ᠨᠢᠭᠡᠳᠦᠭᠡᠷ ᠤᠯᠠᠷᠢᠯ ᠤᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠲᠣᠭᠲᠠᠭᠤᠨ ᠢᠶᠠᠷ  ᠬᠦᠭᠵᠢᠵᠦ ᠬᠤᠪᠢ ᠨᠡᠮᠡᠷᠢ ᠡᠳᠦᠷ ᠢᠷᠡᠬᠦᠶ᠎ᠡ ᠲᠣᠪᠣᠶᠢᠮ᠎ᠠ ᠪᠣᠯᠪᠠ
ᠨᠡᠶᠢᠲᠡᠯᠡᠭᠰᠡᠨ ᠴᠠᠭ᠄
2024/6/11
      ᠨᠢᠭᠡᠳᠦᠭᠡᠷ ᠤᠯᠠᠷᠢᠯ ᠳᠤ᠂ ᠬᠢᠶ᠎ᠠ ᠪᠠᠭᠰᠢ ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠡᠮᠡᠭᠳᠡᠯ ᠦᠷᠳᠡᠭ 14.64 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.5% ᠨᠡᠮᠡᠭᠳᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ 37.6%  ᠢ ᠡᠵᠡᠯᠡᠪᠡ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠡᠷᠦᠩᠬᠡᠢ ᠳᠡᠭᠡᠨ ᠲᠣᠭᠲᠠᠭᠤᠨ ᠤ ᠳᠤᠮᠳᠠ ᠰᠠᠶᠢᠵᠢᠷᠠᠵᠤ᠂ ᠠᠵᠤ ᠠᠬᠤᠢ ᠨᠡᠶᠢᠭᠡᠮ ᠳᠤ ᠦᠷᠭᠦᠯᠵᠢᠯᠡᠨ ᠬᠤᠪᠢ ᠨᠡᠮᠡᠷᠢ ᠦᠵᠡᠭᠦᠯᠬᠦ ᠳᠤ ᠣᠷᠣᠯᠠᠭᠤᠯᠵᠤ ᠪᠣᠯᠣᠰᠢ ᠦᠭᠡᠢ ᠦᠢᠯᠡᠳᠦᠯ ᠦᠵᠡᠭᠦᠯᠪᠡ᠃       ᠨᠢᠭᠡ᠂ ᠬᠥᠭᠵᠢᠯᠲᠡ ᠶᠢᠨ ᠬᠡᠪᠴᠢᠶ᠎ᠡ ᠠᠴᠠ ᠠᠪᠴᠤ ᠦᠵᠡᠪᠡᠯ᠂ ᠠᠷᠠᠳ ᠤᠨ  ᠡᠵᠡᠩᠨᠡᠯᠲᠡ ᠶᠢᠨ ᠠᠵᠤ ᠠᠬᠤᠶᠢᠯᠠᠯ ᠲᠠᠰᠤᠷᠠᠯᠳᠠ ᠦᠭᠡᠢ ᠪᠤᠵᠠᠭᠠᠶᠢᠷᠠᠪᠠ᠃        ᠬᠡᠪᠴᠢᠶᠡᠵᠢᠯ ᠠᠴᠠ ᠳᠡᠭᠡᠭᠰᠢᠬᠢ ᠠᠷᠠᠳ ᠤᠨ  ᠡᠵᠡᠩᠨᠡᠯᠲᠡ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ 3 ᠡᠷᠦᠬᠡ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠢ ᠡᠷᠦᠬᠡ ᠶᠢᠨ ᠲᠤᠭ᠎ᠠ ᠳᠤ ᠡᠵᠡᠯᠡᠬᠦ ᠬᠤᠪᠢ ᠶᠢᠨ ᠵᠢᠩ ᠨᠢ 37.5% ᠪᠠᠶᠢᠵᠤ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 92% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ 1.02% ᠪᠣᠯᠣᠨ᠎ᠠ᠃ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 41.1% ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 83% ᠬᠦᠷᠴᠡᠢ᠃ ᠠᠷᠠᠳ ᠤᠨ ᠡᠵᠡᠩᠨᠡᠭᠰᠡᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 3.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 67.7% ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠣᠭᠠᠨ ᠤ 16.1% ᠶᠢ ᠡᠵᠡᠯᠡᠪᠡ᠃ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠷᠠᠳ   ᠤᠨ ᠡᠵᠡᠩᠨᠡᠯᠲᠡ ᠶᠢᠨ ᠠᠵᠤ ᠠᠬᠤᠶᠢᠯᠠᠯ 9 ᠡᠷᠦᠬᠡ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠪᠥᠬᠦ ᠡᠷᠦᠬᠡ ᠶᠢᠨ ᠲᠣᠭᠠᠨ ᠤ 40.9% ᠶᠢ ᠡᠵᠡᠯᠡᠵᠦ᠂ ᠡᠵᠡᠩᠨᠡᠯᠲᠡ ᠶᠢᠨ ᠣᠷᠣᠯᠭ᠎ᠠ ᠶᠢ 0.94 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠯᠡᠬᠦ ᠬᠤᠪᠢ ᠶᠢᠨ ᠵᠢᠩ ᠢ 13.6% ᠶᠢ ᠡᠵᠡᠯᠡᠪᠡ᠃        ᠬᠤᠶᠠᠷ᠂ ᠠᠵᠤ ᠦᠢᠯᠡᠰ ᠤᠨ ᠪᠦᠲᠦᠴᠡ ᠶᠢᠨ ᠲᠠᠯ᠎ᠠ ᠠᠴᠠ ᠠᠪᠴᠤ ᠦᠵᠡᠪᠡᠯ᠂ ᠠᠷᠠᠳ ᠤᠨ  ᠡᠵᠡᠩᠨᠡᠯᠲᠡ ᠶᠢᠨ ᠠᠵᠤ ᠠᠬᠤᠢ ᠶᠢᠨ ᠬᠤᠪᠢ ᠨᠡᠮᠡᠷᠢ ᠤᠯᠠᠮ ᠨᠢᠭᠡ ᠠᠯᠬᠤᠮ ᠳᠡᠭᠡᠭᠰᠢᠯᠡᠪᠡ᠃        ᠠᠵᠤ ᠦᠢᠯᠡᠰ ᠤᠨ ᠪᠦᠲᠦᠴᠡ ᠠᠴᠠ ᠦᠵᠡᠪᠡᠯ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠤᠶᠠᠳᠤᠭᠠᠷ ᠠᠵᠤ ᠦᠢᠯᠡᠰ 1.29 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 38.2% ᠢᠶᠠᠷ ᠨᠡᠮᠡᠭᠳᠡᠨ᠂ GDP ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 5.4% ᠪᠠᠶᠢᠵᠤ᠂ ᠪᠥᠬᠦ  ᠲᠤᠭᠤᠷᠢᠭ ᠤᠨ ᠬᠤᠶᠠᠳᠤᠭᠠᠷ ᠠᠵᠤ ᠦᠢᠯᠡᠰ ᠤᠨ ᠨᠡᠮᠡᠭᠳᠡᠯ ᠢ 3.6 ᠵᠠᠭᠤᠨ ᠤ ᠨᠢᠭᠡᠴᠢ ᠳᠠᠶᠢᠴᠢᠯᠠᠪᠠ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 13.35 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.1% ᠪᠠᠷ ᠨᠡᠮᠡᠭᠳᠡᠨ᠂ GDP ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 23.4% ᠳᠤ ᠬᠦᠷᠴᠦ᠂ ᠪᠥᠬᠦ  ᠲᠤᠭᠤᠷᠢᠭ ᠤᠨ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠢ 3.6 ᠵᠠᠭᠤᠨ ᠤ ᠨᠢᠭᠡᠴᠢ ᠳᠠᠶᠢᠴᠢᠯᠠᠪᠠ᠃  
ᠢᠷᠡᠯᠲᠡ᠄ ᠳᠣᠰ ᠰᠦᠯᠵᠢᠶ᠎ᠡ