ᠤᠳᠤᠷᠢᠳᠬᠤ ᠪᠠᠭ ᠤᠨ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠲᠤᠬᠠᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/5/8
ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ  ᠤᠨ ᠰᠢᠭᠤᠳ  ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ  ᠡᠭᠴᠡ  ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠰᠤᠳᠤᠯᠬᠤ ᠪᠠᠷ ᠳᠡᠮᠵᠢᠨ᠂ ᠡᠳᠦᠭᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯ ᠳᠤ ᠳᠣᠣᠷᠠᠬᠢ ᠮᠡᠲᠦ ᠲᠣᠬᠢᠷᠠᠭᠤᠯᠤᠯᠲᠠ ᠬᠢᠪᠡ᠄       ᠬᠠᠨ ᠫᠧᠩ ᠹᠧᠢ    ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠃     ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢ  ᠬᠠᠮᠵᠢᠨ  ᠲᠤᠭᠤᠷᠢᠭ ᠤᠨ ᠵᠠᠰᠠᠭ ᠤᠨ ᠣᠷᠳᠣᠨ ᠤ ᠡᠳᠦᠷ ᠲᠤᠲᠤᠮ ᠤᠨ ᠬᠡᠷᠡᠭ ᠶᠠᠪᠤᠳᠠᠯ ᠢ  ᠰᠢᠢᠳᠪᠦᠷᠢᠯᠡᠵᠦ᠂ ᠵᠠᠰᠠᠭ ᠤᠨ ᠣᠷᠳᠣᠨ ᠤ ᠠᠯᠪᠠᠨ ᠭᠡᠷ ᠵᠢᠴᠢ ᠨᠠᠮ ᠤᠨ ᠤᠳᠤᠷᠢᠳᠬᠤ ᠳᠤᠭᠤᠶᠢᠯᠠᠩ ᠤᠨ ᠪᠥᠬᠦ  ᠲᠠᠯ᠎ᠠ ᠶᠢᠨ ᠠᠵᠢᠯ ᠢ ᠡᠷᠬᠢᠯᠡᠨ᠎ᠡ᠃      ᠷᠧᠨ ᠯᠢ ᠰᠢᠶᠠ    ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠃      ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠢᠭᠤᠯᠤᠯᠭ᠎ᠠ ᠶᠢᠨ ᠨᠠᠮ ᠤᠨ ᠰᠤᠷᠲᠠᠯ ᠴᠢᠬᠡᠴᠢ  ᠵᠠᠰᠠᠭ  ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠬᠤ ᠶᠢ ᠰᠢᠪᠠᠳᠠᠨ ᠪᠠᠶᠢᠴᠠᠭᠠᠵᠤ᠂ ᠨᠠᠮ ᠤᠨ ᠰᠤᠷᠲᠠᠯ ᠴᠢᠬᠡᠴᠢ  ᠵᠠᠰᠠᠭ  ᠤᠨ ᠪᠠᠶᠢᠭᠤᠯᠤᠯᠲᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ  ᠭᠦᠢᠴᠡᠳᠬᠡᠨ᠎ᠡ᠃      ᠵᠣᠣ ᠷᠦᠩ      ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠳᠡᠳ᠋ ᠡᠷᠬᠢᠯᠡᠭᠴᠢ᠃      ᠡᠷᠬᠢᠯᠡᠭᠴᠢ ᠶᠢ ᠬᠠᠪᠰᠤᠷᠤᠨ ᠬᠤᠤ ᠵᠢᠢ ᠵᠦᠩ ᠳᠡᠳ᠋ ᠲᠣᠭᠤᠷᠢᠭ ᠤᠨ ᠳᠠᠷᠤᠭ᠎ᠠ᠂ ᠳᠡᠳ᠋ ᠲᠣᠭᠤᠷᠢᠭ ᠤᠨ ᠳᠠᠷᠤᠭ᠎ᠠ ᠯᠢᠦ ᠭᠠᠩ ᠬᠤᠪᠢᠳᠠᠨ ᠬᠠᠮᠢᠶᠠᠷᠬᠤ  ᠰᠠᠯᠠᠭᠠᠨ ᠤ ᠡᠳᠦᠷ ᠳᠤᠳᠤᠮ ᠤᠨ ᠬᠡᠷᠡᠭ ᠶᠠᠪᠤᠳᠠᠯ ᠵᠢᠴᠢ ᠵᠣᠬᠢᠴᠠᠭᠤᠯᠤᠨ ᠬᠠᠷᠢᠯᠴᠠᠬᠤ ᠠᠵᠢᠯ ᠢ ᠬᠠᠷᠢᠭᠤᠴᠠᠨ᠎ᠠ᠃ ᠡᠷᠬᠢᠯᠡᠭᠴᠢ ᠶᠢ ᠬᠠᠪᠰᠤᠷᠤᠨ ᠠᠯᠪᠠᠨ ᠭᠡᠷ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠠᠵᠢᠯᠴᠢᠨ ᠤ ᠡᠪᠯᠡᠯ ᠵᠠᠯᠠᠭᠤᠴᠤᠳ ᠤᠨ ᠡᠪᠯᠡᠯ ᠡᠮᠡᠭᠲᠡᠶᠢᠴᠦᠳ ᠤᠨ ᠡᠪᠯᠡᠯ ᠵᠡᠷᠭᠡ  ᠠᠵᠢᠯ ᠢ ᠬᠠᠷᠢᠭᠤᠴᠠᠨ᠎ᠠ ᠃ ᠵᠠᠰᠠᠭ ᠤᠨ ᠶᠠᠪᠤᠳᠠᠯ ᠤᠨ  ᠭᠤᠷᠪᠠᠳᠤᠭᠠᠷ ᠳᠤᠭᠤᠶᠢᠯᠠᠩ᠂ ᠥᠭᠡᠷᠡᠴᠢᠯᠡᠯᠲᠡ ᠪᠠ ᠬᠢᠨᠠᠨ ᠰᠢᠯᠭᠠᠬᠤ ᠳᠤᠭᠤᠶᠢᠯᠠᠩ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠳᠤᠭᠤᠶᠢᠯᠠᠩ ᠢ ᠬᠤᠪᠢᠳᠠᠨ ᠬᠠᠮᠢᠶᠠᠷᠤᠨ᠎ᠠ᠃       ᠵᠠᠩ ᠶᠤᠸᠠᠢ ᠴᠧᠩ     ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋  ᠡᠷᠬᠢᠯᠡᠭᠴᠢ᠃     ᠡᠷᠬᠢᠯᠡᠭᠴᠢ ᠶᠢ ᠬᠠᠪᠰᠤᠷᠤᠨ ᠳᠡᠳ᠋ ᠲᠣᠭᠤᠷᠢᠭ ᠤᠨ ᠳᠠᠷᠤᠭ᠎ᠠ  ᠳ᠋ᠦ᠋ ᠵᠢᠶᠠ ᠪᠢᠨ  ᠤ ᠬᠤᠪᠢᠳᠠᠨ ᠬᠠᠮᠢᠶᠠᠷᠬᠤ  ᠰᠠᠯᠠᠭ᠎ᠠ ᠶᠢᠨ ᠡᠳᠦᠷ ᠲᠤᠲᠤᠮ ᠤᠨ ᠬᠡᠷᠡᠭ ᠶᠠᠪᠤᠳᠠᠯ ᠵᠢᠴᠢ ᠵᠣᠬᠢᠴᠠᠭᠤᠯᠤᠨ ᠬᠠᠷᠢᠯᠴᠠᠬᠤ ᠠᠵᠢᠯ ᠢ ᠬᠠᠷᠢᠭᠤᠴᠠᠨ᠎ᠠ᠃ ᠡᠷᠬᠢᠯᠡᠭᠴᠢ ᠶᠢ ᠬᠠᠪᠰᠤᠷᠤᠨ ᠠᠯᠪᠠᠨ ᠭᠡᠷ ᠤᠨ ᠴᠠᠬᠢᠯᠭᠠᠨ ᠮᠡᠳᠡᠭᠡ ᠬᠤᠷᠠᠯ ᠂ ᠨᠢᠭᠤᠴᠠ ᠶᠢ  ᠬᠠᠮᠠᠭᠠᠯᠠᠬᠤ ᠶᠢ ᠬᠠᠷᠢᠭᠤᠴᠠᠨ᠎ᠠ ︵ᠤᠯᠤᠰ ᠤᠨ ᠠᠮᠤᠷ ᠲᠦᠪᠰᠢᠨ︶᠃ ᠵᠠᠰᠠᠭ ᠤᠨ ᠶᠠᠪᠤᠳᠠᠯ ᠤᠨ ᠲᠠᠪᠤᠳᠤᠭᠠᠷ ᠳᠤᠭᠤᠶᠢᠯᠠᠩ᠂ ᠴᠠᠬᠢᠯᠭᠠᠨ ᠮᠡᠳᠡᠭᠡ  ᠬᠤᠷᠠᠯ ᠤᠨ ᠳᠤᠭᠤᠶᠢᠯᠠᠩ ᠢ ᠬᠤᠪᠢᠳᠠᠨ ᠬᠠᠮᠢᠶᠠᠷᠤᠨ᠎ᠠ᠃       ᠬᠤᠸᠠᠩ ᠳ᠋ᠠ ᠸᠧᠢ   ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ᠃      ᠡᠷᠬᠢᠯᠡᠭᠴᠢ ᠶᠢ ᠬᠠᠪᠰᠤᠷᠤᠨ ᠳᠡᠳ᠋ ᠲᠣᠭᠤᠷᠢᠭ ᠤᠨ ᠳᠠᠷᠤᠭ᠎ᠠ ᠸᠠᠩ ᠷᠦᠢ ᠰᠢᠶᠠᠩ᠂ ᠯᠢ ᠰᠢᠤᠸᠠᠢ ᠹᠧᠩ ᠪᠠᠶᠢᠴᠠᠭᠠᠨ ᠰᠤᠳᠤᠯᠤᠭᠴᠢ ᠶᠢᠨ ᠬᠤᠪᠢᠳᠠᠨ ᠬᠠᠮᠢᠶᠠᠷᠬᠤ  ᠰᠠᠯᠠᠭᠠᠨ ᠤ ᠡᠳᠦᠷ ᠲᠤᠲᠤᠮ ᠤᠨ ᠬᠡᠷᠡᠭ ᠶᠠᠪᠤᠳᠠᠯ ᠵᠢᠴᠢ ᠵᠣᠬᠢᠴᠠᠭᠤᠯᠤᠨ ᠬᠠᠷᠢᠯᠴᠠᠬᠤ ᠠᠵᠢᠯ ᠢ ᠬᠠᠷᠢᠭᠤᠴᠠᠨ᠎ᠠ᠃ ᠡᠷᠬᠢᠯᠡᠭᠴᠢ ᠶᠢ ᠬᠠᠪᠰᠤᠷᠤᠨ ᠠᠯᠪᠠᠨ ᠭᠡᠷ ᠤᠨ ᠭᠠᠳᠠᠭᠠᠳᠤ ᠶᠠᠪᠤᠳᠠᠯ᠂ ᠡᠳ᠋ ᠤᠨ ᠶᠠᠪᠤᠳᠠᠯ᠂ ᠬᠤᠳᠠᠯᠳᠤᠨ ᠠᠪᠬᠤ᠂ ᠣᠷᠴᠢᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠳᠥᠷᠪᠡᠳᠦᠭᠡᠷ ᠳᠤᠭᠤᠶᠢᠯᠠᠩ᠂ ᠭᠠᠳᠠᠭᠠᠳᠤ ᠶᠠᠪᠤᠳᠠᠯ ᠤᠨ ᠳᠤᠭᠤᠶᠢᠯᠠᠩ᠂ ᠣᠷᠴᠢᠭᠤᠯᠭ᠎ᠠ ᠶᠢᠨ ᠳᠤᠭᠤᠶᠢᠯᠠᠩ ᠢ ᠬᠤᠪᠢᠳᠠᠨ ᠬᠠᠮᠢᠶᠠᠷᠤᠨ᠎ᠠ᠃       ᠸᠠᠩ ᠢᠦᠢ     ᠲᠣᠭᠤᠷᠢᠭ ᠤᠨ ᠬᠥᠭᠵᠢᠯᠲᠡ ᠶᠢᠨ ᠰᠤᠳᠤᠯᠭᠠᠨ ᠤ ᠲᠥᠪ ᠤᠨ  ᠳᠡᠳ᠋ ᠡᠷᠬᠢᠯᠡᠭᠴᠢ᠃      ᠪᠦᠬᠦ  ᠲᠤᠭᠤᠷᠢᠭ ᠤᠨ ᠠᠵᠤ ᠠᠬᠤᠢ ᠨᠡᠶᠢᠭᠡᠮ  ᠤᠨ ᠬᠥᠭᠵᠢᠯᠲᠡ ᠶᠢᠨ ᠴᠢᠬᠤᠯᠠ ᠶᠡᠭᠡ ᠲᠥᠯᠦᠪᠵᠢᠭᠦᠯᠭᠡ᠂ ᠴᠢᠬᠤᠯᠠ ᠳᠦᠷᠢᠮ᠂ ᠭᠤᠣᠯ ᠪᠣᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠪᠢᠴᠢᠬᠦ ᠠᠵᠢᠯ  ᠢ ᠬᠠᠷᠢᠭᠤᠴᠠᠨ᠎ᠠ᠃ ᠡᠷᠬᠢᠯᠡᠭᠴᠢ ᠶᠢ ᠬᠠᠪᠰᠤᠷᠤᠨ  ᠳᠡᠳ᠋ ᠲᠣᠭᠤᠷᠢᠭ ᠤᠨ ᠳᠠᠷᠤᠭ᠎ᠠ ᠶᠠᠩ ᠴᠠᠩ ᠴᠢᠩ᠂  ᠳᠡᠳ᠋ ᠲᠣᠭᠤᠷᠢᠭ ᠤᠨ ᠳᠠᠷᠤᠭ᠎ᠠ ᠶᠠᠨ ᠵᠧ ᠂ ᠯᠢᠦ  ᠱᠤ᠋ ᠴᠢᠤᠸᠠᠨ ᠪᠠᠶᠢᠴᠠᠭᠠᠨ ᠰᠤᠳᠤᠯᠤᠭᠴᠢ ᠶᠢᠨ ᠬᠤᠪᠢᠳᠠᠨ ᠬᠠᠮᠢᠶᠠᠷᠬᠤ  ᠰᠠᠯᠠᠭᠠᠨ ᠤ ᠡᠳᠦᠷ ᠲᠤᠳᠤᠮ ᠤᠨ ᠬᠡᠷᠡᠭ ᠶᠠᠪᠤᠳᠠᠯ ᠵᠢᠴᠢ ᠵᠣᠬᠢᠴᠠᠭᠤᠯᠤᠨ ᠬᠠᠷᠢᠯᠴᠠᠬᠤ ᠠᠵᠢᠯ ᠢ ᠬᠠᠷᠢᠭᠤᠴᠠᠨ᠎ᠠ᠃ ᠡᠷᠬᠢᠯᠡᠭᠴᠢ ᠶᠢ ᠬᠠᠪᠰᠤᠷᠤᠨ ᠠᠯᠪᠠᠨ ᠭᠡᠷ ᠤᠨ ᠵᠢᠵᠢᠭᠦᠷᠯᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂  ᠢᠯᠡ ᠵᠠᠰᠠᠭ ᠂  ᠠᠶᠤᠯᠭᠦᠢ  ᠦᠢᠯᠡᠳᠪᠦᠷᠢᠯᠡᠯ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠠᠵᠢᠯ ᠢ ᠬᠠᠷᠢᠭᠤᠴᠠᠨ᠎ᠠ᠃ ᠡᠷᠬᠢᠯᠡᠭᠴᠢ ᠶᠢ ᠬᠠᠪᠰᠤᠷᠤᠨ ᠵᠠᠰᠠᠭ ᠤᠨ ᠶᠠᠪᠤᠳᠠᠯ ᠤᠨ ᠨᠢᠭᠡᠳᠦᠭᠡᠷ ᠳᠤᠭᠤᠶᠢᠯᠠᠩ᠂ ᠵᠠᠰᠠᠭ ᠤᠨ ᠶᠠᠪᠤᠳᠠᠯ ᠤᠨ ᠳᠣᠯᠣᠳᠤᠭᠠᠷ ᠳᠤᠭᠤᠶᠢᠯᠠᠩ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ᠂ ᠵᠢᠵᠢᠭᠦᠷᠯᠡᠬᠦ ᠳᠤᠭᠤᠶᠢᠯᠠᠩ ᠢ ᠬᠤᠪᠢᠳᠠᠨ ᠬᠠᠮᠢᠶᠠᠷᠤᠨ᠎ᠠ᠃       ᠵᠠᠩ ᠸᠧᠢ ᠬᠠᠩ     ᠲᠣᠭᠤᠷᠢᠭ ᠤᠨ ᠬᠥᠭᠵᠢᠯᠲᠡ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ᠃       ᠪᠦᠬᠦ  ᠲᠤᠭᠤᠷᠢᠭ ᠤᠨ ᠠᠵᠤ ᠠᠬᠤᠢ ᠨᠡᠶᠢᠭᠡᠮ  ᠤᠨ ᠬᠥᠭᠵᠢᠯᠲᠡ ᠶᠢᠨ ᠴᠢᠬᠤᠯᠠ ᠶᠡᠭᠡ ᠲᠥᠯᠦᠪᠵᠢᠭᠦᠯᠭᠡ᠂ ᠴᠢᠬᠤᠯᠠ ᠳᠦᠷᠢᠮ᠂ ᠭᠤᠣᠯ ᠪᠣᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠪᠢᠴᠢᠬᠦ ᠠᠵᠢᠯ  ᠢ ᠬᠠᠷᠢᠭᠤᠴᠠᠨ᠎ᠠ᠃ ᠡᠷᠬᠢᠯᠡᠭᠴᠢ ᠶᠢ ᠬᠠᠪᠰᠤᠷᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠶᠡᠷᠦᠩᠬᠡᠶᠢᠯᠡᠭᠰᠡᠨ ᠮᠠᠲ᠋ᠧᠷᠢᠶᠠᠯ᠂ ᠴᠢᠬᠤᠯᠠ ᠡᠬᠡ ᠪᠢᠴᠢᠭ ᠢ ᠬᠢᠨᠠᠨ ᠬᠠᠷᠭᠤᠭᠤᠯᠬᠤ ᠪᠣᠭᠤᠮᠲᠠ ᠶᠢ ᠬᠠᠷᠢᠭᠤᠴᠠᠨ᠎ᠠ᠃ ᠡᠷᠬᠢᠯᠡᠭᠴᠢ ᠶᠢ ᠬᠠᠪᠰᠤᠷᠤᠨ ᠶᠡᠷᠦᠩᠬᠡᠶᠢᠯᠡᠭᠰᠡᠨ ᠳᠤᠭᠤᠶᠢᠯᠠᠩ᠂ ᠮᠡᠳᠡᠭᠡ ᠵᠠᠩᠭᠢ ᠶᠢᠨ ᠳᠤᠭᠤᠶᠢᠯᠠᠩ ᠢ ᠬᠤᠪᠢᠳᠠᠨ ᠬᠠᠮᠢᠶᠠᠷᠤᠨ᠎ᠠ᠃      ᠴᠢᠶᠣᠤ ᠵᠧᠩ  ᠪᠥᠸᠧ     ᠲᠣᠭᠤᠷᠢᠭ ᠤᠨ ᠬᠥᠭᠵᠢᠯᠲᠡ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠃     ᠰᠤᠳᠤᠯᠭᠠᠨ ᠤ ᠪᠠᠶᠢᠭᠤᠯᠤᠮᠵᠢ ᠪᠣᠯᠣᠨ ᠲᠤᠰᠬᠠᠢ ᠮᠡᠷᠭᠡᠵᠢᠯᠲᠡᠨ ᠡᠷᠳᠡᠮᠲᠡᠨ ᠲᠠᠢ ᠬᠠᠷᠢᠯᠴᠠᠵᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠰᠤᠳᠤᠯᠤᠯ᠂ ᠲᠥᠯᠦᠪᠵᠢᠭᠦᠯᠭᠡ ᠨᠠᠶᠢᠷᠠᠭᠤᠯᠤᠨ ᠵᠣᠬᠢᠶᠠᠬᠤ᠂ ᠰᠢᠢᠳᠪᠦᠷᠢᠲᠦ ᠪᠣᠳᠣᠯᠭ᠎ᠠ ᠶᠢᠨ ᠯᠠᠪᠯᠠᠯᠭ᠎ᠠ ᠥᠭᠬᠦ ᠵᠡᠷᠭᠡ ᠠᠵᠢᠯ ᠳᠤ ᠣᠷᠣᠯᠴᠠᠬᠤ ᠶᠢ ᠬᠠᠷᠢᠭᠤᠴᠠᠨ᠎ᠠ᠃ ᠡᠷᠬᠢᠯᠡᠭᠴᠢ ᠶᠢ ᠬᠠᠪᠰᠤᠷᠤᠨ ᠳᠡᠳ᠋ ᠲᠣᠭᠤᠷᠢᠭ ᠤᠨ  ᠳᠠᠷᠤᠭ᠎ᠠ ᠶᠠᠩ  ᠱᠤ᠋ ᠸᠧᠢ᠂ ᠳᠡᠳ᠋ ᠲᠣᠭᠤᠷᠢᠭ ᠤᠨ ᠳᠠᠷᠤᠭ᠎ᠠ  ᠰᠤᠶᠤᠩᠭᠤᠸ᠎ᠠ᠂ ᠵᠢᠢ ᠰᠢᠶᠣᠣ ᠬᠤᠩ ᠪᠠᠶᠢᠴᠠᠭᠠᠨ ᠰᠤᠳᠤᠯᠤᠭᠴᠢ ᠶᠢᠨ ᠬᠤᠪᠢᠳᠠᠨ ᠬᠠᠮᠢᠶᠠᠷᠬᠤ ᠰᠠᠯᠠᠭᠠᠨ ᠤ  ᠡᠳᠦᠷ ᠲᠤᠲᠤᠮ ᠤᠨ ᠬᠡᠷᠡᠭ ᠶᠠᠪᠤᠳᠠᠯ ᠵᠢᠴᠢ ᠵᠣᠬᠢᠴᠠᠭᠤᠯᠤᠨ ᠬᠠᠷᠢᠯᠴᠠᠬᠤ ᠠᠵᠢᠯ ᠢ ᠬᠠᠷᠢᠭᠤᠴᠠᠨ᠎ᠠ᠃ ᠡᠷᠬᠢᠯᠡᠭᠴᠢ ᠶᠢ ᠬᠠᠪᠰᠤᠷᠤᠨ ᠠᠯᠪᠠᠨ ᠭᠡᠷ ᠤᠨ ᠡᠳᠦᠷ ᠲᠤᠲᠤᠮ ᠤᠨ ᠬᠡᠷᠡᠭ ᠶᠠᠪᠤᠳᠠᠯ᠂ ᠠᠵᠢᠯᠲᠠᠨ ᠴᠢᠳᠠᠪᠤᠷᠢᠲᠠᠨ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ  ᠵᠠᠰᠠᠭ᠂ ᠤᠬᠠᠭᠤᠯᠭ᠎ᠠ᠂ ᠣᠶᠤᠨ ᠤ ᠪᠣᠯᠪᠠᠰᠤᠨ᠂ ᠦᠵᠡᠯ ᠤᠬᠠᠮᠰᠠᠷ ᠤᠨ ᠬᠡᠯᠪᠡᠷᠢ᠂ ᠦᠭᠡ ᠬᠡᠯᠡ ᠥᠰᠥᠭ ᠪᠢᠴᠢᠭ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠡᠷᠭᠡ ᠠᠵᠢᠯ ᠢ ᠬᠠᠷᠢᠭᠤᠴᠠᠨ᠎ᠠ᠃ ᠡᠷᠬᠢᠯᠡᠭᠴᠢ ᠶᠢ ᠬᠠᠪᠰᠤᠷᠤᠨ ᠵᠠᠰᠠᠭ ᠤᠨ ᠶᠠᠪᠤᠳᠠᠯ ᠤᠨ ᠬᠤᠶᠠᠳᠤᠭᠠᠷ ᠳᠤᠭᠤᠶᠢᠯᠠᠩ᠂ ᠵᠠᠰᠠᠭ ᠤᠨ ᠶᠠᠪᠤᠳᠠᠯ ᠤᠨ ᠵᠢᠷᠭᠤᠳᠤᠭᠠᠷ ᠳᠤᠭᠤᠶᠢᠯᠠᠩ᠂ ᠵᠠᠰᠠᠭ ᠵᠠᠬᠢᠷᠭᠠᠨ ᠤ ᠳᠤᠭᠤᠶᠢᠯᠠᠩ᠂ ᠨᠠᠮ ᠤᠨ ᠪᠠᠶᠢᠭᠤᠯᠤᠯᠲᠠ ᠶᠢᠨ ᠳᠤᠭᠤᠶᠢᠯᠠᠩ ᠢ ᠬᠤᠪᠢᠳᠠᠨ ᠬᠠᠮᠢᠶᠠᠷᠤᠨ᠎ᠠ᠃     ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠠᠵᠢᠯ ᠤᠨ ᠣᠷᠣ ᠰᠤᠯᠠᠯᠠᠬᠤ ᠦᠭᠡᠢ᠂ ᠦᠢᠯᠡᠴᠢᠯᠡᠭᠡ ᠲᠠᠰᠤᠷᠠᠯ ᠦᠭᠡᠢ ᠪᠠᠶᠢᠬᠤ ᠶᠢ ᠪᠠᠲᠤᠯᠠᠬᠤ ᠶᠢᠨ ᠲᠤᠰᠠᠳᠠ᠂ ᠳᠡᠳ᠋ ᠡᠷᠬᠢᠯᠡᠭᠴᠢ ᠶᠢᠨ ᠠᠵᠢᠯ ᠤᠨ ᠬᠤᠪᠢᠶᠠᠷᠢᠯᠠᠯ ᠤᠨ ︽AB ᠥᠨᠴᠥᠭ︾ ᠤᠨ ᠪᠠᠶᠢᠷᠢ ᠨᠥᠬᠦᠪᠦᠷᠢᠯᠡᠬᠦ ᠳᠦᠷᠢᠮ ᠢ ᠬᠡᠷᠡᠭᠵᠢᠭᠦᠯᠵᠦ᠂ ᠡᠭᠦᠨ ᠤ ᠳᠣᠲᠣᠷᠠᠬᠢ ᠨᠢᠭᠡ ᠲᠠᠯ᠎ᠠ ᠨᠢ  ᠬᠤᠷᠠᠯᠳᠤᠬᠤ᠂ ᠠᠯᠪᠠᠨ ᠠᠵᠢᠯ ᠢᠶᠠᠷ ᠭᠠᠳᠠᠭᠰᠢ ᠭᠠᠷᠬᠤ᠂ ᠰᠤᠷᠤᠯᠴᠠᠬᠤ᠂ ᠠᠮᠠᠷᠠᠯᠲᠠ ᠠᠪᠬᠤ ᠪᠤᠶᠤ ᠪᠤᠰᠤᠳ ᠪᠠᠴᠢᠮ ᠪᠠᠶᠢᠳᠠᠯ  ᠠᠴᠠ ᠪᠣᠯᠵᠤ ᠠᠵᠢᠯ ᠤᠨ ᠪᠠᠶᠢᠷᠢ ᠳᠠᠭᠠᠨ ᠪᠠᠶᠢᠬᠤ ᠦᠭᠡᠢ ᠪᠣᠯ᠂ ᠪᠠᠶᠢᠷᠢ ᠨᠥᠬᠦᠪᠦᠷᠢᠯᠡᠬᠦ ᠤᠳᠤᠷᠢᠳᠤᠯᠭ᠎ᠠ ᠨᠢ ᠡᠭᠦᠷᠭᠡ ᠬᠠᠷᠢᠭᠤᠴᠠᠯᠭ᠎ᠠ ᠶᠢ ᠣᠷᠣᠯᠠᠨ ᠭᠦᠢᠴᠡᠳᠬᠡᠨ᠎ᠡ᠃ ᠵᠣᠣ ᠷᠦᠩ ᠨᠥᠬᠦᠷ᠂ ᠬᠤᠸᠠᠩ ᠳ᠋ᠠ ᠸᠧᠢ ᠨᠥᠬᠦᠷ ᠬᠠᠷᠢᠯᠴᠠᠨ ︽AB ᠥᠨᠴᠥᠭ ︾ ᠤᠨ ᠪᠠᠶᠢᠷᠢ ᠨᠥᠬᠦᠪᠡ᠃ ᠵᠠᠩ ᠶᠤᠸᠠᠢ ᠴᠧᠩ ᠨᠥᠬᠦᠷ᠂ ᠴᠢᠶᠣᠤ ᠵᠧᠩ ᠪᠥᠸᠧ ᠨᠥᠬᠦᠷ ᠬᠠᠷᠢᠯᠴᠠᠨ ︽AB ᠥᠨᠴᠥᠭ︾ ᠤᠨ ᠪᠠᠶᠢᠷᠢ ᠨᠥᠬᠦᠪᠡ᠃ ᠸᠠᠩ ᠢᠦᠢ ᠨᠥᠬᠦᠷ᠂ ᠵᠠᠩ ᠸᠧᠢ ᠬᠠᠩ ᠨᠥᠬᠦᠷ ᠬᠠᠷᠢᠯᠴᠠᠨ ︽ABᠥᠨᠴᠥᠭ︾  ᠤᠨ  ᠪᠠᠶᠢᠷᠢ ᠨᠥᠬᠦᠪᠦᠷᠢᠯᠡᠪᠡ᠃                   ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                          2024 ᠣᠨ ᠤ 3 ᠳ᠋ᠤᠭᠠᠷ ᠰᠠᠷ᠎ᠠ ᠶᠢᠨ 5 ᠤ ᠡᠳᠦᠷ  
ᠢᠷᠡᠯᠲᠡ᠄ ᠳᠣᠰ ᠰᠦᠯᠵᠢᠶ᠎ᠡ