ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠡᠭᠦᠨ ᠰᠤᠷᠭᠠᠭᠤᠯᠢ ᠶᠢᠨ ᠲᠣᠭᠤᠷᠢᠭ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/6/17
      6 ᠰᠠᠷ᠎ᠠ ᠶᠢᠨ 15 ᠤ ᠡᠳᠦᠷ᠂ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠡᠭᠦᠨ ᠰᠤᠷᠭᠠᠭᠤᠯᠢ ᠶᠢᠨ ᠲᠣᠭᠤᠷᠢᠭ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠰᠢᠨ᠎ᠡ ᠰᠤᠷᠭᠠᠭᠤᠯᠢ ᠶᠢᠨ ᠲᠣᠭᠤᠷᠢᠭ ᠨᠢ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠬᠠᠪᠢ ᠳᠤ ᠪᠠᠶᠢᠷᠢᠯᠠᠨ᠎ᠠ᠃      ᠶᠣᠰᠣᠯᠠᠯ ᠳᠡᠭᠡᠷ᠎ᠡ ᠲᠤᠭ ᠮᠠᠨᠳᠣᠭᠤᠯᠵᠣ᠂ ᠰᠤᠷᠤᠭᠴᠢᠳ ᠤᠨ ᠲᠥᠯᠥᠭᠡᠯᠡᠭᠴᠢ ᠶᠠᠷᠢᠶ᠎ᠠ ᠲᠠᠯᠪᠢᠨ᠂ ᠬᠠᠮᠢᠶ᠎ᠠ ᠪᠦᠬᠦᠢ ᠤᠳᠤᠷᠢᠳᠤᠯᠭ᠎ᠠ ᠫᠠᠶᠢᠰᠠ ᠰᠡᠬᠦᠵᠦ᠂ ︽ᠦᠰᠦᠨ ᠪᠤᠶᠢᠵᠢᠯᠲᠠ ᠶᠢᠨ ᠮᠣᠳᠣ︾ ᠶᠢ ᠬᠠᠮᠲᠤ ᠪᠠᠷ ᠲᠠᠷᠢᠭᠠᠳ᠂ ᠲᠤᠬᠠᠶ ᠶᠢᠨ ᠲᠠᠯᠠᠪᠤᠷ ᠲᠤ ᠪᠣᠶ ᠪᠥᠬᠦᠶ ᠬᠥᠮᠦᠰ ᠨᠢ ᠬᠢᠶ᠎ᠠ ᠪᠠᠭᠰᠢ ᠶᠢᠨ ᠰᠤᠷᠭᠠᠨ ᠬᠥᠮᠦᠵᠢᠯ ᠤᠨ ᠪᠠᠰᠠ ᠨᠢᠭᠡᠨ ᠰᠢᠨ᠎ᠡ ᠡᠬᠢᠯᠡᠯᠲᠡ ᠶᠢ ᠬᠠᠮᠲᠤ ᠪᠠᠷ ᠬᠡᠷᠡᠴᠢᠯᠡᠪᠠ᠃      ᠶᠣᠰᠣᠯᠠᠯ ᠳᠠᠭᠤᠰᠤᠭᠰᠠᠨ ᠤ ᠳᠠᠷᠠᠭ᠎ᠠ᠂ ᠬᠡᠰᠡᠭ ᠰᠣᠷᠣᠭᠴᠢ ᠪᠣᠯᠤᠨ ᠬᠡᠷ ᠤᠨ ᠠᠬᠠᠮᠠᠳ ᠤᠨ ᠲᠥᠯᠥᠭᠡᠯᠡᠭᠴᠢ ᠬᠠᠮᠲᠤ ᠪᠠᠷ ᠰᠢᠨ᠎ᠡ ᠰᠤᠷᠭᠠᠭᠤᠯᠢ ᠶᠢᠨ ᠬᠦᠷᠢᠶ᠎ᠡ ᠶᠢ ᠲᠣᠭᠤᠷᠢᠨ ᠦᠵᠡᠪᠡ᠃      ᠤᠶᠢᠯᠭᠠᠭᠰᠠᠨ ᠢᠶᠠᠷ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠡᠭᠦᠨ ᠰᠤᠷᠭᠠᠭᠤᠯᠢ ᠶᠢᠨ ᠲᠣᠭᠤᠷᠢᠭ ᠪᠣᠯ ᠤᠤᠯ ᠤᠨ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠪᠣᠯᠤᠨ᠎ᠠ᠂ 2007 ᠣᠨ ᠳᠤ ᠰᠤᠷᠭᠠᠭᠤᠯᠢ ᠡᠷᠬᠢᠯᠡᠭᠰᠡᠨ ᠠᠴᠠ ᠣᠳᠣ ᠪᠣᠯᠲᠠᠯ᠎ᠠ᠂ ᠰᠤᠷᠭᠠᠭᠤᠯᠢ ᠨᠢ ︽ᠨᠠᠮ ᠤᠨ ᠲᠥᠯᠥᠭᠡ ᠬᠥᠮᠦᠨ ᠬᠦᠮᠦᠵᠢᠭᠦᠯᠵᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ︾ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠣᠷᠭᠢᠯᠤᠮ᠎ᠠ ᠬᠠᠯᠠᠭᠤᠨ ᠰᠡᠳᠭᠢᠯᠭᠡ ᠪᠠᠷ ᠰᠤᠷᠭᠠᠨ ᠬᠥᠮᠦᠵᠢᠯ ᠳᠤ ᠣᠷᠣᠯᠴᠠᠵᠤ᠂ ᠰᠠᠶᠢᠨ ᠰᠠᠶᠢᠬᠠᠨ ᠰᠤᠷᠭᠠᠨ ᠬᠥᠮᠦᠵᠢᠯ ᠳᠤ ᠰᠠᠭᠤᠷᠢᠰᠢᠨ᠂ ᠦᠵᠡᠰᠭᠦᠯᠡᠩᠲᠦ ᠰᠠᠶᠢᠬᠠᠨ ᠡᠷᠡᠭᠦᠯ ᠡᠩᠬᠡ  ᠬᠢᠶ᠎ᠠ ᠪᠠᠭᠰᠢ ᠳᠤ ᠬᠤᠪᠢ ᠨᠡᠮᠡᠷᠢ ᠦᠵᠡᠭᠦᠯᠪᠡ᠃       ᠰᠢᠨ᠎ᠡ ᠰᠤᠷᠭᠠᠭᠤᠯᠢ ᠶᠢᠨ ᠲᠣᠭᠤᠷᠢᠭ ᠲᠤ 60 ᠵᠢᠭᠠᠨ ᠰᠤᠷᠭᠠᠯᠲᠠ ᠶᠢᠨ ᠠᠩᠭᠢ ᠲᠣᠬᠢᠷᠠᠭᠤᠯᠵᠤ᠂ 2700 ᠰᠤᠷᠤᠭᠴᠢ ᠪᠠᠭᠲᠠᠭᠠᠵᠤ ᠳᠡᠶᠢᠯᠤᠨ᠎ᠡ᠃ ᠡᠨᠡ ᠬᠦ ᠬᠡᠪᠴᠢᠶ᠎ᠡ ᠨᠢ ᠣᠳᠣᠬᠠᠨ ᠤ ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠩᠭᠠᠬᠤ ᠪᠠᠷ ᠪᠠᠷᠠᠬᠤ ᠦᠭᠡᠢ ᠪᠠᠰᠠ ᠢᠷᠡᠭᠡᠳᠦᠢ ᠶᠢᠨ ᠬᠥᠭᠵᠢᠯᠲᠡ ᠳᠤ ᠣᠷᠣᠨ ᠵᠠᠢ ᠦᠯᠡᠳᠡᠭᠡᠵᠦ ᠦᠭᠭᠦᠪᠡ᠃ 
16.JPG
17.JPG
18.JPG
03.JPG
04.JPG
 
05.JPG
 
08.JPG
09.JPG
10.JPG
11.JPG
12.JPG
13.JPG
14.JPG
ᠢᠷᠡᠯᠲᠡ᠄ ᠲᠣᠰ ᠰᠥᠯᠵᠢᠶ᠎ᠡ