ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠳᠠᠬᠢᠨ ᠢᠶᠠᠷ ᠨᠡᠮᠡᠭᠳᠡᠭᠦᠯᠪᠡ︕ ᠨᠡᠶᠢᠭᠡᠮ ᠤᠨ ᠪᠠᠲᠤᠯᠠᠭ᠎ᠠ ᠶᠢᠨ ᠬᠠᠷᠠᠭᠠᠯᠵᠠᠯ ᠲᠣᠭᠲᠠᠭᠤᠨ ᠢᠶᠠᠷ ᠳᠡᠭᠡᠭᠰᠢᠯᠡᠵᠠᠢ
ᠨᠡᠶᠢᠲᠡᠯᠡᠭᠰᠡᠨ ᠴᠠᠭ᠄
2024/6/13
        ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ  ᠶᠠᠮᠤᠨ ᠤ ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠬᠠᠷᠠᠭᠠᠯᠵᠠᠯ ᠤᠨ ᠬᠢᠷᠢ ᠲᠦᠪᠰᠢᠨ ᠲᠣᠭᠲᠠᠭᠤᠨ ᠢᠶᠠᠷ  ᠳᠡᠭᠡᠭᠰᠢᠯᠡᠪᠡ᠃ 2023 ᠣᠨ ᠳᠤ᠂ ᠪᠦᠬᠦ ᠤᠯᠤᠰ ᠤᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ  ᠬᠥᠮᠦᠰ ᠤᠨ ᠰᠠᠷ᠎ᠠ ᠶᠢᠨ ᠳᠤᠮᠳᠠᠴᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ 2012 ᠣᠨ ᠤ ᠬᠢ ᠠᠴᠠ ᠨᠢᠭᠡ ᠳᠠᠬᠢᠨ ᠨᠡᠮᠡᠭᠳᠡᠵᠦ᠂ ᠠᠵᠢᠯ ᠠᠯᠳᠠᠭᠰᠠᠳ ᠤᠨ ᠰᠠᠷ᠎ᠠ ᠶᠢᠨ ᠳᠤᠮᠳᠠᠴᠢ ᠳᠠᠭᠠᠳᠬᠠᠯ ᠤᠨ ᠮᠥᠩᠭᠦ 2012 ᠣᠨ ᠤ 707 ᠲᠥᠭᠦᠷᠢᠭ ᠠᠴᠠ ᠪᠠᠨ 2023 ᠣᠨ ᠳᠤ 1814 ᠲᠥᠭᠦᠷᠢᠭ ᠪᠣᠯᠤᠨ ᠨᠡᠮᠡᠭᠳᠡᠵᠦ᠂ ᠠᠵᠢᠯ ᠠᠴᠠ ᠪᠣᠯᠤᠭᠰᠠᠨ ᠭᠡᠮᠲᠦᠯ ᠤᠨ ᠰᠠᠷ᠎ᠠ ᠶᠢᠨ ᠳᠤᠮᠳᠠᠴᠢ  ᠳᠠᠭᠠᠳᠬᠠᠯ ᠤᠨ ᠨᠡᠮᠡᠭᠦᠷᠢ ᠮᠥᠩᠭᠦ 1864 ᠲᠥᠭᠦᠷᠢᠭ ᠠᠴᠠ ᠪᠠᠨ 4000 ᠲᠥᠭᠦᠷᠢᠭ ᠪᠣᠯᠤᠨ ᠨᠡᠮᠡᠭᠳᠡᠵᠠᠢ᠃           ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠲᠠᠶᠢᠯᠠᠯᠳᠤᠭᠠᠨ ᠤ  ᠢᠯᠠᠯᠲᠠ ᠶᠢ ᠤᠯᠬᠤ ᠳᠤ᠂ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢᠶᠠᠷ  ᠳᠠᠮᠵᠢᠭᠤᠯᠤᠨ᠂ 6098 ᠲᠦᠮᠡᠨ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠳᠡᠢ ᠬᠥᠮᠦᠨ ᠠᠮᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ  ᠪᠠᠲᠤᠯᠠᠬᠤ  ᠶᠣᠰᠣᠲᠠᠶ ᠶᠢ ᠨᠢ ᠴᠥᠮ ᠪᠠᠲᠤᠯᠠᠵᠠᠢ᠃             ᠮᠠᠨ ᠤ ᠤᠯᠤᠰ ᠨᠢᠭᠡᠨᠲᠡ ᠳᠡᠯᠡᠬᠡᠢ ᠳᠡᠭᠡᠷ᠎ᠡ ᠬᠥᠮᠦᠨ ᠠᠮᠠ ᠶᠢ ᠬᠠᠮᠤᠷᠤᠭᠰᠠᠨ  ᠬᠡᠪᠴᠢᠶ᠎ᠡ ᠪᠠᠷ ᠬᠠᠮᠤᠭ ᠤᠨ ᠶᠡᠭᠡ ᠨᠡᠶᠢᠭᠡᠮ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠣᠷ ᠢ ᠪᠠᠶᠢᠭᠤᠯᠪᠠ᠃ 2023 ᠣᠨ ᠤ ᠡᠴᠦᠰ ᠪᠣᠯᠲᠠᠯ᠎ᠠ᠂ ᠮᠠᠨ ᠤ ᠤᠯᠤᠰ ᠤᠨ ᠨᠠᠰᠤᠵᠢᠯ ᠤᠨ ᠦᠨᠳᠦᠰᠦᠨ ᠠᠰᠠᠷᠠᠮᠵᠢ᠂ ᠠᠵᠢᠯ ᠠᠯᠳᠠᠯᠲᠠ᠂   ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠲᠤᠰ ᠲᠤᠰ 10.66 ᠳ᠋ᠦᠩᠰᠢᠭᠤᠷ  ᠬᠥᠮᠦᠨ᠂  2.44  ᠳ᠋ᠦᠩᠰᠢᠭᠤᠷ ᠬᠥᠮᠦᠨ᠂ 3.02 ᠳ᠋ᠦᠩᠰᠢᠭᠤᠷ ᠬᠥᠮᠦᠨ ᠪᠤᠯᠵᠤ᠂ 2012 ᠣᠨ ᠤ ᠬᠢ ᠠᠴᠠ ᠲᠣᠰ ᠲᠣᠰ 2.78 ᠳ᠋ᠦᠩᠰᠢᠭᠤᠷ ᠬᠥᠮᠦᠨ᠂ 0.92 ᠳ᠋ᠦᠩᠰᠢᠭᠤᠷ ᠬᠥᠮᠦᠨ᠂ 1.12 ᠳ᠋ᠦᠩᠰᠢᠭᠤᠷ ᠬᠥᠮᠦᠨ ᠨᠡᠮᠡᠭᠳᠡᠵᠠᠢ᠃
ᠢᠷᠡᠯᠲᠡ᠄ ᠲᠣᠯᠠᠭᠠᠨ ᠮᠡᠳᠡᠭᠡ