ᠭᠢᠶ᠎ᠠ ᠪᠠᠭᠰᠢ ᠲᠣᠭᠤᠷᠢᠭ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ ᠪᠤᠢ
ᠨᠡᠶᠢᠲᠡᠯᠡᠭᠰᠡᠨ ᠴᠠᠭ᠄
2024/5/8
        ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠲᠥᠯᠥᠭᠡ᠂ ᠣᠶᠢᠷ᠎ᠠ ᠳᠤ ᠭᠢᠶ᠎ᠠ ᠪᠠᠭᠰᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠢ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠭᠰᠢ ᠰᠤᠷᠤᠬᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠠᠭᠠᠯᠠᠵᠤ ᠪᠠᠶᠢᠨ᠎ᠠ᠃        ᠲᠣᠰ ᠤᠳᠠᠭᠠᠨ ᠤ ᠲᠤᠰᠬᠠᠢ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠭᠤᠣᠯᠳᠠᠯᠭ᠎ᠠ ᠲᠠᠢ ᠡᠲᠡᠭᠡᠳ ᠪᠣᠯ ᠬᠠᠷᠢᠶ᠎ᠠ ᠣᠷᠣᠨ ᠤ ᠳᠤᠮᠳᠠᠳᠤ᠂ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ ᠵᠢᠴᠢ ᠰᠤᠷᠭᠠᠭᠤᠯᠢ ᠶᠢᠨ ᠬᠦᠷᠢᠶᠡᠨ ᠤ ᠣᠶᠢᠷ᠎ᠠ ᠬᠠᠪᠢ ᠶᠢᠨ ᠢᠳᠡᠭᠡᠨ ᠤ ᠡᠵᠡᠩᠨᠡᠯᠲᠡ ᠶᠢᠨ ᠨᠢᠭᠡᠴᠢ ᠪᠣᠯᠣᠨ᠎ᠠ᠂ ᠭᠤᠣᠯᠳᠠᠯᠭ᠎ᠠ ᠲᠠᠢ ᠰᠤᠭᠤᠴᠢᠨ ᠪᠠᠶᠢᠴᠠᠭᠠᠬᠤ ᠲᠥᠷᠥᠯ ᠵᠦᠢᠯ ᠨᠢ ᠠᠮᠤ ᠪᠤᠳᠠᠭᠠᠨ ᠤ ᠡᠳ᠋ᠰᠢᠭᠦᠯᠦᠭᠰᠡᠨ ᠪᠦᠲᠦᠭᠡᠭᠳᠡᠬᠦᠨ᠂ ᠲᠠᠷᠢᠶᠠᠯᠠᠩ ᠤᠨ ᠪᠦᠲᠦᠭᠡᠭᠳᠡᠬᠦᠨ᠂ ᠴᠠᠭᠠᠨ ᠢᠳᠡᠭᠡᠨ᠂ ᠢᠳᠡᠭᠡᠨ ᠤᠮᠳᠠᠭᠠᠨ ᠤ ᠬᠡᠷᠡᠭᠰᠡᠯ᠂ ᠢᠳᠡᠭᠡᠨ ᠤ ᠲᠣᠰᠣ᠂ ᠲᠣᠰᠣ ᠵᠢᠴᠢ ᠲᠡᠭᠦᠨ ᠤ ᠪᠦᠲᠦᠭᠡᠭᠳᠡᠬᠦᠨ ᠵᠡᠷᠭᠡ ᠪᠣᠯᠣᠨ᠎ᠠ᠂ ᠭᠤᠣᠯᠳᠠᠯᠭ᠎ᠠ ᠲᠠᠢ ᠰᠢᠯᠭᠠᠨ ᠪᠠᠶᠢᠴᠠᠭᠠᠬᠤ ᠲᠥᠷᠥᠯ ᠵᠦᠢᠯ ᠨᠢ ᠲᠠᠷᠢᠶᠠᠨ ᠡᠮ ᠤᠨ ᠦᠯᠡᠳᠡᠭᠳᠡᠯ᠂ ᠢᠳᠡᠭᠡᠨ ᠤ ᠨᠡᠮᠡᠯᠲᠡ ᠡᠳ᠋᠂ ᠬᠦᠨᠳᠦ ᠲᠡᠮᠦᠷᠯᠢᠭ᠂ ᠪᠦᠳᠦᠭᠦᠨ ᠭᠡᠳᠡᠰᠦᠨ ᠤ ᠰᠠᠪᠬᠠᠨᠴᠢᠷ ᠪᠠᠺᠲ᠋ᠧᠷᠢ ᠪᠣᠯᠣᠨ ᠪᠢᠯᠢᠭ ᠢᠶᠤᠨ ᠤ ᠨᠡᠶᠢᠯᠡᠮᠡᠯ ᠤᠬᠢᠶᠠᠭᠴᠢ ᠡᠳ᠋ ᠵᠡᠷᠭᠡ ᠪᠣᠯᠣᠨ᠎ᠠ᠃        ᠲᠣᠰ ᠤᠳᠠᠭᠠᠨ ᠤ ᠲᠤᠰᠬᠠᠢ ᠰᠤᠭᠤᠴᠢᠨ ᠪᠠᠶᠢᠴᠠᠭᠠᠯᠲᠠ ᠶᠢ ︽ᠤᠯᠤᠰ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠯᠲᠠ ᠶᠢ ᠬᠡᠷᠡᠭᠵᠢᠭᠦᠯᠬᠦ ᠨᠠᠷᠢᠨ ᠳᠦᠷᠢᠮ︾ ᠤᠨ ᠪᠠᠷᠢᠮᠵᠢᠶ᠎ᠠ ᠪᠠᠷ ᠴᠢᠩᠭ᠎ᠠ ᠬᠡᠷᠡᠭᠵᠢᠭᠦᠯᠦᠨ᠂ ᠣᠳᠣᠬᠠᠨ ᠪᠤᠯᠲᠠᠯ᠎ᠠ ᠭᠢᠶ᠎ᠠ ᠪᠠᠭᠰᠢ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭ᠂ ᠵᠢᠷᠭᠤᠳᠤᠭᠠᠷ ᠪᠠᠭ᠎ᠠ ᠰᠤᠷᠭᠠᠭᠤᠯᠢ ᠵᠡᠷᠭᠡ 5 ᠰᠤᠷᠭᠠᠭᠤᠯᠢ ᠠᠴᠠ 37 ᠤᠳᠠᠭ᠎ᠠ ᠥᠯᠢᠭᠡᠷ ᠶᠠᠩᠵᠤ ᠠᠪᠴᠤ᠂ ᠰᠤᠷᠭᠠᠭᠤᠯᠢ ᠶᠢᠨ ᠬᠦᠷᠢᠶᠡᠨ ᠤ ᠣᠶᠢᠷ᠎ᠠ ᠬᠠᠪᠢ ᠶᠢᠨ ᠢᠳᠡᠭᠡᠨ ᠤ ᠡᠵᠡᠩᠨᠡᠯᠲᠡ ᠶᠢᠨ ᠨᠢᠭᠡᠴᠢ ᠶᠢᠨ ᠤᠷᠢᠳᠴᠢᠯᠠᠨ ᠪᠣᠭᠤᠳᠠᠯᠯᠠᠭᠰᠠᠨ ᠢᠳᠡᠭᠡᠨ ᠤ ᠵᠦᠢᠯ ᠢ 53 ᠤᠳᠠᠭ᠎ᠠ᠂ ᠲᠠᠷᠢᠶᠠᠯᠠᠩ ᠤᠨ ᠪᠦᠲᠦᠭᠡᠭᠳᠡᠬᠦᠨ ᠢ 17 ᠤᠳᠠᠭ᠎ᠠ᠂ ᠨᠡᠶᠢᠲᠡ 107 ᠤᠳᠠᠭ᠎ᠠ ᠥᠯᠢᠭᠡᠷ ᠶᠠᠩᠵᠤ ᠠᠪᠴᠤ᠂ ᠣᠲᠣ ᠶᠠᠭ ᠰᠢᠯᠭᠠᠨ ᠪᠠᠶᠢᠴᠠᠭᠠᠵᠤ ᠪᠠᠶᠢᠨ᠎ᠠ᠃ ᠰᠢᠯᠭᠠᠨ ᠪᠠᠶᠢᠴᠠᠭᠠᠵᠤ ᠭᠠᠷᠭᠠᠭᠰᠠᠨ ᠬᠢᠷᠢ ᠲᠡᠩᠴᠡᠬᠦ ᠦᠭᠡᠢ ᠢᠳᠡᠭᠡᠨ ᠢ ᠭᠢᠶ᠎ᠠ ᠪᠠᠭᠰᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠬᠢᠨᠠᠨ ᠪᠠᠶᠢᠴᠠᠭᠠᠵᠤ ᠰᠢᠢᠳᠪᠦᠷᠢᠯᠡᠨ᠂ ᠠᠶᠤᠯ ᠲᠦᠭᠰᠢᠭᠦᠷᠢ ᠶᠢ ᠡᠵᠡᠮᠳᠡᠬᠦ ᠶᠢ ᠪᠣᠳᠠᠲᠠᠶᠢᠵᠢᠭᠤᠯᠬᠤ᠂ ᠰᠢᠯᠲᠠᠭᠠᠨ ᠢ ᠪᠠᠶᠢᠴᠠᠭᠠᠬᠤ  ᠶᠢ ᠪᠣᠳᠠᠲᠠᠶᠢᠵᠢᠭᠤᠯᠬᠤ᠂ ᠬᠠᠯᠠᠨ ᠰᠠᠶᠢᠵᠢᠷᠠᠭᠤᠯᠬᠤ ᠪᠠ ᠳᠠᠭᠢᠨ ᠪᠠᠶᠢᠴᠠᠭᠠᠬᠤ ᠶᠢ ᠪᠣᠳᠠᠲᠠᠶᠢᠵᠢᠭᠤᠯᠬᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢ ᠪᠣᠳᠠᠲᠠᠶᠢᠵᠢᠭᠤᠯᠬᠤ᠂ ᠮᠡᠳᠡᠭᠡ ᠵᠠᠩᠭᠢ ᠶᠢ ᠢᠯᠡ ᠪᠤᠯᠭᠠᠬᠤ ᠶᠢ ᠪᠣᠳᠠᠲᠠᠶᠢᠵᠢᠭᠤᠯᠬᠤ ᠶᠢ ᠪᠡᠶᠡᠯᠡᠭᠦᠯᠦᠨ᠎ᠡ᠃         ᠲᠠᠷᠠᠭᠠᠴᠢ ᠶᠢᠨ ᠠᠯᠬᠤᠮ ᠳᠤ᠂ ᠭᠢᠶ᠎ᠠ ᠪᠠᠭᠰᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠴᠠᠭ ᠲᠤᠬᠠᠢ ᠳᠤᠨᠢ ᠵᠠᠷᠯᠠᠨ ᠨᠡᠶᠢᠲᠡᠯᠡᠵᠦ᠂ ᠰᠤᠭᠤᠴᠢᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠴᠠᠭ ᠲᠤᠬᠠᠢ ᠳᠤᠨᠢ ᠵᠠᠷᠯᠠᠨ ᠮᠡᠳᠡᠭᠳᠡᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠤᠭᠤᠴᠢᠨ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠨ᠂ ᠡᠯ᠎ᠡ ᠰᠤᠷᠭᠠᠭᠤᠯᠢ ᠶᠢ ᠱᠠᠯᠠᠪᠳᠠᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠂ ᠪᠠᠭᠰᠢ ᠰᠤᠷᠤᠬᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃ 
ᠢᠷᠡᠯᠲᠡ᠄ ᠲᠣᠰ ᠰᠥᠯᠵᠢᠶ᠎ᠡ