠤᠭᠠᠷ ᠰᠠᠷ᠎ᠠ ᠶᠢᠨ 4 ᠤ  ᠡᠳᠦᠷ    ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠭᠤᠷᠪᠠᠨ ᠴᠢᠬᠤᠯᠠ ᠨᠢᠭᠡ ᠶᠡᠭᠡ︾ ᠶᠢᠨ ᠬᠠᠮᠲᠤ ᠶᠢᠨ ᠰᠢᠢᠳᠪᠦᠷᠢᠲᠦ                  ᠪᠣᠳᠣᠯᠭ᠎ᠠ ᠶᠢᠨ ᠳᠦᠷᠢᠮ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠨᠠᠷᠢᠨ ᠳᠦᠷᠢᠮ    ᠨᠢᠭᠡᠳᠦᠭᠡᠷ ᠪᠦᠯᠦᠭ   ᠶᠡᠷᠦᠩᠬᠡᠢ ᠳᠦᠷᠢᠮ         ᠨᠢᠭᠡᠳᠦᠭᠡᠷ ᠵᠦᠢᠯ   ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠣᠭᠲᠠᠴᠠ  ᠶᠢ ᠤᠯᠠᠮ ᠨᠢᠭᠡ ᠠᠯᠬᠤᠮ ᠪᠦᠷᠢᠨᠰᠢᠭᠦᠯᠦᠨ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠣᠯᠣᠨ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠬᠡᠷᠡᠭ  ᠵᠦᠪᠯᠡᠬᠦ ᠰᠢᠢᠳᠪᠦᠷᠢᠲᠦ ᠪᠣᠳᠣᠯᠭ᠎ᠠ  ᠶᠢᠨ ᠦᠢᠯᠡ ᠠᠵᠢᠯᠯᠠᠭ᠎ᠠ ᠶᠢ ᠳᠦᠷᠢᠮᠵᠢᠭᠦᠯᠵᠦ ᠂  ᠵᠠᠰᠠᠭ ᠵᠠᠬᠢᠷᠭᠠᠨ ᠤ ᠰᠢᠢᠳᠪᠦᠷᠢᠲᠦ  ᠪᠤᠳᠤᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ 《ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ》《ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ《 ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ》《  ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠨᠤᠲᠤᠭ ᠤᠨ ᠡᠯ᠎ᠡ  ᠱᠠᠲᠤᠨ  ᠤ ᠠᠷᠠᠳ ᠤᠨ  ᠵᠠᠰᠠᠭ ᠤᠨ ᠤᠷᠳᠤᠨ ᠤ ᠵᠤᠬᠢᠶᠠᠨ ᠪᠠᠶᠢᠭᠤᠯᠬᠤ ᠬᠠᠤᠯᠢ》《 ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠵᠢᠷᠤᠮ ᠤᠨ  ᠬᠡᠷᠡᠭᠵᠢᠭᠦᠯᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ 713 ᠳ᠋ᠤᠭᠠᠷ ᠲᠣᠭᠠᠲᠤ ᠵᠠᠷᠯᠢᠭ︶᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠵᠢᠷᠤᠮ ᠤᠨ ᠳᠤᠭᠲᠠᠭᠠᠯ》 ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 209 ᠳ᠋ᠤᠭᠡᠷ ᠲᠣᠭᠠᠲᠤ ᠵᠠᠷᠯᠢᠭ︶᠂ 《 ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ︿ᠭᠤᠷᠪᠠᠨ ᠴᠢᠬᠤᠯᠠ ᠨᠢᠭᠡ ᠶᠡᠭᠡ﹀ ᠵᠦᠢᠯᠡᠰ ᠤᠨ ᠬᠠᠮᠲᠤ  ᠶᠢᠨ ᠰᠢᠢᠳᠪᠦᠷᠢᠲᠦ ᠪᠣᠳᠣᠯᠭ᠎ᠠ ᠶᠢᠨ ᠳᠦᠷᠢᠮ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶ 》 ︵ᠣᠷᠳᠣᠰ ᠨᠠᠮ ᠠᠯᠪᠠᠨ ᠲᠠᠷᠬᠠᠭᠠᠭᠰᠠᠨ ﹇2020﹈ 6 ᠳ᠋ᠤᠭᠠᠷ ᠲᠣᠭᠠᠲᠤ︶᠂ 《ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︿ᠭᠤᠷᠪᠠᠨ ᠴᠢᠬᠤᠯᠠ ᠨᠢᠭᠡ ᠶᠡᠭᠡ﹀ ᠬᠠᠮᠲᠤ  ᠶᠢᠨ ᠰᠢᠢᠳᠪᠦᠷᠢᠲᠦ ᠪᠣᠳᠣᠯᠭ᠎ᠠ  ᠶᠢᠨ  ᠳᠦᠷᠢᠮ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠨᠠᠷᠢᠨ ᠳᠦᠷᠢᠮ︾ ︵  ᠤᠷᠳᠤᠰ ᠵᠠᠰᠠᠭ ᠲᠠᠷᠬᠠᠭᠠᠭᠰᠠᠨ﹇2020﹈ 69  ᠳ᠋ᠤᠭᠡᠷ ᠲᠣᠭᠠᠲᠤ︶《 ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ 》 ︵ᠣᠷᠳᠣᠰ ᠵᠠᠰᠠᠭ ᠲᠠᠷᠬᠠᠭᠠᠭᠰᠠᠨ ﹇2020﹈ 43 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ᠂  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠡᠳᠦᠭᠡ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠴᠢᠬᠤᠯᠠ ᠺᠠᠳ᠋ᠷ ᠢ ᠲᠣᠮᠢᠯᠠᠵᠤ ᠪᠠᠭᠤᠯᠭᠠᠬᠤ᠂ ᠴᠢᠬᠤᠯᠠ ᠶᠡᠭᠡ ᠲᠥᠷᠥᠯ ᠵᠦᠢᠯ ᠢ ᠲᠣᠬᠢᠷᠠᠭᠤᠯᠬᠤ ᠪᠠ ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠬᠦ ︵ᠳᠣᠷᠣᠭᠰᠢ ︽ᠭᠤᠷᠪᠠᠨ ᠴᠢᠬᠤᠯᠠ ᠨᠢᠭᠡ ᠶᠡᠭᠡ︾ ᠵᠦᠢᠯᠡᠰ ᠭᠡᠵᠦ ᠲᠣᠪᠴᠢᠯᠠᠨ᠎ᠠ︶ ᠶᠢᠨ ᠬᠠᠮᠲᠤ ᠶᠢᠨ ᠰᠢᠢᠳᠪᠦᠷᠢᠲᠦ ᠪᠣᠳᠣᠯᠭ᠎ᠠ  ᠶᠢᠨ ᠳᠦᠷᠢᠮ ᠳᠤ ᠴᠢᠭᠯᠡᠭᠦᠯᠦᠨ᠂ ᠲᠣᠰ ᠠᠵᠢᠯ ᠤᠨ ᠨᠠᠷᠢᠨ ᠳᠦᠷᠢᠮ ᠢ ᠲᠣᠭᠲᠠᠭᠠᠪᠠ᠃       ᠬᠤᠶᠠᠳᠤᠭᠠᠷ ᠵᠦᠢᠯ   ︽ᠭᠤᠷᠪᠠᠨ ᠴᠢᠬᠤᠯᠠ ᠨᠢᠭᠡ ᠶᠡᠭᠡ︾ ᠭᠡᠳᠡᠭ ᠨᠢ ᠳᠠᠷᠤᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠂ ᠴᠢᠬᠤᠯᠠ ᠠᠵᠢᠯᠲᠠᠨ ᠢ ᠲᠣᠮᠢᠯᠠᠵᠤ ᠪᠠᠭᠤᠯᠭᠠᠬᠤ᠂ ᠴᠢᠬᠤᠯᠠ ᠶᠡᠭᠡ ᠲᠥᠷᠥᠯ ᠵᠦᠢᠯ ᠢ ᠲᠣᠬᠢᠷᠠᠭᠤᠯᠬᠤ ᠪᠠ ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠬᠦ ᠶᠢ ᠬᠡᠯᠡᠨ᠎ᠡ᠃ ︽ᠭᠤᠷᠪᠠᠨ ᠴᠢᠬᠤᠯᠠ ᠨᠢᠭᠡ ᠶᠡᠭᠡ︾ ᠶᠢᠨ ᠰᠢᠢᠳᠪᠦᠷᠢᠲᠦ ᠪᠣᠳᠣᠯᠭ᠎ᠠ  ᠶᠢᠨ ᠳᠦᠷᠢᠮ ᠢ ᠴᠢᠩᠭ᠎ᠠ ᠬᠡᠷᠡᠭᠵᠢᠭᠦᠯᠬᠦ ᠪᠣᠯ  ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠠᠶᠢᠳᠠᠪᠤᠷᠢᠵᠢᠭᠤᠯᠬᠤ ᠶᠢᠨ ᠦᠨᠳᠦᠰᠦᠨ ᠱᠠᠭᠠᠷᠳᠠᠯᠭ᠎ᠠ ᠮᠥᠨ᠂ ᠪᠠᠰᠠ ᠴᠤ ᠢᠯᠵᠠᠷᠠᠯ ᠢ ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠬᠦ ᠶᠢᠨ ᠴᠢᠬᠤᠯᠠ ᠠᠷᠭ᠎ᠠ ᠪᠠᠷᠢᠯ ᠮᠥᠨ᠃       ᠭᠤᠷᠪᠠᠳᠤᠭᠠᠷ ᠵᠦᠢᠯ   ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ  ᠤᠨ ᠬᠠᠮᠲᠤ  ᠶᠢᠨ ᠰᠢᠢᠳᠪᠦᠷᠢᠲᠦ ᠪᠣᠳᠣᠯᠭ᠎ᠠ  ᠶᠢᠨ ᠳᠦᠷᠢᠮ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠭᠤᠰᠢᠯᠠᠭᠤᠯᠵᠤ᠂ ᠥᠪᠥᠷ ᠮᠣᠩᠭᠤᠯ  ᠤᠨ ᠠᠵᠢᠯ  ᠤᠨ ᠲᠤᠬᠠᠢ ᠰᠢ ᠶᠢᠨ ᠫᠢᠩ  ᠶᠡᠷᠦᠩᠬᠡᠢ ᠱᠦᠵᠢ  ᠶᠢᠨ ᠴᠢᠬᠤᠯᠠ ᠶᠠᠷᠢᠶᠠᠨ  ᠤ ᠴᠢᠬᠤᠯᠠ ᠵᠢᠭᠠᠪᠤᠷᠢ ᠴᠣᠬᠤᠯᠠᠪᠤᠷᠢ  ᠶᠢᠨ ᠵᠣᠷᠢᠭ ᠰᠠᠨᠠᠭ᠎ᠠ   ᠶᠢ ᠭᠦᠨᠵᠡᠭᠡᠢ  ᠲᠤᠭᠤᠰᠢᠯᠠᠭᠤᠯᠵᠤ᠂ ᠨᠠᠮ  ᠤᠨ ᠤᠳᠤᠷᠢᠳᠤᠯᠭ᠎ᠠ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠮᠲᠤ ᠶᠢᠨ ᠰᠢᠢᠳᠪᠦᠷᠢᠲᠦ ᠪᠣᠳᠣᠯᠭ᠎ᠠ᠂ ᠠᠷᠢᠭᠤᠨ ᠴᠢᠬᠡᠴᠢ ᠥᠨᠳᠥᠷ ᠦᠷ᠎ᠡ ᠪᠦᠲᠦᠮᠵᠢᠲᠡᠶ᠂ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠨ ᠵᠠᠷᠴᠢᠮ  ᠢ ᠪᠠᠷᠢᠮᠲᠠᠯᠠᠨ᠂ ᠡᠷᠬᠡ  ᠶᠢᠨ ᠠᠵᠢᠯᠯᠠᠭᠠᠨ  ᠢ ᠬᠢᠵᠠᠭᠠᠷᠯᠠᠬᠤ ᠪᠠ ᠬᠢᠨᠠᠯᠲᠠ ᠲᠠᠯᠪᠢᠬᠤ  ᠶᠢ ᠵᠢᠷᠤᠮᠵᠢᠭᠤᠯᠬᠤ ᠪᠠ ᠴᠢᠩᠭᠠᠷᠠᠭᠤᠯᠬᠤ ᠪᠠᠷ ᠭᠤᠣᠯᠳᠠᠯᠭ᠎ᠠ ᠪᠣᠯᠭᠠᠨ᠂ ᠲᠤᠭᠤᠷᠢᠭ ᠤᠨ ᠠᠷᠠᠳ  ᠤᠨ ᠵᠠᠰᠠᠭ  ᠤᠨ ᠣᠷᠳᠣᠨ  ᠤ ᠬᠠᠮᠲᠤ   ᠶᠢᠨ ᠰᠢᠢᠳᠪᠦᠷᠢᠲᠦ ᠪᠣᠳᠣᠯᠭ᠎ᠠ ᠶᠢᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃       ᠳᠥᠷᠪᠡᠳᠦᠭᠡᠷ ᠵᠦᠢᠯ   ︽ᠭᠤᠷᠪᠠᠨ ᠴᠢᠬᠤᠯᠠ ᠨᠢᠭᠡ ᠶᠡᠭᠡ︾ ᠶᠢᠨ ᠰᠢᠢᠳᠪᠦᠷᠢᠲᠦ ᠪᠣᠳᠣᠯᠭ᠎ᠠ  ᠳᠤ ᠡᠷᠬᠡᠪᠰᠢ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠤᠳᠤᠷᠢᠳᠬᠤ ᠪᠠᠭ ᠤᠨ ᠬᠠᠮᠲᠤ ᠶᠢᠨ ᠤᠶᠤᠨ ᠤᠬᠠᠭᠠᠨ ᠪᠠ ᠪᠦᠬᠦᠯᠢ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠡᠶᠡᠯᠡᠭᠦᠯᠬᠦ ᠬᠡᠷᠡᠭᠲᠡᠢ᠃ ᠬᠠᠮᠲᠤ ᠪᠠᠷ ᠤᠳᠤᠷᠢᠳᠬᠤ᠂ ᠠᠷᠠᠳᠴᠢᠯᠠᠯ ᠢᠶᠠᠷ ᠲᠥᠪᠯᠡᠷᠡᠭᠦᠯᠬᠦ᠂ ᠲᠤᠰᠬᠠᠢ ᠵᠥᠪᠳᠡᠯᠴᠡᠬᠦ᠂ ᠬᠤᠷᠠᠯ ᠢᠶᠠᠷ ᠲᠣᠭᠲᠠᠭᠠᠬᠤ ᠵᠠᠷᠴᠢᠮ  ᠢ ᠪᠠᠷᠢᠮᠲᠠᠯᠠᠨ᠂  ᠲᠣᠭᠤᠷᠢᠭ ᠤᠨ ᠠᠷᠠᠳ ᠤᠨ ᠵᠠᠰᠠᠭ  ᠤᠨ ᠣᠷᠳᠣᠨ  ᠤ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ  ᠳᠤ ᠬᠠᠷᠢᠶᠠᠯᠠᠭᠳᠠᠬᠤ ︽ᠭᠤᠷᠪᠠᠨ ᠴᠢᠬᠤᠯᠠ ᠨᠢᠭᠡ ᠶᠡᠭᠡ︾  ᠵᠤᠶᠢᠯᠡᠰ ᠪᠥᠬᠦᠨ  ᠢ ᠡᠷᠬᠡᠪᠰᠢ ᠬᠠᠮᠲᠤ ᠪᠠᠷ ᠶᠠᠷᠢᠯᠴᠠᠨ ᠲᠣᠭᠲᠠᠭᠠᠬᠤ ᠬᠡᠷᠡᠭᠲᠡᠢ᠂ ᠶᠠᠮᠠᠷᠪᠠ ᠤᠳᠤᠷᠢᠳᠤᠯᠭ᠎ᠠ ᠭᠡᠳ ᠣᠨᠴᠠ ᠵᠠᠷᠢᠮ ᠵᠥᠪᠳᠡᠯᠴᠡᠬᠦ ᠪᠠᠷ ᠬᠤᠷᠠᠯ ᠢᠶᠠᠷ ᠶᠠᠷᠢᠯᠴᠠᠬᠤ ᠶᠢ ᠣᠷᠣᠯᠠᠭᠤᠯᠵᠤ ᠪᠣᠯᠬᠤ ᠦᠭᠡᠢ᠂ ᠬᠤᠷᠠᠯ ᠠᠴᠠ ᠡᠮᠦᠨ᠎ᠡ ᠨᠡᠪᠲᠡᠷᠡᠯᠴᠡᠬᠦ᠂ ᠤᠳᠤᠷᠢᠳᠤᠯᠭ᠎ᠠ ᠠᠴᠠ ᠳᠠᠮᠵᠢᠭᠤᠯᠤᠨ ᠦᠵᠡᠬᠦ ᠵᠡᠷᠭᠡ ᠬᠡᠯᠪᠡᠷᠢ ᠪᠠᠷ ᠬᠠᠮᠲᠤ ᠶᠢᠨ ᠰᠢᠢᠳᠪᠦᠷᠢᠲᠦ ᠪᠣᠳᠣᠯᠭ᠎ᠠ ᠶᠢ ᠣᠷᠣᠯᠠᠭᠤᠯᠵᠤ ᠪᠣᠯᠬᠤ ᠦᠭᠡᠢ᠃       ᠲᠠᠪᠤᠳᠤᠭᠠᠷ ᠵᠦᠢᠯ   ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠲᠦᠷᠦᠭᠦᠯᠡᠨ ᠳᠦᠷᠢᠮ ᠢ ᠵᠢᠷᠤᠮᠯᠠᠨ᠂ ᠲᠦᠷᠦᠭᠦᠯᠡᠨ ᠰᠢᠢᠳᠪᠦᠷᠢ ᠶᠢ ᠬᠡᠷᠡᠭᠵᠢᠭᠦᠯᠵᠦ᠂ ᠲᠦᠷᠦᠭᠦᠯᠡᠨ ᠬᠢᠨᠠᠯᠲᠠ ᠶᠢ ᠬᠦᠯᠢᠶᠡᠵᠦ᠂ ᠲᠦᠷᠦᠭᠦᠯᠡᠨ ᠥᠯᠢᠭᠡᠷ ᠳᠠᠭᠤᠷᠢᠶᠠᠯ ᠦᠵᠡᠭᠦᠯᠬᠦ ᠬᠡᠷᠡᠭᠲᠡᠢ᠃     ᠬᠤᠶᠠᠳᠤᠭᠠᠷ ᠪᠦᠯᠦᠭ   ︽ᠭᠤᠷᠪᠠᠨ ᠴᠢᠬᠤᠯᠠ ᠨᠢᠭᠡ ᠶᠡᠭᠡ︾ ᠶᠢᠨ ᠰᠢᠢᠳᠪᠦᠷᠢᠲᠦ ᠪᠣᠳᠣᠯᠭ᠎ᠠ ᠶᠢᠨ ᠠᠭᠤᠯᠭ᠎ᠠ         ᠵᠢᠷᠭᠤᠳᠤᠭᠠᠷ ᠵᠦᠢᠯ   ᠴᠢᠬᠤᠯᠠ ᠶᠡᠭᠡ ᠰᠢᠢᠳᠪᠦᠷᠢᠲᠦ ᠪᠣᠳᠣᠯᠭ᠎ᠠ  ᠶᠢᠨ ᠵᠦᠢᠯᠡᠰ ᠲᠤ ᠳᠣᠣᠷᠠᠬᠢ ᠵᠦᠢᠯᠡᠰ ᠪᠠᠭᠲᠠᠨ᠎ᠠ᠄     ︵ᠨᠢᠭᠡ︶ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠤᠳᠤᠯᠤᠨ᠎ᠠ᠃     ︵ᠬᠤᠶᠠᠷ︶ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠴᠢᠬᠤᠯᠠ ᠪᠢᠴᠢᠭ ᠮᠠᠲ᠋ᠧᠷᠢᠶᠠᠯ᠂ ᠴᠢᠬᠤᠯᠠ ᠬᠤᠷᠠᠯ ᠤᠨ ᠵᠣᠷᠢᠭ ᠰᠠᠨᠠᠭ᠎ᠠ ᠵᠡᠷᠭᠡ ᠶᠢ  ᠲᠤᠭᠤᠰᠢᠯᠠᠭᠤᠯᠤᠨ᠎ᠠ᠃    ︵ᠭᠤᠷᠪᠠ︶ ᠪᠥᠬᠦ  ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶᠡᠨ ᠳᠠᠬᠢ ᠴᠢᠬᠤᠯᠠ ᠶᠡᠭᠡ ᠠᠰᠠᠭᠤᠳᠠᠯ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠵᠡᠷᠭᠡ ᠵᠦᠢᠯᠡᠰ ᠢ ᠰᠤᠳᠤᠯᠤᠨ᠎ᠠ᠃    ︵ᠳᠥᠷᠪᠡ︶ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ  ᠲᠤᠭᠤᠷᠢᠭ ᠤᠨ ᠨᠠᠮ ᠤᠨ ᠬᠤᠷᠢᠶ᠎ᠠ ᠶᠢᠨ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠤᠳᠤᠯᠵᠤ᠂ ᠪᠥᠬᠦ  ᠲᠤᠭᠤᠷᠢᠭ ᠤᠨ ᠠᠵᠤ ᠠᠬᠤᠢ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠴᠢᠬᠤᠯᠠ ᠶᠡᠭᠡ ᠥᠭᠡᠷᠡᠴᠢᠯᠡᠯᠲᠡ ᠶᠢᠨ ᠲᠥᠰᠥᠯ ᠵᠡᠷᠭᠡ ᠶᠢ ᠰᠤᠳᠤᠯᠤᠨ᠎ᠠ︔      ︵ᠲᠠᠪᠤ︶ ᠵᠠᠰᠠᠭ ᠤᠨ ᠣᠷᠳᠣᠨ ᠤ ᠣᠨ ᠤ ᠠᠵᠢᠯ ᠤᠨ ᠢᠯᠡᠳᠬᠡᠯ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢ ᠭᠦᠢᠴᠡᠳᠬᠡᠭᠰᠡᠨ ᠪᠠᠶᠢᠳᠠᠯ ᠬᠢᠭᠡᠳ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠥᠯ︶ ᠶᠢᠨ ᠢᠯᠡᠳᠬᠡᠯ᠂ ᠲᠤᠭᠤᠷᠢᠭ ᠤᠨ ᠲᠤᠰ ᠱᠠᠲᠤᠨ ᠤ ᠲᠥᠰᠥᠪ ᠢ ᠭᠦᠢᠴᠡᠳᠬᠡᠭᠰᠡᠨ ᠪᠠᠶᠢᠳᠠᠯ ᠤᠨ ᠲᠤᠬᠠᠢ ᠢᠯᠡᠳᠬᠡᠯ ᠢ ᠰᠤᠳᠤᠯᠤᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠨᠡᠶᠢᠲᠡᠯᠡᠭᠰᠡᠨ ᠪᠥᠬᠦ ᠲᠠᠯ᠎ᠠ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠰᠤᠳᠤᠯᠵᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠭᠰᠠᠨ ᠴᠢᠬᠤᠯᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠰᠤᠳᠤᠯᠵᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠭᠰᠡᠨ ᠴᠢᠬᠤᠯᠠ ᠶᠡᠭᠡ ᠠᠰᠠᠭᠤᠳᠠᠯ ᠤᠨ ᠵᠢᠭᠠᠪᠤᠷᠢ ᠠᠪᠬᠤ ᠮᠡᠳᠡᠭᠦᠯᠦᠯᠲᠡ᠂ ᠴᠢᠬᠤᠯᠠ ᠠᠵᠢᠯ ᠤᠨ ᠮᠡᠳᠡᠭᠦᠯᠦᠯᠲᠡ ᠵᠡᠷᠭᠡ ᠶᠢ ᠰᠤᠳᠤᠯᠤᠨ᠎ᠠ᠃      ︵ᠵᠢᠷᠭᠤᠭ᠎ᠠ︶ ᠪᠦᠬᠦ  ᠲᠤᠭᠤᠷᠢᠭ ᠤᠨ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ᠂  ᠳᠤᠮᠳᠠ  ᠬᠤᠯᠠ ᠶᠢᠨ ᠬᠤᠭᠤᠴᠠᠭᠠᠨ ᠤ ᠲᠥᠯᠦᠪᠵᠢᠭᠦᠯᠭᠡ ᠶᠢ ᠰᠤᠳᠤᠯᠵᠤ᠂ ᠰᠠᠭᠤᠷᠢ ᠲᠥᠬᠦᠭᠡᠷᠦᠮᠵᠢ ᠶᠢᠨ ᠲᠥᠯᠦᠪᠵᠢᠭᠦᠯᠭᠡ᠂ ᠠᠵᠤ ᠦᠢᠯᠡᠰ ᠤᠨ ᠪᠠᠶᠢᠷᠢᠰᠢᠯ ᠤᠨ ᠲᠥᠯᠦᠪᠵᠢᠭᠦᠯᠭᠡ᠂ ᠬᠤᠲᠠ ᠶᠢᠨ ᠶᠡᠷᠦᠩᠬᠡᠢ ᠲᠥᠯᠦᠪᠵᠢᠭᠦᠯᠭᠡ ᠵᠢᠴᠢ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ︵︽ᠭᠤᠷᠪᠠᠨ ᠣᠷᠣᠨ ᠭᠤᠷᠪᠠᠨ ᠱᠤᠭᠤᠮ︾  ᠤᠨ ᠵᠠᠭᠠᠭᠯᠠᠨ ᠲᠣᠭᠲᠠᠭᠠᠬᠤ ᠪᠠᠭᠲᠠᠨ᠎ᠠ︶᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠠᠮᠢᠶ᠎ᠠ ᠪᠦᠬᠦᠢ ᠲᠥᠯᠦᠪᠵᠢᠭᠦᠯᠭᠡ ᠵᠢᠴᠢ ᠪᠥᠬᠦ  ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠶᠢᠨ ᠴᠢᠬᠤᠯᠠ ᠲᠥᠯᠦᠪᠵᠢᠭᠦᠯᠭᠡ᠃       ︵ᠳᠣᠯᠤᠭ᠎ᠠ︶ ᠲᠣᠭᠤᠷᠢᠭ ᠤᠨ ᠲᠣᠰ ᠱᠠᠲᠤ ᠬᠢᠭᠡᠳ ᠬᠠᠷᠢᠶ᠎ᠠ ᠲᠣᠭᠤᠷᠢᠭ ᠤᠨ ᠵᠡᠭᠡᠯᠢ ᠭᠤᠳᠤᠮᠵᠢ ᠶᠢᠨ ᠴᠢᠬᠤᠯᠠ ᠶᠡᠭᠡ ᠡᠳ᠋ ᠤᠨ ᠵᠠᠰᠠᠭ ᠤᠨ ᠡᠷᠬᠡ  ᠶᠠᠪᠤᠳᠠᠯ ᠤᠨ ᠡᠷᠬᠡ ᠶᠢᠨ ᠬᠤᠪᠢᠶᠠᠷᠢᠯᠠᠯ ᠵᠡᠷᠭᠡ ᠶᠢ ᠰᠤᠳᠤᠯᠤᠨ᠎ᠠ᠃       ︵ᠨᠠᠢᠮᠠ︶ ᠲᠤᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠠᠮᠫᠤᠷᠠᠵᠤ ᠳᠠᠬᠢᠨ  ᠪᠠᠶᠢᠭᠤᠯᠬᠤ᠂ ᠪᠠᠶᠢᠭᠤᠯᠤᠯ ᠢᠶᠠᠨ ᠥᠭᠡᠷᠡᠴᠢᠯᠡᠬᠦ᠂ ᠨᠡᠶᠢᠯᠡᠭᠦᠯᠦᠨ ᠬᠤᠳᠠᠯᠳᠤᠨ ᠠᠪᠬᠤ᠂ ᠥᠮᠴᠢᠯᠡᠬᠦ ᠡᠷᠬᠡ ᠶᠢᠨ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠵᠡᠷᠭᠡ ᠴᠢᠬᠤᠯᠠ ᠶᠡᠭᠡ ᠵᠦᠢᠯᠡᠰ ᠢ ᠰᠤᠳᠤᠯᠵᠤ᠂ 500 ᠲᠦᠮᠡᠨ ᠲᠥᠭᠦᠷᠢᠭ ᠠᠴᠠ ᠳᠡᠭᠡᠭᠰᠢᠬᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ᠂ ᠰᠢᠯᠵᠢᠭᠦᠯᠦᠨ ᠥᠭᠬᠦ᠂ ᠪᠠᠷᠢᠴᠠᠭᠠᠯᠠᠬᠤ ᠵᠡᠷᠭᠡ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠰᠤᠳᠤᠯᠤᠨ᠎ᠠ ᠃      ︵ᠶᠢᠰᠦ︶ ᠣᠯᠠᠨ ᠨᠡᠶᠢᠲᠡ ᠶᠢᠨ ᠠᠮᠤᠷ ᠲᠦᠪᠰᠢᠨ ᠤ ᠴᠢᠬᠤᠯᠠ ᠶᠡᠭᠡ ᠬᠡᠷᠡᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠬᠡᠷᠡᠭ᠂  ᠠᠶᠦᠯᠭᠦᠢ  ᠦᠢᠯᠡᠳᠪᠦᠷᠢᠯᠡᠯ ᠤᠨ ᠬᠦᠨᠳᠦ ᠶᠡᠭᠡ ᠠᠳᠡᠯ᠂ ᠪᠠᠶᠢᠭᠠᠯᠢ ᠶᠢᠨ ᠬᠦᠨᠳᠦ ᠶᠡᠭᠡ ᠭᠠᠮᠰᠢᠭ ᠵᠡᠷᠭᠡ ᠪᠥᠬᠦ  ᠲᠤᠭᠤᠷᠢᠭ ᠤᠨ ᠠᠵᠤ ᠠᠬᠤᠢ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠨᠥᠯᠥᠭᠡᠯᠡᠬᠦ ᠭᠡᠨᠡᠳᠲᠡ ᠶᠢᠨ ᠴᠢᠨᠠᠷᠲᠠᠢ ᠬᠡᠷᠡᠭ ᠢ ᠠᠷᠭᠠᠴᠠᠨ ᠰᠢᠢᠳᠪᠦᠷᠢᠯᠡᠬᠦ ᠵᠡᠷᠭᠡ ᠵᠦᠢᠯᠡᠰ ᠢ ᠰᠤᠳᠤᠯᠤᠨ᠎ᠠ ᠃      ︵ᠠᠷᠪᠠ︶ ᠪᠥᠬᠦ  ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠤᠷᠰᠢᠭᠰᠠᠨ ᠬᠡᠷ᠎ᠡ ᠳᠤ ᠭᠠᠷ ᠤᠨ ᠥᠰᠥᠭ ᠵᠢᠷᠤᠬᠤ ᠶᠢ ᠰᠤᠳᠤᠯᠵᠤ᠂ ᠴᠢᠬᠤᠯᠠ ᠶᠡᠭᠡ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠶᠢ  ᠲᠣᠭᠲᠠᠭᠠᠬᠤ ᠵᠡᠷᠭᠡ ᠵᠦᠢᠯᠡᠰ ᠢ ᠰᠤᠳᠤᠯᠤᠨ᠎ᠠ ᠃      ︵ᠠᠷᠪᠠᠨ ᠨᠢᠭᠡ︶ ᠴᠢᠬᠤᠯᠠ ᠶᠡᠭᠡ ᠣᠯᠠᠨ ᠨᠡᠶᠢᠲᠡ ᠶᠢᠨ ᠡᠬᠢ ᠪᠠᠶᠠᠯᠢᠭ  ᠠᠷᠠᠯᠵᠢᠶᠠᠯᠠᠬᠤ᠂ ᠬᠠᠷᠢᠶ᠎ᠠ ᠣᠷᠣᠨ ᠤ ᠴᠢᠬᠤᠯᠠ ᠶᠡᠭᠡ ᠤᠯᠤᠰ ᠤᠨ ᠥᠮᠴᠢᠯᠡᠯ ᠤᠨ ᠭᠠᠵᠠᠷ ᠰᠢᠷᠣᠢ ᠶᠢ ᠰᠢᠯᠵᠢᠭᠦᠯᠦᠨ  ᠦᠭᠬᠦ ᠵᠡᠷᠭᠡ ᠵᠦᠢᠯᠡᠰ ᠢ ᠰᠤᠳᠤᠯᠵᠤ᠂ ᠴᠢᠬᠤᠯᠠ ᠰᠣᠶᠣᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠵᠡᠷᠭᠡ ᠲᠠᠯ᠎ᠠ ᠶᠢᠨ ᠵᠦᠢᠯᠡᠰ ᠢ ᠰᠤᠳᠤᠯᠤᠨ᠎ᠠ᠃      ︵ᠠᠷᠪᠠᠨ ᠬᠤᠶᠠᠷ︶ ᠪᠥᠬᠦ  ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ᠂ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠲᠣᠰ ᠪᠡᠶ᠎ᠡ ᠶᠢᠨ ᠠᠰᠢᠭ ᠲᠤᠰᠠ ᠵᠡᠷᠭᠡ ᠲᠠᠯ᠎ᠠ ᠳᠤ ᠬᠤᠯᠪᠣᠭᠳᠠᠬᠤ ᠵᠦᠢᠯᠡᠰ ᠢ ᠰᠤᠳᠤᠯᠤᠨ᠎ᠠ᠃   ︵ᠠᠷᠪᠠᠨ ᠭᠤᠷᠪᠠ︶  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠶᠡᠭᠡ ᠵᠦᠢᠯᠡᠰ ᠢ  ᠰᠤᠳᠤᠯᠤᠨ᠎ᠠ᠃     ︵ᠠᠷᠪᠠᠨ ᠳᠥᠷᠪᠡ︶   ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠮᠲᠤ ᠪᠠᠷ ᠰᠤᠳᠤᠯᠬᠤ ᠪᠠ ᠲᠣᠭᠲᠠᠭᠠᠬᠤ ᠴᠢᠬᠤᠯᠠᠲᠠᠢ ᠪᠤᠰᠤᠳ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠳ᠃       ᠳᠣᠯᠣᠳᠤᠭᠠᠷ ᠵᠦᠢᠯ   ᠴᠢᠬᠤᠯᠠ ᠺᠠᠳ᠋ᠷ ᠢ ᠲᠣᠮᠢᠯᠠᠬᠤ ᠪᠠ ᠪᠠᠭᠤᠯᠭᠠᠬᠤ ᠤᠴᠢᠷ ᠶᠠᠪᠤᠳᠠᠯ ᠤᠳ ᠲᠤ ᠳᠣᠣᠷᠠᠬᠢ ᠵᠦᠢᠯᠡᠰ ᠪᠠᠭᠲᠠᠨ᠎ᠠ᠄      ︵ᠨᠢᠭᠡ︶ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠪᠠ ︽ᠨᠠᠮ ᠵᠠᠰᠠᠭ ᠤᠨ ᠤᠳᠤᠷᠢᠳᠬᠤ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠳᠦᠷᠢᠮ︾ ᠵᠡᠷᠭᠡ ᠲᠣᠭᠲᠠᠭᠠᠯ ᠶᠣᠰᠣᠭᠠᠷ᠂  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ  ᠲᠤᠭᠤᠷᠢᠭ ᠤᠨ  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ   ᠳᠤᠷᠠᠳᠤᠨ ᠳᠡᠪᠰᠢᠭᠦᠯᠬᠦ ᠴᠢᠬᠤᠯᠠᠲᠠᠢ ᠺᠠᠳ᠋ᠷ ᠢ ᠲᠤᠰᠢᠶᠠᠯ ᠳᠤ ᠲᠣᠮᠢᠯᠠᠵᠤ ᠲᠤᠰᠢᠶᠠᠯ   ᠠᠴᠠ ᠪᠠᠭᠤᠯᠭᠠᠬᠤ ᠵᠦᠢᠯᠡᠰ ᠢ ᠰᠤᠳᠤᠯᠤᠨ᠎ᠠ᠃     ︵ᠬᠤᠶᠠᠷ︶ ᠲᠣᠭᠲᠠᠭᠠᠯ ᠶᠣᠰᠣᠭᠠᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  ᠠᠴᠠ ᠺᠠᠳ᠋ᠷ ᠢ ᠲᠣᠮᠢᠯᠠᠵᠤ ᠪᠠᠭᠤᠯᠭᠠᠬᠤ ᠪᠠ ᠨᠡᠷ᠎ᠡ ᠳᠤᠷᠠᠳᠬᠤ ᠴᠢᠬᠤᠯᠠᠲᠠᠢ ᠵᠦᠢᠯᠡᠰ ᠢ ᠰᠤᠳᠤᠯᠤᠨ᠎ᠠ ᠃     ︵ᠭᠤᠷᠪᠠ︶ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠬᠥᠬᠢᠭᠦᠯᠦᠨ ᠱᠠᠩᠨᠠᠬᠤ ᠪᠤᠶᠤ  ᠲᠤᠭᠤᠷᠢᠭ ᠤᠨ ᠨᠠᠮ ᠤᠨ ᠬᠤᠷᠢᠶ᠎ᠠ ᠪᠠ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠡᠯ᠎ᠡ ᠲᠥᠷᠥᠯ ᠤᠨ ᠲᠡᠷᠢᠭᠦᠨ ᠤ ᠬᠠᠮᠲᠤ᠂ ᠬᠤᠪᠢ ᠬᠥᠮᠥᠨ ᠢ ᠬᠥᠬᠢᠭᠦᠯᠦᠨ ᠱᠠᠩᠨᠠᠬᠤ ᠵᠡᠷᠭᠡ ᠵᠦᠢᠯᠡᠰ ᠢ ᠲᠠᠨᠢᠯᠴᠠᠭᠤᠯᠤᠨ ᠮᠡᠳᠡᠭᠦᠯᠬᠦ ᠶᠢ ᠰᠤᠳᠤᠯᠤᠨ᠎ᠠ᠃     ︵ᠳᠥᠷᠪᠡ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ  ᠰᠢᠢᠳᠬᠡᠯ ᠥᠭᠬᠦ ᠪᠤᠶᠤ ᠲᠣᠭᠤᠷᠢᠭ ᠤᠨ ᠨᠠᠮ ᠤᠨ ᠬᠤᠷᠢᠶ᠎ᠠ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠰᠢᠢᠳᠪᠦᠷᠢᠯᠡᠭᠦᠯᠬᠦ ᠬᠡᠷᠡᠭ᠂ ᠠᠵᠢᠯᠲᠠᠨ ᠵᠡᠷᠭᠡ ᠵᠦᠢᠯᠡᠰ ᠢ ᠰᠤᠳᠤᠯᠤᠨ᠎ᠠ᠃      ︵ᠲᠠᠪᠤ ︶  ᠲᠤᠭᠤᠷᠢᠭ ᠤᠨ ᠠᠷᠠᠳ ᠤᠨ ᠵᠠᠰᠠᠭ  ᠤᠨ ᠣᠷᠳᠣᠨ ᠤ ᠬᠠᠮᠲᠤ ᠪᠠᠷ ᠰᠤᠳᠤᠯᠬᠤ ᠪᠠ ᠲᠣᠭᠲᠠᠭᠠᠬᠤ ᠴᠢᠬᠤᠯᠠ ᠲᠠᠢ ᠪᠤᠰᠤᠳ ᠴᠢᠬᠤᠯᠠ ᠺᠠᠳ᠋ᠷ ᠢ ᠲᠣᠮᠢᠯᠠᠵᠤ ᠪᠠᠭᠤᠯᠭᠠᠬᠤ ᠪᠠ ᠠᠵᠢᠯᠲᠠᠨ ᠤ ᠶᠠᠪᠤᠳᠠᠯ ᠟ ᠲᠤ ᠬᠤᠯᠪᠣᠭᠳᠠᠬᠤ ᠵᠡᠷᠭᠡ ᠵᠦᠢᠯᠡᠰ  ᠤᠳ᠃       ᠨᠠᠢᠮᠠᠳᠤᠭᠠᠷ ᠵᠦᠢᠯ   ᠴᠢᠬᠤᠯᠠ ᠶᠡᠭᠡ ᠲᠥᠷᠥᠯ ᠵᠦᠢᠯ ᠢ ᠲᠣᠬᠢᠷᠠᠭᠤᠯᠬᠤ ᠵᠦᠢᠯᠡᠰ ᠲᠤ ᠳᠣᠣᠷᠠᠬᠢ ᠵᠦᠢᠯᠡᠰ ᠪᠠᠭᠲᠠᠨ᠎ᠠ᠄      ︵ᠨᠢᠭᠡ︶  ᠲᠤᠭᠤᠷᠢᠭ ᠤᠨ ᠲᠤᠰ ᠱᠠᠲᠤᠨ  ᠤ  ᠡᠳ᠋ ᠤᠨ ᠵᠠᠰᠠᠭ  ᠤᠨ ᠴᠢᠨᠠᠷᠲᠠᠢ ᠪᠡᠯᠡ ᠮᠥᠩᠭᠦ ᠶᠢᠨ ᠪᠡᠯᠡ ᠣᠷᠣᠭᠤᠯᠤᠯᠲᠠ 500 ᠲᠦᠮᠡᠨ ᠲᠥᠭᠦᠷᠢᠭ ᠠᠴᠠ ᠳᠡᠭᠡᠭᠰᠢᠬᠢ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠲᠥᠷᠥᠯ ᠵᠦᠢᠯ᠂ ᠵᠢᠴᠢ ᠲᠥᠰᠥᠪ  ᠤᠨ ᠲᠣᠬᠢᠷᠠᠭᠤᠯᠤᠯᠲᠠ᠂   ᠢᠨᠵᠧᠨᠧᠷᠢᠩ ᠤᠨ ᠬᠤᠪᠢᠷᠠᠭᠤᠯᠤᠯᠲᠠ ᠵᠡᠷᠭᠡ ᠶᠢ ᠰᠤᠳᠤᠯᠤᠨ᠎ᠠ᡾᠃       ︵ᠬᠤᠶᠠᠷ︶ ᠲᠥᠪ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢᠨ ᠮᠠᠨ ᠤ ᠲᠤᠭᠤᠷᠢᠭ ᠲᠤ ᠪᠡᠯᠡ ᠣᠷᠣᠭᠤᠯᠬᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠮᠡᠳᠡᠭᠦᠯᠬᠦ ᠬᠤᠯᠪᠣᠭᠳᠠᠯ ᠪᠦᠬᠦᠢ ᠵᠦᠢᠯᠡᠰ ᠢ ᠰᠤᠳᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ ᠮᠠᠨ ᠤ  ᠲᠤᠭᠤᠷᠢᠭ ᠲᠤ ᠪᠡᠯᠡ ᠣᠷᠣᠭᠤᠯᠬᠤ ᠲᠥᠷᠥᠯ ᠵᠦᠢᠯ ᠤᠨ ᠲᠤᠭᠤᠷᠢᠭ  ᠤᠨ ᠲᠣᠰ ᠱᠠᠲᠤᠨ ᠳᠤ ᠬᠡᠷᠡᠭᠵᠢᠭᠦᠯᠬᠦ ᠶᠢᠨ ᠬᠠᠮᠲᠤ ᠪᠡᠯᠡ ᠮᠥᠩᠭᠦ ᠲᠣᠬᠢᠷᠠᠭᠤᠯᠤᠭᠰᠠᠨ ᠴᠢᠬᠤᠯᠠ ᠶᠡᠭᠡ ᠲᠥᠷᠥᠯ ᠵᠦᠢᠯ ᠢ ᠰᠤᠳᠤᠯᠤᠨ᠎ᠠ᠃   ︵ᠭᠤᠷᠪᠠ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠭᠡ ᠲᠥᠷᠥᠯ ᠵᠦᠢᠯ ᠤᠨ ᠲᠣᠬᠢᠷᠠᠭᠤᠯᠤᠯᠲᠠ ᠶᠢ ᠰᠤᠳᠤᠯᠤᠨ᠎ᠠ ᠃    ︵ᠳᠥᠷᠪᠡ︶ ᠪᠥᠬᠦ  ᠲᠤᠭᠤᠷᠢᠭ ᠤᠨ ᠴᠢᠨᠠᠷᠲᠠᠢ ᠴᠢᠬᠤᠯᠠ ᠶᠡᠭᠡ ᠠᠵᠢᠯᠯᠠᠭ᠎ᠠ ᠶᠢᠨ ᠪᠡᠯᠡᠳᠬᠡᠵᠦ ᠵᠣᠬᠢᠶᠠᠨ ᠪᠠᠶᠢᠭᠤᠯᠤᠨ ᠶᠠᠪᠤᠭᠳᠠᠭᠤᠯᠬᠤ ᠵᠡᠷᠭᠡ ᠶᠢ ᠰᠤᠳᠤᠯᠬᠤ ᠬᠡᠷᠡᠭᠲᠡᠢ᡾᠃      ︵ᠲᠠᠪᠤ︶ ᠪᠤᠰᠤᠳ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠮᠲᠤ ᠪᠠᠷ ᠰᠤᠳᠤᠯᠵᠤ ᠲᠣᠭᠲᠠᠭᠠᠬᠤ ᠴᠢᠬᠤᠯᠠᠲᠠᠢ ᠴᠢᠬᠤᠯᠠ ᠶᠡᠭᠡ ᠲᠥᠷᠥᠯ ᠵᠦᠢᠯ ᠤᠨ ᠲᠣᠬᠢᠷᠠᠭᠤᠯᠤᠯᠲᠠ ᠶᠢᠨ ᠵᠦᠢᠯᠡᠰ ᠤᠳ᠃      ︵ᠵᠢᠷᠭᠤᠭ᠎ᠠ︶ ᠴᠢᠬᠤᠯᠠ ᠶᠡᠭᠡ ᠲᠥᠷᠥᠯ ᠵᠦᠢᠯ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠨᠢᠭᠡᠳᠦᠯᠲᠡᠢ ᠲᠥᠯᠥᠪᠯᠡᠵᠦ᠂ ᠪᠡᠯᠡ ᠮᠥᠩᠭᠦ ᠶᠢ ᠪᠦᠷᠢᠯᠭᠡᠨ ᠰᠦᠢᠳᠬᠡᠬᠦ ᠠᠴᠠ ᠵᠠᠶᠢᠯᠠᠰᠬᠢᠬᠦ ᠬᠡᠷᠡᠭᠲᠡᠢ᠃    ᠶᠢᠰᠦᠳᠦᠭᠡᠷ ᠵᠦᠢᠯ   ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠬᠦ ᠵᠦᠢᠯᠡᠰ ᠲᠤ ᠳᠣᠣᠷᠠᠬᠢ ᠵᠦᠢᠯᠡᠰ ᠪᠠᠭᠲᠠᠨ᠎ᠠ᠄     ︵ᠨᠢᠭᠡ︶ ᠲᠤᠭᠤᠷᠢᠭ ᠤᠨ ᠲᠣᠰ ᠱᠠᠲᠤᠨ ᠤ ᠵᠢᠯ ᠤᠨ ᠡᠬᠢᠨ ᠤ ᠲᠥᠰᠥᠪ ︵ᠲᠥᠰᠥᠯ︶᠂ ᠣᠨ ᠤ ᠳᠤᠮᠳᠠ ᠬᠤᠭᠤᠴᠠᠭᠠᠨ ᠤ ᠲᠥᠰᠥᠪ ᠤᠨ ᠲᠣᠬᠢᠷᠠᠭᠤᠯᠤᠯᠲᠠ ᠶᠢᠨ ᠲᠥᠰᠥᠯ ︵ᠲᠥᠰᠥᠯ︶ ᠢ ᠰᠤᠳᠤᠯᠤᠨ᠎ᠠ᠃     ︵ᠬᠤᠶᠠᠷ︶ ᠲᠥᠰᠥᠪ ᠲᠤ ᠣᠷᠣᠭᠤᠯᠤᠭᠰᠠᠨ ᠦᠭᠡᠢ 500 ᠲᠦᠮᠡᠨ ᠲᠥᠭᠦᠷᠢᠭ ᠠᠴᠠ ᠳᠡᠭᠡᠭᠰᠢᠬᠢ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠰᠤᠳᠤᠯᠤᠨ᠎ᠠ᠃     ︵ᠭᠤᠷᠪᠠ︶ 500 ᠲᠦᠮᠡᠨ ᠲᠥᠭᠦᠷᠢᠭ ᠠᠴᠠ ᠳᠡᠭᠡᠭᠰᠢᠬᠢ ᠪᠡᠯᠡᠳᠬᠡᠯ ᠵᠠᠷᠤᠳᠠᠯ ᠤᠨ ᠬᠡᠷᠡᠭᠯᠡᠯᠲᠡ ᠶᠢ ᠰᠤᠳᠤᠯᠤᠨ᠎ᠠ᠃    ︵ᠳᠥᠷᠪᠡ︶  ᠲᠤᠭᠤᠷᠢᠭ ᠤᠨ ᠲᠤᠰ ᠱᠠᠲᠤᠨ ᠤ ᠡᠳ᠋ ᠤᠨ ᠵᠠᠰᠠᠭ ᠤᠨ ᠲᠦᠷ ᠥᠭᠬᠦ ᠴᠢᠨᠠᠷᠲᠠᠢ ᠵᠣᠭᠤᠰᠤᠨ ᠤ ᠵᠦᠢᠯ ᠢ ᠰᠤᠳᠤᠯᠤᠨ᠎ᠠ᠃    ︵ᠲᠠᠪᠤ︶ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠵᠠᠰᠠᠭ ᠤᠨ ᠣᠷᠳᠣᠨ ᠤ ᠴᠢᠨᠠᠷᠲᠠᠢ  ᠦᠭᠴᠡᠭᠡ ᠠᠪᠬᠤ ᠪᠠᠷ ᠭᠤᠶᠤᠴᠢᠯᠠᠬᠤ ᠶᠢ ᠰᠤᠳᠤᠯᠤᠨ᠎ᠠ ᠃    ︵ᠵᠢᠷᠭᠤᠭ᠎ᠠ︶  ᠲᠤᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠣᠨ ᠤ ᠪᠡᠯᠡ ᠲᠣᠬᠢᠷᠠᠭᠤᠯᠬᠤ᠂ ᠵᠢᠭᠡᠯᠡᠯᠭᠡ  ᠲᠠᠯᠪᠢᠬᠤ  ᠲᠥᠯᠥᠪᠯᠡᠭᠡ ᠵᠢᠴᠢ ᠤᠯᠤᠰ ᠤᠨ ᠲᠣᠭᠲᠠᠭᠠᠯ ᠳᠤ ᠨᠡᠶᠢᠴᠡᠬᠦ ᠵᠠᠰᠠᠭ ᠤᠨ ᠣᠷᠳᠣᠨ ᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠴᠢᠬᠤᠯᠠ ᠶᠡᠭᠡ ᠵᠦᠢᠯᠡᠰ ᠢ ᠰᠤᠳᠤᠯᠤᠨ᠎ᠠ᠃     ︵ᠳᠣᠯᠤᠭ᠎ᠠ︶ ᠪᠤᠰᠤᠳ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠮᠲᠤ ᠪᠠᠷ ᠰᠤᠳᠤᠯᠬᠤ ᠪᠠ ᠲᠣᠭᠲᠠᠭᠠᠬᠤ ᠴᠢᠬᠤᠯᠠᠲᠠᠢ  ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠬᠦ ᠵᠦᠢᠯᠡᠰ ᠤᠳ᠃     ᠭᠤᠷᠪᠠᠳᠤᠭᠠᠷ ᠪᠦᠯᠦᠭ   ︽ᠭᠤᠷᠪᠠᠨ ᠴᠢᠬᠤᠯᠠ ᠨᠢᠭᠡ ᠶᠡᠭᠡ︾ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ        ᠠᠷᠪᠠᠳᠤᠭᠠᠷ ᠵᠦᠢᠯ   ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠠᠷᠢᠶᠠᠯᠠᠭᠳᠠᠬᠤ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠪᠦᠬᠦᠨ ᠢ ᠡᠩ ᠤᠨ ᠪᠠᠶᠢᠳᠠᠯ ᠳᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠬᠤ ᠪᠠᠷ ᠳᠡᠮᠵᠢᠨ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠨ᠎ᠠ᠂ ᠴᠢᠬᠤᠯᠠ ᠲᠠᠢ ᠦᠶ᠎ᠡ ᠳᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ  ᠪᠦᠬᠦᠳᠡ ᠬᠤᠷᠠᠯ ᠢᠶᠠᠷ ᠶᠠᠷᠢᠯᠴᠠᠨ ᠰᠢᠢᠳᠪᠦᠷᠢᠯᠡᠨ᠎ᠡ᠃  ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ︽ᠭᠤᠷᠪᠠᠨ ᠴᠢᠬᠤᠯᠠ ᠨᠢᠭᠡ ᠶᠡᠭᠡ︾ ᠶᠢᠨ ᠰᠢᠢᠳᠪᠦᠷᠢᠲᠦ ᠪᠣᠳᠣᠯᠭ᠎ᠠ ᠶᠢᠨ ᠬᠡᠪᠴᠢᠶ᠎ᠡ ᠳᠤ ᠬᠠᠷᠢᠶᠠᠯᠠᠭᠳᠠᠪᠠᠯ᠂  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭ᠎ᠠ ᠴᠠᠭ ᠲᠤᠬᠠᠢ ᠳᠤᠨᠢ  ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠳᠤ ᠳᠤᠷᠠᠳᠤᠨ ᠳᠡᠪᠰᠢᠭᠦᠯᠵᠦ ᠰᠤᠳᠤᠯᠤᠨ᠎ᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠮᠡᠳᠡᠭᠦᠯᠬᠦ ᠴᠢᠬᠤᠯᠠᠲᠠᠢ ᠪᠣᠯ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭ᠎ᠠ ᠴᠠᠭ ᠲᠤᠬᠠᠢ ᠳᠤᠨᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠰᠤᠳᠤᠯᠤᠨ᠎ᠠ᠃ ᠬᠡᠷᠪᠡ ᠬᠦᠨᠳᠦ ᠶᠡᠭᠡ ᠭᠡᠨᠡᠳᠲᠡ ᠶᠢᠨ ᠬᠡᠷᠡᠭ ᠪᠤᠶᠤ ᠪᠠᠴᠢᠮ ᠪᠠᠶᠢᠳᠠᠯ  ᠠᠴᠠ ᠪᠣᠯᠵᠤ᠂ ᠬᠤᠷᠠᠯ ᠬᠤᠷᠠᠯᠳᠤᠭᠤᠯᠵᠤ ᠰᠢᠢᠳᠪᠦᠷᠢᠲᠦ ᠪᠣᠳᠣᠯᠭ᠎ᠠ ᠲᠣᠭᠲᠠᠭᠠᠵᠤ ᠠᠮᠵᠢᠬᠤ ᠦᠭᠡᠢ ᠪᠣᠯ᠂ ᠤᠷᠢᠳᠠᠪᠠᠷ ᠪᠠᠴᠢᠮ ᠪᠠᠶᠢᠳᠠᠯ ᠢ ᠠᠷᠭᠠᠴᠠᠬᠤ ᠲᠣᠬᠢᠷᠠᠭᠤᠯᠤᠯᠲᠠ ᠬᠢᠵᠦ ᠪᠣᠯᠣᠨ᠎ᠠ᠂ ᠬᠡᠷᠡᠭ ᠤᠨ ᠳᠠᠷᠠᠭ᠎ᠠ ᠭᠤᠣᠯ ᠬᠠᠷᠢᠭᠤᠴᠠᠯᠭᠠᠲᠠᠨ ᠨᠢ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠲᠤᠭᠤᠷᠢᠭ  ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠡᠭᠡᠷ᠎ᠡ ᠰᠢᠢᠳᠪᠦᠷᠢᠲᠦ ᠪᠣᠳᠣᠯᠭ᠎ᠠ ᠶᠢᠨ ᠪᠠᠶᠢᠳᠠᠯ ᠢᠶᠠᠨ ᠲᠣᠳᠣᠷᠬᠠᠶᠢᠯᠠᠬᠤ ᠬᠡᠷᠡᠭᠲᠡᠢ᠃      ᠠᠷᠪᠠᠨ ᠨᠢᠭᠡᠳᠦᠭᠡᠷ ᠵᠦᠢᠯ   ︽ᠭᠤᠷᠪᠠᠨ ᠴᠢᠬᠤᠯᠠ ᠨᠢᠭᠡ ᠶᠡᠭᠡ︾ ᠶᠢᠨ ᠰᠢᠢᠳᠪᠦᠷᠢᠲᠦ ᠪᠣᠳᠣᠯᠭ᠎ᠠ  ᠶᠢᠨ ᠵᠦᠢᠯᠡᠰ ᠢ ᠳᠤᠷᠠᠳᠬᠤ ᠳᠠᠭᠠᠨ ᠡᠮᠦᠨᠡᠬᠢ ᠬᠤᠭᠤᠴᠠᠭᠠᠨ ᠳᠤ ᠥᠷᠭᠡᠨ ᠳᠡᠯᠭᠡᠷ ᠭᠦᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠠᠳᠠᠯᠢ ᠪᠤᠰᠤ ᠵᠥᠪᠯᠡᠬᠦ ᠰᠡᠳᠦᠪ ᠤᠨ ᠬᠡᠷᠡᠭᠴᠡᠭᠡ ᠪᠠ ᠬᠠᠤᠯᠢ ᠪᠠᠷ ᠲᠣᠭᠲᠠᠭᠠᠭᠰᠠᠨ ᠵᠢᠷᠤᠮ ᠢ ᠦᠨᠳᠦᠰᠦᠯᠡᠨ᠂ ᠰᠠᠨᠠᠯ ᠬᠤᠷᠢᠶᠠᠬᠤ᠂ ᠪᠣᠯᠣᠮᠵᠢᠲᠤ ᠴᠢᠨᠠᠷ ᠢ ᠨᠤᠲᠠᠯᠠᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠨᠡᠶᠢᠭᠡᠮ ᠤᠨ ᠭᠡᠷᠡᠴᠢᠯᠡᠭᠡ ᠰᠣᠨᠣᠰᠬᠤ᠂ ᠲᠤᠰᠬᠠᠢ ᠮᠡᠷᠭᠡᠵᠢᠯᠲᠡᠨ ᠠᠴᠠ ᠵᠥᠪᠯᠡᠯᠭᠡ ᠥᠭᠬᠦ ᠵᠡᠷᠭᠡ ᠵᠢᠷᠤᠮ ᠢ ᠭᠦᠢᠴᠡᠳᠬᠡᠵᠦ᠂ ᠬᠠᠮᠲᠤ ᠪᠠᠷ ᠶᠠᠷᠢᠯᠴᠠᠨ ᠲᠣᠭᠲᠠᠭᠠᠭᠰᠠᠨ ᠤ ᠲᠠᠷᠠᠭ᠎ᠠ ᠪᠢᠴᠢᠭ ᠤᠨ ᠬᠡᠯᠪᠡᠷᠢ ᠪᠠᠷ ᠳᠤᠷᠠᠳᠬᠤ ᠬᠡᠷᠡᠭᠲᠡᠢ᠃      ᠠᠵᠢᠯᠲᠠᠨ ᠤ ᠲᠤᠰᠢᠶᠠᠯ ᠳᠤ ᠲᠣᠮᠢᠯᠠᠵᠤ  ᠪᠠᠭᠤᠯᠭᠠᠬᠤ  ᠵᠤᠶᠢᠯᠡᠰ ᠢ ᠶᠠᠷᠢᠯᠴᠠᠨ ᠲᠣᠭᠲᠠᠭᠠᠬᠤ ᠳᠠᠭᠠᠨ ︽ᠨᠠᠮ ᠵᠠᠰᠠᠭ ᠤᠨ ᠤᠳᠤᠷᠢᠳᠬᠤ ᠺᠠᠳ᠋ᠷ ᠢ  ᠰᠤᠩᠭᠤᠨ ᠰᠢᠯᠭᠠᠷᠠᠭᠤᠯᠵᠤ  ᠲᠤᠮᠢᠯᠠᠨ ᠬᠡᠷᠡᠭᠯᠡᠬᠦ ᠠᠵᠢᠯ ᠤᠨ ᠳᠦᠷᠢᠮ︾ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ᠃      ᠠᠷᠪᠠᠨ ᠬᠤᠶᠠᠳᠤᠭᠠᠷ ᠵᠦᠢᠯ   ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠢ ︽ᠭᠤᠷᠪᠠᠨ ᠴᠢᠬᠤᠯᠠ ᠨᠢᠭᠡ ᠶᠡᠭᠡ︾ ᠶᠢᠨ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠳᠤᠷᠠᠳᠤᠭᠰᠠᠨ ᠰᠠᠯᠠᠭ᠎ᠠ ᠮᠥᠴᠢᠷ ᠪᠤᠶᠤ ᠳᠠᠭᠠᠭᠠᠨ ᠭᠦᠢᠴᠡᠳᠬᠡᠬᠦ ᠨᠢᠭᠡᠴᠡ ᠶᠢᠨ ᠰᠢᠢᠳᠪᠦᠷᠢᠲᠦ ᠪᠣᠳᠣᠯᠭ᠎ᠠ ᠶᠢᠨ ᠲᠥᠰᠥᠯ ᠪᠠ ᠲᠣᠳᠣᠷᠬᠠᠶᠢᠯᠠᠯᠲᠠ ᠳᠤ ᠠᠩᠬᠠᠨ ᠤ ᠬᠢᠨᠠᠯᠲᠠ ᠬᠢᠨ᠎ᠡ᠃ ᠶᠠᠷᠢᠯᠴᠠᠭᠤᠯᠬᠤ ᠪᠠᠷ ᠳᠡᠪᠰᠢᠭᠦᠯᠦᠭᠰᠡᠨ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠢ ᠪᠣᠯ ᠲᠤᠭᠤᠷᠢᠭ ᠤᠨ ᠠᠷᠠᠳ ᠤᠨ ᠵᠠᠰᠠᠭ  ᠤᠨ ᠣᠷᠳᠣᠨ  ᠤ ᠬᠤᠪᠢᠳᠠᠨ  ᠬᠠᠮᠢᠶᠠᠷᠬᠤ ᠳᠡᠳ᠋ ᠲᠤᠭᠤᠷᠢᠭ ᠤᠨ ᠳᠠᠷᠤᠭ᠎ᠠ᠂ ᠠᠯᠪᠠᠨ ᠭᠡᠷ  ᠤᠨ ᠡᠷᠬᠢᠯᠡᠭᠴᠢ ᠨᠢ ᠬᠤᠷᠠᠯ ᠬᠢᠬᠦ ᠠᠴᠠ ᠡᠮᠦᠨ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ  ᠢ ᠵᠣᠬᠢᠶᠠᠨ ᠪᠠᠶᠢᠭᠤᠯᠤᠨ ᠭᠦᠢᠴᠡᠳ ᠰᠤᠳᠤᠯᠤᠨ ᠶᠠᠷᠢᠯᠴᠠᠵᠤ᠂ ᠨᠥᠬᠦᠴᠡᠯ ᠪᠦᠷᠢᠳᠦᠭᠰᠡᠨ  ᠤ ᠲᠠᠷᠠᠭ᠎ᠠ ᠬᠤᠷᠠᠯ  ᠳᠤ ᠳᠡᠪᠰᠢᠭᠦᠯᠵᠦ᠂  ᠲᠤᠭᠤᠷᠢᠭ ᠤᠨ ᠠᠷᠠᠳ  ᠤᠨ  ᠵᠠᠰᠠᠭ  ᠤᠨ ᠣᠷᠳᠣᠨ ᠟ ᠤ ᠭᠤᠣᠯ ᠤᠳᠤᠷᠢᠳᠤᠯᠭ᠎ᠠ ᠪᠠᠷ ᠵᠥᠪᠰᠢᠶᠡᠷᠡᠭᠦᠯᠦᠭᠰᠡᠨ ᠟ ᠤ ᠲᠠᠷᠠᠭ᠎ᠠ ᠂ ᠬᠤᠷᠠᠯ ᠟ ᠤᠨ ᠵᠥᠪᠯᠡᠬᠦ ᠵᠦᠢᠯ  ᠳᠤ ᠣᠷᠣᠭᠤᠯᠬᠤ ᠬᠡᠷᠡᠭᠲᠡᠢ᠃      ᠬᠦᠨᠳᠦ ᠶᠡᠭᠡ ᠭᠡᠨᠡᠳᠲᠡ ᠶᠢᠨ ᠬᠡᠷᠡᠭ ᠪᠠ ᠪᠠᠴᠢᠮ ᠪᠠᠶᠢᠳᠠᠯ ᠵᠡᠷᠭᠡ ᠣᠨᠴᠠᠭᠠᠶ ᠰᠢᠯᠲᠠᠭᠠᠨ ᠲᠣᠬᠢᠶᠠᠯᠳᠤᠭᠰᠠᠨ ᠢ ᠭᠠᠷᠭᠠᠪᠠᠯ᠂ ︽ᠭᠤᠷᠪᠠᠨ ᠴᠢᠬᠤᠯᠠ ᠨᠢᠭᠡ ᠶᠡᠭᠡ ︾ ᠶᠢᠨ  ᠵᠦᠢᠯᠡᠰ ᠢ ᠲᠦᠷ ᠴᠠᠭ ᠰᠠᠨᠠᠭᠠᠴᠢᠯᠠᠨ  ᠳᠤᠷᠠᠳᠴᠤ  ᠪᠣᠯᠬᠤ ᠦᠭᠡᠢ᠃      ᠠᠷᠪᠠᠨ ᠭᠤᠷᠪᠠᠳᠤᠭᠠᠷ ᠵᠦᠢᠯ   ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠰᠢᠢᠳᠪᠦᠷᠢᠲᠦ ᠪᠣᠳᠣᠯᠭ᠎ᠠ ᠳᠡᠪᠰᠢᠭᠦᠯᠦᠭᠰᠡᠨ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠲᠤ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠮᠡᠳᠡᠭᠦᠯᠦᠯᠲᠡ᠂ ᠲᠥᠰᠥᠯ ᠪᠠ ᠲᠣᠳᠣᠷᠬᠠᠶᠢᠯᠠᠯᠲᠠ᠂ ᠰᠠᠨᠠᠯ ᠬᠤᠷᠢᠶᠠᠬᠤ ᠮᠠᠲ᠋ᠧᠷᠢᠶᠠᠯ᠂ ᠲᠤᠰᠬᠠᠢ ᠮᠡᠷᠭᠡᠵᠢᠯᠲᠡᠨ ᠤ ᠯᠠᠪᠯᠠᠭ᠎ᠠ ᠨᠤᠲᠠᠯᠠᠯᠲᠠ ᠪᠤᠶᠤ ᠭᠡᠷᠡᠴᠢᠯᠡᠭᠡ ᠰᠣᠨᠣᠰᠬᠤ ᠬᠤᠷᠠᠯ ᠤᠨ ᠰᠠᠨᠠᠯ᠂ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠢ᠃      ᠠᠷᠪᠠᠨ ᠳᠥᠷᠪᠡᠳᠦᠭᠡᠷ ᠵᠦᠢᠯ   ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠤᠨ ᠰᠢᠢᠳᠪᠦᠷᠢᠲᠦ ᠪᠣᠳᠣᠯᠭ᠎ᠠ ᠳᠤ ᠬᠡᠷᠡᠭᠴᠡᠭᠡ ᠪᠠᠨ ᠦᠨᠳᠦᠰᠦᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠰᠠᠭᠤᠭᠠᠯᠢ ᠠᠷᠠᠳ ᠤᠨ ᠲᠥᠯᠥᠭᠡᠯᠡᠭᠴᠢ ᠵᠡᠷᠭᠡ ᠶᠢ ᠤᠷᠢᠵᠤ ᠬᠤᠷᠠᠯ ᠳᠤ ᠰᠤᠯᠠ ᠣᠷᠣᠯᠴᠠᠭᠤᠯᠵᠤ᠂ ᠲᠡᠳᠡᠨ ᠤ ᠰᠠᠨᠠᠯ ᠪᠠ ᠰᠠᠨᠠᠭᠤᠯᠭ᠎ᠠ ᠶᠢ ᠰᠣᠨᠣᠰᠴᠤ ᠪᠣᠯᠣᠨ᠎ᠠ᠃ ᠰᠢᠢᠳᠪᠦᠷᠢᠲᠦ ᠪᠣᠳᠣᠯᠭ᠎ᠠ  ᠶᠢᠨ ᠵᠦᠢᠯᠡᠰ ᠤᠨ ᠬᠡᠷᠡᠭᠴᠡᠭᠡ ᠶᠢ ᠦᠨᠳᠦᠰᠦᠯᠡᠨ᠂  ᠲᠤᠭᠤᠷᠢᠭ ᠤᠨ ᠰᠢᠢᠳᠪᠦᠷᠢᠲᠦ ᠪᠣᠳᠣᠯᠭ᠎ᠠ ᠶᠢᠨ ᠯᠠᠪᠯᠠᠯᠭ᠎ᠠ ᠶᠢᠨ  ᠺᠤᠮᠢᠰ ᠤᠨ ᠲᠤᠰᠬᠠᠢ ᠮᠡᠷᠭᠡᠵᠢᠯᠲᠡᠨ ᠪᠤᠶᠤ ᠠᠵᠢᠯ ᠲᠥᠷᠥᠯ ᠤᠨ ᠨᠡᠶᠢᠭᠡᠮᠯᠢᠭ᠂ ᠵᠠᠭᠤᠴᠢ  ᠪᠠᠶᠢᠭᠤᠯᠤᠯᠭ᠎ᠠ᠂ ᠠᠰᠢᠭ ᠲᠤᠰᠠ ᠳᠤ ᠬᠤᠯᠪᠣᠭᠳᠠᠬᠤ ᠬᠥᠮᠥᠰ᠂ ᠠᠷᠠᠳ ᠤᠨ ᠪᠦᠯᠬᠦᠮ ᠵᠡᠷᠭᠡ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠶᠢ ᠤᠷᠢᠵᠤ ᠬᠤᠷᠠᠯ ᠳᠤ ᠰᠤᠯᠠ ᠣᠷᠣᠯᠴᠠᠭᠤᠯᠤᠭᠰᠠᠨ ᠴᠤ ᠪᠣᠯᠣᠨ᠎ᠠ᠃      ᠠᠷᠪᠠᠨ ᠲᠠᠪᠤᠳᠤᠭᠠᠷ ᠵᠦᠢᠯ  ︽  ᠭᠤᠷᠪᠠᠨ ᠴᠢᠬᠤᠯᠠ ᠨᠢᠭᠡ ᠶᠡᠭᠡ ︾ ᠶᠢᠨ ᠵᠦᠢᠯᠡᠰ ᠤᠨ ᠲᠤᠬᠠᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠭᠠᠨ ᠬᠤᠷᠠᠯ ᠳᠤ ᠣᠷᠣᠯᠴᠠᠭᠰᠠᠳ ᠰᠠᠨᠠᠯ ᠢᠶᠠᠨ ᠭᠦᠢᠴᠡᠳ ᠢᠯᠡᠳᠬᠡᠵᠦ᠂ ᠵᠥᠪᠰᠢᠶᠡᠷᠡᠭᠰᠡᠨ᠂ ᠡᠰᠡ ᠵᠥᠪᠰᠢᠶᠡᠷᠡᠭᠰᠡᠨ ᠪᠤᠶᠤ ᠠᠯᠭᠤᠷᠯᠠᠨ ᠶᠠᠷᠢᠯᠴᠠᠭᠰᠠᠨ ᠰᠠᠨᠠᠯ ᠢᠶᠠᠨ ᠨᠢᠭᠡᠳ ᠨᠢᠭᠡ ᠪᠠᠷ ᠲᠣᠳᠣᠷᠬᠠᠢ ᠢᠯᠡᠳᠬᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠶᠠᠮᠠᠷ ᠨᠢᠭᠡᠨ ᠰᠢᠯᠲᠠᠭᠠᠨ  ᠠᠴᠠ ᠪᠣᠯᠵᠤ ᠬᠤᠷᠠᠯ ᠳᠤ ᠣᠷᠣᠯᠴᠠᠵᠤ ᠳᠡᠶᠢᠯᠬᠦ ᠦᠭᠡᠢ ᠪᠣᠯ ᠪᠢᠴᠢᠭ ᠤᠨ ᠬᠡᠯᠪᠡᠷᠢ ᠪᠠᠷ ᠰᠠᠨᠠᠯ ᠢᠶᠠᠨ ᠢᠯᠡᠳᠬᠡᠵᠦ ᠪᠣᠯᠣᠨ᠎ᠠ᠃  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠨᠢ ᠪᠤᠰᠤᠳ ᠤᠳᠤᠷᠢᠳᠬᠤ ᠪᠠᠭ ᠤᠨ ᠪᠦᠷᠢᠯᠳᠦᠭᠦᠨ ᠨᠢ ᠰᠠᠨᠠᠯ ᠢᠶᠠᠨ ᠭᠦᠢᠴᠡᠳ ᠢᠯᠡᠳᠬᠡᠭᠰᠡᠨ ᠤ ᠳᠠᠷᠠᠭ᠎ᠠ᠂ ᠳ᠋ᠦᠩᠨᠡᠯᠲᠡ ᠶᠢᠨ ᠴᠢᠨᠠᠷᠲᠠᠢ ᠰᠠᠨᠠᠯ ᠢᠶᠠᠨ ᠨᠡᠶᠢᠲᠡᠯᠡᠵᠦ᠂ ᠬᠢᠨᠠᠨ ᠵᠥᠪᠯᠡᠭᠰᠡᠨ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠪᠠᠲᠤᠯᠠᠬᠤ᠂ ᠥᠯᠥ ᠪᠠᠲᠤᠯᠠᠬᠤ ᠪᠤᠶᠤ ᠳᠠᠬᠢᠨ ᠵᠥᠪᠯᠡᠬᠦ ᠶᠢ ᠲᠦᠷ ᠬᠤᠶᠢᠰᠢᠯᠠᠭᠤᠯᠬᠤ ᠲᠣᠭᠲᠠᠭᠠᠯ ᠭᠠᠷᠭᠠᠬᠤ ᠬᠡᠷᠡᠭᠲᠡᠢ᠃      ᠠᠷᠪᠠᠨ ᠵᠢᠷᠭᠤᠳᠤᠭᠠᠷ ᠵᠦᠢᠯ    ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠤᠨ ᠰᠢᠢᠳᠪᠦᠷᠢᠲᠦ ᠪᠣᠳᠣᠯᠭ᠎ᠠ ᠶᠢᠨ ᠬᠡᠷᠡᠭ  ᠢ ᠲᠠᠩᠰᠠ ᠳᠤ ᠣᠷᠣᠭᠤᠯᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤᠰᠬᠠᠢ ᠬᠥᠮᠥᠨ ᠲᠣᠬᠢᠷᠠᠭᠤᠯᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠳᠠᠬᠢ ᠡᠯ᠎ᠡ ᠲᠥᠷᠥᠯ ᠤᠨ ᠪᠢᠴᠢᠭ ᠮᠠᠲ᠋ᠧᠷᠢᠶᠠᠯ᠂ ᠺᠢᠨᠤ᠋ ᠶᠢᠨ ᠠᠪᠢᠶᠠᠨ ᠤ ᠮᠠᠲ᠋ᠧᠷᠢᠶᠠᠯ᠂ ᠬᠤᠷᠠᠯ ᠤᠨ ᠲᠡᠮᠳᠡᠭᠯᠡᠯ᠂ ᠬᠤᠷᠠᠯ ᠤᠨ ᠲᠣᠪᠴᠢ ᠲᠡᠮᠳᠡᠭᠯᠡᠯ ᠵᠢᠴᠢ ᠪᠤᠰᠤᠳ ᠴᠢᠬᠤᠯᠠ ᠮᠠᠲ᠋ᠧᠷᠢᠶᠠᠯ ᠢ ᠪᠦᠬᠦᠨ ᠢ ᠴᠤᠭᠯᠠᠭᠤᠯᠤᠨ ᠡᠮᠬᠢᠳᠬᠡᠵᠦ᠂ ᠴᠢᠬᠤᠯᠠ ᠶᠡᠭᠡ ᠬᠡᠷᠡᠭ ᠶᠠᠪᠤᠳᠠᠯ ᠤᠨ ᠰᠢᠢᠳᠪᠦᠷᠢᠲᠤ ᠪᠤᠳᠤᠯᠭ᠎ᠠ ᠶᠢᠨ ᠳᠠᠩᠰᠠ ᠡᠪᠬᠡᠮᠡᠯ ᠳᠤ ᠤᠷᠤᠭᠤᠯᠵᠤ᠂ ᠲᠤᠭᠲᠠᠮᠠᠯ ᠬᠤᠭᠤᠴᠠᠭ᠎ᠠ ᠲᠠᠢ ᠪᠠᠷ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠠᠯᠠᠭ᠎ᠠ ᠳᠤ ᠰᠢᠯᠵᠢᠭᠦᠯᠦᠨ ᠲᠤᠰᠢᠶᠠᠵᠤ ᠬᠠᠳᠠᠭᠠᠯᠠᠨ᠎ᠠ᠃  ᠳᠥᠷᠪᠡᠳᠦᠭᠡᠷ ᠪᠦᠯᠦᠭ   ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠤᠨ ᠰᠢᠢᠳᠪᠦᠷᠢᠲᠦ ᠪᠣᠳᠣᠯᠭ᠎ᠠ  ᠶᠢᠨ ᠪᠠᠲᠤᠯᠠᠭ᠎ᠠ ᠶᠢᠨ ᠲᠣᠭᠲᠠᠴᠠ        ᠠᠷᠪᠠᠨ ᠳᠣᠯᠣᠳᠤᠭᠠᠷ ᠵᠦᠢᠯ   ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠰᠤᠳᠤᠯᠬᠤ ᠪᠠ ᠳᠤᠭᠲᠠᠭᠠᠭᠰᠠᠨ  ︽ᠭᠤᠷᠪᠠᠨ ᠴᠢᠬᠤᠯᠠ ᠨᠢᠭᠡ ᠶᠡᠭᠡ︾ ᠶᠢᠨ  ᠵᠦᠢᠯᠡᠰ  ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠪᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ  ᠤ ᠠᠵᠢᠯ ᠤᠨ ᠬᠤᠪᠢᠶᠠᠷᠢᠯᠠᠯ ᠪᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠵᠢᠯ ᠤᠨ ᠬᠤᠪᠢᠶᠠᠷᠢᠯᠠᠯ ᠪᠠ ᠲᠤᠰᠢᠶᠠᠯ ᠬᠠᠷᠢᠭᠤᠴᠠᠯᠭ᠎ᠠ ᠰᠣᠯᠪᠢᠴᠠᠬᠤ ᠶᠠᠪᠤᠳᠠᠯ ᠲᠣᠬᠢᠶᠠᠯᠳᠤᠪᠠᠯ᠂ ᠲᠣᠭᠤᠷᠢᠭ ᠤᠨ ᠳᠠᠷᠤᠭ᠎ᠠ ᠠᠴᠠ ︵  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ︶ ᠨᠢᠭᠡ ᠤᠳᠤᠷᠢᠳᠤᠯᠭ᠎ᠠ ᠲᠦᠷᠦᠭᠦᠯᠡᠨ ᠬᠠᠷᠢᠭᠤᠴᠠᠬᠤ ᠶᠢ ᠲᠣᠳᠣᠷᠬᠠᠶᠢᠯᠠᠵᠤ᠂ ᠪᠤᠰᠤᠳ ᠤᠳᠤᠷᠢᠳᠤᠯᠭ᠎ᠠ ᠪᠦᠬᠦ ᠬᠦᠴᠦᠨ ᠢᠶᠠᠷ ᠢᠶᠠᠨ ᠳᠡᠮᠵᠢᠵᠦ ᠬᠠᠮᠵᠢᠯᠴᠠᠨ᠎ᠠ᠃      ᠠᠷᠪᠠᠨ ᠨᠠᠢᠮᠠᠳᠤᠭᠠᠷ ᠵᠦᠢᠯ   ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠭ ᠤᠨ ᠪᠦᠷᠢᠯᠳᠦᠭᠦᠨ ᠪᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ  ᠪᠦᠷᠢᠯᠳᠦᠭᠦᠨ ᠬᠠᠮᠲᠤ ᠶᠢᠨ ᠭᠠᠷᠭᠠᠭᠰᠠᠨ ᠰᠢᠢᠳᠪᠦᠷᠢᠲᠦ ᠪᠣᠳᠣᠯᠭ᠎ᠠ ᠳᠤ ᠠᠳᠠᠯᠢ ᠪᠤᠰᠤ ᠰᠠᠨᠠᠯ ᠲᠠᠢ ᠪᠣᠯ ᠰᠠᠨᠠᠯ ᠢᠶᠠᠨ ᠦᠯᠡᠳᠡᠭᠡᠵᠦ ᠪᠣᠯᠣᠨ᠎ᠠ᠂ ᠵᠣᠬᠢᠶᠠᠨ ᠪᠠᠶᠢᠭᠤᠯᠤᠯᠲᠠ ᠶᠢᠨ ᠵᠢᠷᠤᠮ ᠢᠶᠠᠷ ᠲᠣᠭᠤᠷᠢᠭ ᠤᠨ ᠨᠠᠮ ᠤᠨ ᠬᠤᠷᠢᠶ᠎ᠠ ᠪᠣᠯᠣᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠤᠰᠬᠠᠭᠰᠠᠨ ᠪᠣᠯᠪᠠᠴᠤ ᠰᠢᠨ᠎ᠡ ᠰᠢᠢᠳᠪᠦᠷᠢᠲᠦ ᠪᠣᠳᠣᠯᠭ᠎ᠠ ᠭᠠᠷᠭᠠᠬᠤ  ᠠᠴᠠ ᠡᠮᠦᠨ᠎ᠡ ᠡᠷᠬᠡᠪᠰᠢ ᠡᠷᠡᠰ ᠬᠡᠷᠡᠭᠵᠢᠭᠦᠯᠬᠦ ᠬᠡᠷᠡᠭᠲᠡᠢ᠂ ᠬᠠᠮᠲᠤ ᠶᠢᠨ ᠰᠢᠢᠳᠪᠦᠷᠢᠲᠦ ᠪᠣᠳᠣᠯᠭ᠎ᠠ  ᠯᠤᠭ᠎ᠠ ᠨᠢᠭᠡᠳᠦᠯ ᠦᠭᠡᠢ ᠰᠠᠨᠠᠯ ᠢ ᠢᠯᠡ ᠪᠠᠷ ᠨᠡᠶᠢᠲᠡᠯᠡᠵᠦ ᠪᠣᠯᠬᠤ ᠦᠭᠡᠢ᠂ ᠬᠡᠷᠡᠭᠵᠢᠭᠦᠯᠬᠦ ᠲᠠᠯ᠎ᠠ ᠪᠠᠷ ᠬᠠᠮᠲᠤ ᠶᠢᠨ ᠰᠢᠢᠳᠪᠦᠷᠢᠲᠦ ᠪᠣᠳᠣᠯᠭ᠎ᠠ  ᠶᠢᠨ ᠵᠣᠷᠢᠭ ᠰᠠᠨᠠᠭ᠎ᠠ  ᠠᠴᠠ ᠵᠥᠷᠢᠴᠡᠵᠦ ᠪᠣᠯᠬᠤ ᠦᠭᠡᠢ᠃      ᠠᠷᠪᠠ ᠶᠢᠰᠦᠳᠦᠭᠡᠷ ᠵᠦᠢᠯ   ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠢ ᠬᠠᠷᠢᠭᠤᠴᠠᠵᠤ  ᠪᠠᠶᠢᠭ᠎ᠠ ᠳᠠᠭᠠᠭᠠᠨ ᠭᠦᠢᠴᠡᠳᠬᠡᠬᠦ ᠨᠢᠭᠡᠴᠡ ᠪᠤᠶᠤ ᠬᠤᠪᠢᠳᠠᠨ ᠬᠠᠮᠢᠶᠠᠷᠴᠤ᠂  ᠬᠠᠷᠢᠯᠴᠠᠬᠤ ᠤᠳᠤᠷᠢᠳᠬᠤ ᠨᠥᠬᠦᠳ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠦᠷᠦᠭᠦᠯᠡᠨ ᠮᠥᠷᠳᠡᠨ ᠰᠢᠮᠳᠠᠭᠤᠯᠤᠨ ᠪᠠᠶᠢᠴᠠᠭᠠᠬᠤ ᠶᠢᠨ ᠬᠠᠮᠲᠤ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ  ᠲᠤᠭᠤᠷᠢᠭ` ᠤᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ ᠃ ᠬᠡᠷᠡᠭᠵᠢᠭᠦᠯᠬᠦ ᠪᠠ  ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠪᠤᠶᠤ ᠤᠳᠤᠷᠢᠳᠤᠯᠭ᠎ᠠ ᠲᠠᠢ ᠬᠠᠷᠢᠯᠴᠠᠵᠤ ᠴᠠᠭ ᠲᠤᠬᠠᠢ ᠳᠤᠨᠢ ᠬᠠᠷᠢᠭᠤ ᠮᠡᠳᠡᠭᠦᠯᠬᠦ ᠬᠡᠷᠡᠭᠲᠡᠢ᠂ ᠪᠠᠰᠠ ᠵᠠᠭᠤᠴᠢ ᠦᠨᠡᠯᠡᠨ ᠵᠢᠱᠢᠬᠦ ᠦᠢᠯᠡᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠶᠡᠷᠦᠩᠬᠡᠶᠢᠯᠡᠨ ᠦᠨᠡᠯᠡᠨ ᠵᠢᠱᠢᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ ᠰᠢᠢᠳᠪᠦᠷᠢᠲᠦ ᠪᠣᠳᠣᠯᠭ᠎ᠠ ᠶᠢ ᠦᠷᠭᠦᠯᠵᠢᠯᠡᠭᠦᠯᠬᠦ᠂ ᠲᠣᠬᠢᠷᠠᠭᠤᠯᠬᠤ ᠪᠠ ᠬᠡᠷᠡᠭᠵᠢᠭᠦᠯᠬᠦ ᠶᠢ ᠵᠣᠭᠰᠤᠭᠠᠬᠤ ᠰᠠᠨᠠᠯ ᠢᠶᠠᠨ ᠳᠤᠷᠠᠳᠴᠤ ᠪᠣᠯᠣᠨ᠎ᠠ᠃ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ᠂ ᠬᠡᠷᠪᠡ ᠰᠢᠢᠳᠪᠦᠷᠢᠲᠦ ᠪᠣᠳᠣᠯᠭ᠎ᠠ ᠶᠢᠨ ᠠᠯᠳᠠᠰᠢ ᠶᠢ ᠣᠯᠵᠤ ᠮᠡᠳᠡᠭᠡᠳ᠂ ᠨᠢᠭᠡᠨᠲᠡ ᠪᠣᠳᠠᠲᠠᠢ  ᠠᠴᠠ ᠢᠯᠡᠳᠲᠡ ᠰᠠᠯᠤᠭᠰᠠᠨ ᠪᠤᠶᠤ ᠴᠢᠨᠠᠭᠰᠢᠯᠠᠪᠠᠯ ᠰᠢᠢᠳᠪᠦᠷᠢᠲᠦ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠶᠢ ᠨᠥᠯᠥᠭᠡᠯᠡᠭᠰᠡᠨ ᠪᠠᠶᠢᠪᠠᠯ᠂ ᠴᠠᠭ ᠲᠤᠬᠠᠢ ᠳᠤᠨᠢ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ᠂ ᠲᠠᠰ ᠳᠠᠷᠠᠭᠠᠯᠠᠯ ᠶᠣᠰᠣᠭᠠᠷ ᠳᠠᠬᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠠᠨᠠᠭᠤᠯᠭ᠎ᠠ ᠳᠤᠷᠠᠳᠬᠤ ᠬᠡᠷᠡᠭᠲᠡᠢ᠃        ᠬᠤᠷᠢᠳᠤᠭᠠᠷ ᠵᠦᠢᠯ   ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠤᠨ ᠬᠠᠮᠲᠤ ᠶᠢᠨ ᠰᠢᠢᠳᠪᠦᠷᠢᠲᠦ ᠪᠣᠳᠣᠯᠭ᠎ᠠ ᠵᠢᠴᠢ ᠬᠡᠷᠡᠭᠵᠢᠭᠦᠯᠦᠭᠰᠡᠨ ᠪᠠᠶᠢᠳᠠᠯ ᠳᠤ᠂ ᠬᠠᠤᠯᠢ ᠲᠣᠭᠲᠠᠭᠠᠯ ᠶᠣᠰᠣᠭᠠᠷ ᠨᠢᠭᠤᠴᠠ ᠶᠢ ᠬᠠᠮᠠᠭᠠᠯᠠᠬᠤ ᠪᠤᠶᠤ ᠢᠯᠡ ᠪᠣᠯᠭᠠᠬᠤ ᠳᠤ ᠲᠣᠬᠢᠷᠠᠬᠤ ᠦᠭᠡᠢ ᠶᠢ ᠭᠠᠷᠭᠠᠪᠠᠯ᠂ ᠵᠣᠬᠢᠬᠤ ᠬᠡᠪᠴᠢᠶᠡᠨ ᠳᠣᠲᠣᠷ᠎ᠠ ᠢᠯᠡ ᠪᠣᠯᠭᠠᠵᠤ᠂ ᠰᠠᠨᠠᠭᠠᠴᠢᠯᠠᠭ᠎ᠠ  ᠠᠴᠠ ᠪᠠᠨ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠢ᠃        ᠬᠤᠷᠢᠨ ᠨᠢᠭᠡᠳᠦᠭᠡᠷ ᠵᠦᠢᠯ    ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ︽ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ︿ᠭᠤᠷᠪᠠᠨ ᠴᠢᠬᠤᠯᠠ ᠨᠢᠭᠡ ᠶᠡᠭᠡ﹀ ᠶᠢᠨ ᠵᠦᠢᠯᠡᠰ ᠢ ᠬᠠᠮᠲᠤ  ᠶᠢᠨ ᠰᠢᠢᠳᠪᠦᠷᠢᠲᠦ ᠪᠣᠳᠣᠯᠭ᠎ᠠ  ᠶᠢᠨ ᠳᠦᠷᠢᠮ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ︵ᠤᠷᠳᠤᠰ ᠬᠢᠶ᠎ᠠ ᠨᠠᠮ ᠠᠯᠪᠠᠨ ᠲᠠᠷᠬᠠᠭᠠᠭᠰᠠᠨ ﹇2022﹈ 12 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠠᠮᠲᠤ ᠪᠠᠷ ᠰᠢᠢᠳᠪᠦᠷᠢᠲᠦ ᠪᠣᠳᠣᠯᠭ᠎ᠠ  ᠶᠢᠨ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠢ ᠴᠠᠭ ᠲᠤᠬᠠᠢ ᠳᠤᠨᠢ  ᠲᠤᠭᠤᠷᠢᠭ ᠤᠨ ᠨᠠᠮ ᠤᠨ ᠬᠤᠷᠢᠶ᠎ᠠ ᠳᠤ ᠮᠡᠳᠡᠭᠦᠯᠬᠦ ᠶᠢᠨ ᠬᠠᠮᠲᠤ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂  ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠶᠢ ᠬᠦᠯᠢᠶᠡᠵᠦ᠂ ᠰᠠᠨᠠᠯ ᠪᠠ ᠰᠠᠨᠠᠭᠤᠯᠭ᠎ᠠ ᠶᠢ ᠰᠣᠨᠣᠰᠬᠤ ᠬᠡᠷᠡᠭᠲᠡᠢ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠬᠡᠷᠡᠭᠲᠡᠢ᠃ ᠠᠷᠠᠳ ᠤᠨ ᠵᠡᠪᠰᠡᠭᠲᠦ ᠬᠦᠴᠦᠨ ᠤ  ᠭᠡᠯᠲᠡᠰ᠂ ᠳᠡᠭᠡᠳᠦ ᠰᠤᠷᠭᠠᠭᠤᠯᠢ᠂  ᠲᠤᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ ᠪᠠᠶᠢᠭᠤᠯᠭ᠎ᠠ᠂  ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ᠂  ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠣᠯᠠᠨ ᠲᠦᠮᠡᠨ ᠤ ᠪᠦᠯᠬᠦᠮ᠂ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ᠂  ᠲᠤᠭᠤᠷᠢᠭ ᠤᠨ ᠰᠠᠭᠤᠭ᠎ᠠ ᠪᠤᠰᠤᠳ ᠨᠢᠭᠡᠴᠡ ᠵᠡᠷᠭᠡ ᠬᠤᠯᠪᠣᠭᠳᠠᠯ ᠪᠦᠬᠦᠢ ᠨᠢᠭᠡᠴᠡ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠮᠡᠳᠡᠭᠡᠯᠡᠬᠦ ᠬᠡᠷᠡᠭᠲᠡᠢ᠃ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠣᠷᠣᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ  ᠨᠦᠬᠦᠳ ᠲᠣᠰ ᠨᠢᠭᠡᠴᠡ ᠶᠢᠨ ᠢᠶᠠᠨ ᠬᠠᠮᠲᠤ ᠶᠢᠨ ᠰᠢᠢᠳᠪᠦᠷᠢᠲᠦ ᠪᠣᠳᠣᠯᠭ᠎ᠠ ᠶᠢᠨ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠤᠨ ᠪᠠᠶᠢᠳᠠᠯ ᠢᠶᠠᠨ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃        ᠬᠤᠷᠢᠨ ᠬᠤᠶᠠᠳᠤᠭᠠᠷ ᠵᠦᠢᠯ   ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠲᠤ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠪᠣᠯᠣᠨ ᠬᠢᠨᠠᠨ ᠪᠤᠳᠤᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠢ ᠬᠡᠷᠡᠭᠵᠢᠭᠦᠯᠦᠭᠰᠡᠨ ᠪᠠᠶᠢᠳᠠᠯ ᠳᠤ ᠲᠤᠰᠬᠠᠢ ᠵᠦᠢᠯ ᠤᠨ ᠪᠠᠶᠢᠴᠠᠭᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠢ  ᠵᠠᠷᠯᠠᠨ ᠮᠡᠳᠡᠭᠳᠡᠵᠦ᠂ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃      ᠬᠤᠷᠢᠨ ᠭᠤᠷᠪᠠᠳᠤᠭᠠᠷ ᠵᠦᠢᠯ   ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠢᠯᠡᠷᠡᠭᠰᠡᠨ ᠪᠠᠶᠢᠪᠠᠯ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ  ᠰᠢᠢᠳᠬᠡᠯ ᠥᠭᠬᠦ ᠳᠦᠷᠢᠮ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠲᠤᠰᠢᠶᠠᠯᠲᠠᠨ ᠤ ᠵᠠᠰᠠᠭ ᠤᠨ ᠶᠠᠪᠤᠳᠠᠯ ᠤᠨ  ᠰᠢᠢᠳᠬᠡᠯ ᠥᠭᠬᠦ ᠬᠠᠤᠯᠢ︾ ᠵᠡᠷᠭᠡ ᠬᠤᠯᠪᠣᠭᠳᠠᠯ ᠪᠦᠬᠦᠢ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠬᠠᠮᠢᠶ᠎ᠠ ᠪᠦᠬᠦᠢ ᠬᠠᠷᠢᠭᠤᠴᠠᠯᠭᠠᠲᠠᠨ  ᠠᠴᠠ ᠬᠠᠷᠢᠭᠤᠴᠠᠯᠭ᠎ᠠ ᠨᠡᠬᠡᠮᠵᠢᠯᠡᠨ᠎ᠡ᠃  ︵ᠨᠢᠭᠡ︶ ᠬᠤᠪᠢ ᠬᠥᠮᠥᠨ ᠪᠤᠶᠤ ᠴᠥᠭᠡᠨ ᠲᠣᠭᠠᠨ ᠤ ᠬᠥᠮᠥᠨ ᠬᠠᠮᠲᠤ ᠶᠢᠨ ᠰᠢᠢᠳᠪᠦᠷᠢᠲᠦ ᠪᠣᠳᠣᠯᠭ᠎ᠠ  ᠶᠢᠨ ᠵᠢᠷᠤᠮ ᠢ ᠵᠥᠷᠢᠴᠡᠵᠦ᠂ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠤᠨ ᠳᠤᠷ᠎ᠠ ᠪᠠᠷ ᠢᠶᠠᠨ ᠲᠣᠭᠲᠠᠭᠠᠭᠰᠠᠨ ᠵᠡᠷᠭᠡ ᠪᠠᠶᠢᠳᠠᠯ᠃       ︵ᠬᠤᠶᠠᠷ︶ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠢ ᠨᠠᠶᠢᠳᠠᠪᠤᠷᠢᠵᠢᠭᠤᠯᠬᠤ ᠳᠤ ᠬᠦᠨᠳᠦ ᠨᠣᠴᠢᠲᠠᠢ ᠠᠯᠳᠠᠰᠢ ᠭᠠᠷᠭᠠᠵᠤ᠂ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠤᠶᠤ ᠮᠠᠭᠤ ᠨᠥᠯᠥᠭᠡ ᠭᠠᠷᠭᠠᠭᠰᠠᠨ ᠵᠡᠷᠭᠡ ᠪᠠᠶᠢᠳᠠᠯ᠃     ︵ᠭᠤᠷᠪᠠ︶ ︽ᠭᠤᠷᠪᠠᠨ ᠴᠢᠬᠤᠯᠠ ᠨᠢᠭᠡ ᠶᠡᠭᠡ︾ ᠶᠢᠨ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠳᠤᠷ᠎ᠠ ᠪᠠᠷ ᠢᠶᠠᠨ ᠬᠤᠪᠢᠷᠠᠭᠤᠯᠤᠭᠰᠠᠨ᠂ ᠪᠤᠷᠤᠭᠤ ᠪᠠᠷ ᠬᠡᠷᠡᠭᠵᠢᠭᠦᠯᠦᠭᠰᠡᠨ ᠪᠤᠶᠤ ᠬᠡᠷᠡᠭᠵᠢᠭᠦᠯᠬᠦ ᠶᠢ ᠲᠡᠪᠴᠢᠭᠰᠡᠨ ᠵᠡᠷᠭᠡ ᠪᠠᠶᠢᠳᠠᠯ᠃     ︵ᠳᠥᠷᠪᠡ︶ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ  ᠤᠨ ᠬᠠᠮᠲᠤ ᠶᠢᠨ ᠰᠢᠢᠳᠪᠦᠷᠢᠲᠦ ᠪᠣᠳᠣᠯᠭ᠎ᠠ  ᠶᠢᠨ ᠳᠦᠷᠢᠮ ᠢ ᠵᠥᠷᠢᠴᠡᠭᠰᠡᠨ ᠪᠤᠰᠤᠳ ᠪᠠᠶᠢᠳᠠᠯ᠃        ᠳᠡᠭᠡᠷ᠎ᠡ ᠳᠤᠷᠠᠳᠤᠭᠰᠠᠨ ᠪᠠᠶᠢᠳᠠᠯ ᠭᠠᠷᠤᠭᠰᠠᠨ ᠤᠳᠤᠷᠢᠳᠬᠤ ᠺᠠᠳ᠋ᠷ ᠨᠢ ᠲᠤᠭᠤᠷᠢᠭ ᠤᠨ ᠨᠠᠮ ᠤᠨ ᠬᠤᠷᠢᠶ᠎ᠠ ᠵᠢᠴᠢ ᠨᠡᠩ ᠳᠡᠭᠡᠳᠦ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠬᠠᠮᠢᠶᠠᠷᠤᠭᠳᠠᠵᠤ ᠪᠠᠶᠢᠪᠠᠯ᠂  ᠲᠤᠭᠤᠷᠢᠭ ᠤᠨ ᠨᠠᠮ ᠤᠨ ᠬᠤᠷᠢᠶ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠰᠢᠢᠳᠪᠦᠷᠢᠯᠡᠭᠦᠯᠦᠨ᠎ᠡ᠃ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃     ᠲᠠᠪᠤᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ          ᠬᠤᠷᠢᠨ ᠳᠥᠷᠪᠡᠳᠦᠭᠡᠷ ᠵᠦᠢᠯ   ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ  ᠨᠢᠭᠡᠴᠡ     ᠲᠣᠰ ᠠᠵᠢᠯ ᠤᠨ ᠨᠠᠷᠢᠨ ᠳᠦᠷᠢᠮ ᠢᠶᠠᠷ ᠯᠠᠪᠯᠠᠯᠲᠠ ᠪᠣᠯᠭᠠᠨ ᠵᠣᠬᠢᠴᠠᠩᠭᠤᠢ ᠠᠵᠢᠯ ᠤᠨ ᠲᠣᠭᠲᠠᠴᠠ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ ᠪᠣᠯᠣᠨ᠎ᠠ᠃        ᠬᠤᠷᠢᠨ ᠲᠠᠪᠤᠳᠤᠭᠠᠷ ᠵᠦᠢᠯ   ᠲᠤᠰ ᠠᠵᠢᠯ ᠤᠨ ᠨᠠᠷᠢᠨ ᠳᠦᠷᠢᠮ ᠢ ᠣᠷᠣᠨ  ᠤ ᠠᠷᠠᠳ  ᠤᠨ ᠵᠠᠰᠠᠭ  ᠤᠨ ᠣᠷᠳᠣᠨ  ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠠᠴᠠ ᠡᠮᠦᠨ᠎ᠡ ᠨᠡᠶᠢᠲᠡᠯᠡᠭᠰᠡᠨ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠤᠨ ᠲᠤᠬᠠᠢ ᠬᠠᠮᠲᠤ  ᠶᠢᠨ ᠰᠢᠢᠳᠪᠦᠷᠢᠲᠦ ᠪᠣᠳᠣᠯᠭ᠎ᠠ  ᠶᠢᠨ ᠳᠦᠷᠢᠮ ᠤᠨ ᠲᠣᠭᠲᠠᠭᠠᠯ ᠳᠤ᠂ ᠲᠣᠰ ᠠᠵᠢᠯ ᠤᠨ ᠨᠠᠷᠢᠨ ᠳᠦᠷᠢᠮ ᠲᠠᠢ ᠨᠢᠭᠡᠳᠦᠯ ᠦᠭᠡᠢ ᠪᠠᠶᠢᠪᠠᠯ᠂ ᠲᠣᠰ ᠠᠵᠢᠯ ᠤᠨ ᠨᠠᠷᠢᠨ ᠳᠦᠷᠢᠮ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ 
ᠢᠷᠡᠯᠲᠡ᠄ ᠳᠣᠰ ᠰᠦᠯᠵᠢᠶ᠎ᠡ