ᠲᠤᠭᠤᠷᠢᠭ ᠤᠨ ᠵᠠᠰᠠᠭ ᠤᠨ ᠣᠷᠳᠣᠨ 2024 ᠣᠨ ᠤ 13 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/31
      5  ᠳ᠋ᠤᠭᠠᠷ ᠰᠠᠷ᠎ᠠ ᠶᠢᠨ 29  ᠤ ᠡᠳᠦᠷ᠂  ᠲᠤᠭᠤᠷᠢᠭ ᠤᠨ ᠵᠠᠰᠠᠭ ᠤᠨ ᠣᠷᠳᠣᠨ 2024 ᠣᠨ ᠤ 13 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠡᠷᠭᠢᠯᠡᠪᠡ᠃
微信截图_20240531114650.jpg     
          ᠬᠤᠷᠠᠯ ᠠᠴᠠ ︽ᠦᠨᠡᠨ︾ ᠰᠡᠳᠬᠦᠯ ᠤᠨ ᠨᠡᠶᠢᠲᠡᠯᠡᠭᠰᠡᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠣᠬᠢᠶᠠᠯ᠂ 《ᠥᠭᠡᠷᠡᠴᠢᠯᠡᠯᠲᠡ ᠨᠡᠭᠡᠭᠡᠯᠲᠡ  ᠶᠢ ᠪᠦᠬᠦ ᠲᠠᠯ᠎ᠠ  ᠪᠠᠷ  ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ  ᠦᠷᠭᠦᠯᠵᠢᠯᠡᠨ ᠬᠦᠴᠦᠷᠬᠡᠭ ᠶᠡᠭᠡ  ᠬᠦᠴᠦᠨ ᠢ  ᠨᠡᠮᠡᠷᠢᠯᠡᠬᠦ ᠬᠡᠷᠡᠭᠲᠠᠢ》 ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠭᠡᠷᠡᠴᠢᠯᠡᠯᠲᠡ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠰᠢᠨ᠎ᠡ ᠶᠢ ᠡᠭᠦᠳᠬᠦ ᠰᠡᠳᠬᠢᠬᠦᠢ ᠪᠠᠨ ᠳᠠᠪᠲᠠᠨ ᠪᠣᠯᠪᠠᠰᠤᠷᠠᠭᠤᠯᠵᠤ᠂  ᠰᠢᠨᠵᠢᠯᠡᠭᠡ ᠮᠡᠷᠭᠡᠵᠢᠯ ᠤᠨ ︽ᠪᠦᠰᠡᠯᠡᠯᠲᠡ  ᠶᠢ ᠰᠢᠪᠲᠤᠯᠬᠤ︾ ᠶᠢ ᠰᠠᠶᠢᠲᠤᠷ ᠠᠳᠬᠤᠵᠤ᠂ ︽ᠭᠡᠷᠡᠴᠢᠯᠡᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠮᠥᠩᠭᠦᠨ ᠭᠦᠢᠯᠭᠡᠭᠡᠨ ᠤ ᠲᠥᠪ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠣᠷᠳᠣᠰ ᠤᠨ︽ᠱᠧᠨᠵᠧᠨ ᠤ ᠨᠢᠰᠬᠦ ᠭᠠᠵᠠᠷ︾ ᠢ ᠰᠠᠶᠢᠲᠤᠷ ᠠᠰᠢᠭᠯᠠᠵᠤ᠂ ᠭᠠᠳᠠᠨ᠎ᠠ ᠠᠴᠠ ᠢᠷᠡᠭᠰᠡᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠬᠢᠶ᠎ᠠ ᠪᠠᠭᠰᠢ ᠶᠢᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠰᠢᠢᠳᠪᠦᠷᠢᠯᠡᠵᠦ᠂ ᠥᠭᠡᠷᠡᠴᠢᠯᠡᠯᠲᠡ ᠶᠢᠨ ᠠᠰᠢᠭ ᠲᠤᠰᠠ ᠶᠢ ᠤᠯᠠᠨ ᠲᠦᠮᠡᠨ ᠳᠤ ᠨᠡᠩ ᠢᠯᠡᠭᠦᠦ ᠬᠦᠷᠲᠡᠭᠡᠵᠦ᠂ ᠥᠨᠳᠥᠷ ᠲᠦᠪᠰᠢᠨ ᠪᠦᠬᠦᠢ ᠥᠭᠡᠷᠡᠴᠢᠯᠡᠯᠲᠡ ᠨᠡᠭᠡᠭᠡᠯᠲᠡ ᠪᠠᠷ ᠬᠢᠶ᠎ᠠ  ᠪᠠᠭᠰᠢ ᠶᠢᠨ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ  ᠲᠤᠭᠤᠷᠢᠭ ᠪᠣᠯᠣᠨ ᠦᠵᠡᠰᠬᠦᠯᠡᠩᠲᠦ ᠰᠠᠶᠢᠬᠠᠨ ᠳᠤᠯᠠᠭᠠᠨ ᠬᠤᠳᠠ ᠶᠢᠨ ᠵᠢᠱᠢᠶ᠎ᠡ ᠦᠵᠡᠭᠦᠯᠬᠦ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠪᠡᠶᠡᠯᠡᠭᠦᠯᠬᠦ ᠳᠤ ᠬᠦᠴᠦ ᠨᠡᠮᠡᠷᠢᠯᠡᠨ᠎ᠡ ᠭᠡᠵᠦ ᠴᠢᠬᠤᠯᠠᠴᠢᠯᠠᠪᠠ ᠃      ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢ ᠤᠯᠠᠮᠵᠢᠯᠠᠨ ᠰᠤᠷᠤᠯᠴᠠᠵᠤ᠂ ᠰᠤᠷᠤᠯᠴᠠᠯᠭ᠎ᠠ ᠪᠠᠨ ᠴᠢᠩᠭᠠᠳᠬᠠᠵᠤ᠂ ᠰᠢᠨ᠎ᠡ ᠬᠠᠤᠯᠢ ᠳᠤ ᠵᠠᠰᠠᠪᠤᠷᠢ ᠣᠷᠣᠭᠤᠯᠬᠤ ᠳᠤ ᠨᠡᠮᠡᠭᠰᠡᠨ ᠰᠢᠨ᠎ᠡ ᠲᠣᠭᠲᠠᠭᠠᠯ ᠢ ᠪᠦᠬᠦ ᠲᠠᠯ᠎ᠠ ᠪᠠᠷ ᠡᠵᠡᠮᠰᠢᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠠᠤᠯᠢ ᠲᠣᠭᠲᠠᠭᠠᠯ ᠪᠣᠯᠣᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠠᠷᠢᠨ ᠬᠢᠨᠠᠮᠠᠭᠠᠢ ᠡᠮᠬᠢᠯᠡᠵᠦ᠂ ᠲᠦᠷᠦ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠤᠨ ᠲᠠᠶᠢᠯᠪᠤᠷᠢᠯᠠᠵᠤ᠂ ᠲᠤᠰ ᠪᠡᠶ᠎ᠡ ᠶᠢᠨ ᠬᠠᠤᠯᠢ ᠪᠠᠷ ᠵᠠᠰᠠᠬᠤ ᠤᠬᠠᠮᠰᠠᠷ ᠪᠣᠯᠣᠨ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠬᠠᠤᠯᠢ ᠶᠢᠨ ᠨᠡᠶᠢᠭᠡᠮ ᠤᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠪᠣᠯᠣᠨ ᠡᠷᠬᠡ ᠰᠦᠷᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠬᠡᠦᠬᠡᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠬᠠᠮᠢᠶ᠎ᠠ ᠪᠦᠬᠦᠢ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠭᠦᠢᠴᠡᠳ ᠲᠠᠨᠢᠵᠤ᠂ ᠡᠮᠡᠭᠲᠡᠶᠢᠴᠦᠳ ᠲᠤ ᠴᠢᠨᠠᠷ ᠰᠠᠶᠢᠲᠠᠢ ᠬᠥᠭᠵᠢᠯᠲᠡ ᠶᠢᠨ ᠣᠷᠴᠢᠨ ᠲᠣᠭᠤᠷᠢᠨ ᠢ ᠬᠠᠩᠭᠠᠵᠤ᠂ ᠡᠮᠡᠭᠲᠡᠶᠢᠴᠦᠳ ᠢ ᠬᠥᠲᠥᠯᠥᠨ ᠳᠠᠭᠠᠭᠤᠯᠵᠤ ᠪᠠᠶᠢᠭᠠᠳ ᠬᠢᠶ᠎ᠠ ᠪᠠᠭᠰᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠡᠷᠳᠡᠮ ᠴᠢᠳᠠᠪᠤᠷᠢ ᠶᠢ  ᠨᠢ ᠶᠡᠭᠡ ᠪᠠᠷ ᠪᠠᠳᠠᠷᠠᠭᠤᠯᠵᠤ᠂ ᠬᠡᠦᠬᠡᠳ ᠤᠨ ᠰᠤᠷᠭᠠᠭᠤᠯᠢ ᠶᠢᠨ ᠬᠦᠷᠢᠶᠡᠨ ᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠰᠡᠳᠬᠢᠴᠡ ᠶᠢᠨ ᠦᠢᠯᠡᠴᠢᠯᠡᠭᠡ᠂ ᠠᠮᠤᠷ ᠲᠦᠪᠰᠢᠨ ᠤ ᠪᠠᠲᠤᠯᠠᠪᠤᠷᠢ ᠶᠢᠨ  ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠯᠲᠠ ᠪᠠ ᠠᠰᠠᠷᠠᠮᠵᠢ ᠶᠢᠨ ᠪᠠᠲᠤᠯᠠᠪᠤᠷᠢ ᠶᠢᠨ ᠳᠦᠷᠢᠮ ᠢ ᠪᠦᠷᠢᠨᠰᠢᠭᠦᠯᠵᠦ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠨᠡᠩ ᠴᠢᠩᠭ᠎ᠠ ᠪᠠᠲᠤᠯᠠᠨ ᠬᠠᠮᠠᠭᠠᠯᠠᠵᠤ᠂ ᠤᠯᠤᠰ ᠤᠨ ᠬᠡᠦᠬᠡᠳ ᠤᠨ ᠨᠥᠬᠦᠷᠰᠡᠭ ᠬᠤᠳᠠ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠤᠨ᠎ᠠ᠃      ᠬᠤᠷᠠᠯ ᠠᠴᠠ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢᠨ ᠤᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠶᠡᠷᠦᠩᠬᠡᠶᠢᠯᠡᠭᠰᠡᠨ ᠴᠣᠭᠴᠠ ᠶᠢᠨ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ︽ᠨᠠᠮ ᠵᠠᠰᠠᠭ ᠢᠵᠢᠯ ᠬᠠᠷᠢᠭᠤᠴᠠᠯᠭ᠎ᠠ  ᠡᠭᠦᠷᠭᠡᠯᠡᠬᠦ᠂ ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠣᠰᠣᠭᠠᠷ᠂ ᠲᠣᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠯᠴᠠᠨ ᠬᠠᠮᠵᠢᠯᠴᠠᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠡᠮᠬᠢ ᠳᠠᠷᠠᠭᠠᠯᠠᠯ ᠲᠠᠢ ᠴᠠᠭ ᠲᠤᠨᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ︽ᠪᠠᠶᠢᠷᠢᠯᠠᠭᠤᠯᠤᠯᠲᠠ ᠲᠠᠢ᠂ ᠡᠭᠦᠷᠭᠡ ᠲᠠᠢ᠂ ᠪᠠᠶᠢᠴᠠᠭᠠᠯᠲᠠ ᠲᠠᠢ᠂ ᠦᠷ᠎ᠡ ᠪᠦᠲᠦᠮᠵᠢ ᠶᠢ ᠠᠰᠠᠭᠤᠬᠤ︾ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠪᠢᠲᠡᠭᠦᠦ ᠲᠣᠭᠲᠠᠴᠠ ᠶᠢ ᠪᠣᠶ ᠪᠣᠯᠭᠠᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠮᠤᠷ ᠲᠦᠪᠰᠢᠨ ᠤ ᠬᠡᠮ ᠰᠣᠭᠤᠭ ᠢ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠵᠤ᠂ ᠬᠢᠶ᠎ᠠ ᠪᠠᠭᠰᠢ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠨᠠᠷ ᠰᠠᠶᠢᠲᠠᠢ ᠠᠮᠤᠷ ᠲᠦᠪᠰᠢᠨ ᠬᠥᠭᠵᠢᠯᠲᠡ ᠶᠢᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃      ᠬᠤᠷᠠᠯ ᠠᠴᠠ ᠪᠠᠰᠠ ᠤᠯᠤᠰ ᠤᠨ ᠦᠨᠳᠦᠰᠦᠨ ᠴᠠᠭ ᠠᠭᠤᠷ ᠤᠨ ᠦᠷᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠵᠦᠢᠯᠡᠰ ᠢ ᠰᠤᠳᠤᠯᠵᠠᠢ᠃ 
ᠢᠷᠡᠯᠲᠡ᠄ ᠳᠣᠰ ᠰᠦᠯᠵᠢᠶ᠎ᠡ