ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠠᠭᠤᠰᠤᠭᠰᠠᠨ ᠤ ᠳᠠᠷᠠᠭ᠎ᠠ ᠰᠣᠷᠣᠭᠴᠢ ᠡᠯᠰᠡᠬᠦ ᠠᠵᠢᠯ ᠢ ᠠᠰᠢᠭᠯᠠᠨ ᠮᠡᠬᠡᠯᠡᠯ ᠶᠠᠪᠤᠭᠤᠯᠬᠤ ᠶᠢ ᠰᠡᠷᠡᠮᠵᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/6/19
       ᠪᠥᠬᠦ ᠤᠯᠤᠰ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠨᠢᠭᠡᠨᠲᠡ ᠲᠠᠭᠤᠰᠪᠠ᠂ ᠬᠠᠤᠯᠢ ᠪᠤᠰᠤ ᠡᠲᠡᠭᠡᠳ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠠᠵᠢᠯ ᠢ ᠠᠰᠢᠭᠯᠠᠨ ᠮᠡᠬᠡᠯᠡᠯ ᠶᠠᠪᠤᠭᠤᠯᠬᠤ ᠶᠢ ᠰᠡᠷᠡᠮᠵᠢᠯᠡᠬᠦ ᠬᠡᠷᠡᠭᠲᠡᠢ᠃       ᠬᠠᠤᠯᠢ ᠪᠤᠰᠤ ᠡᠲᠡᠭᠡᠳ ᠨᠢ ᠭᠡᠷ ᠤᠨ ᠠᠬᠠᠮᠠᠳ ᠤᠨ ᠪᠦᠯᠦᠭ᠂ ᠭᠠᠷ ᠤᠲᠠᠰᠤᠨ ᠤ ᠣᠬᠤᠷ ᠮᠡᠳᠡᠭᠡ ᠵᠡᠷᠭᠡ ᠠᠷᠭ᠎ᠠ ᠵᠠᠮ ᠢᠶᠠᠷ ︽ᠬᠤᠪᠢ ᠶᠢ ᠤᠷᠢᠳᠴᠢᠯᠠᠨ ᠯᠠᠪᠯᠠᠬᠤ︾ ᠬᠤᠳᠠᠯ ᠬᠠᠭᠤᠷᠮᠠᠭ ᠵᠠᠷ ᠮᠡᠳᠡᠭᠡᠨ ᠤ ᠴᠥᠷᠬᠡᠯᠡᠭᠡ ᠶᠢ ᠶᠠᠪᠤᠭᠤᠯᠵᠤ ᠮᠡᠬᠡᠯᠡᠯ ᠤᠨ ᠠᠵᠢᠯᠯᠠᠭ᠎ᠠ ᠬᠢᠳᠡᠭ᠂ ᠴᠥᠷᠬᠡᠯᠡᠭᠡ ᠶᠢ ᠲᠠᠷᠣᠵᠤ ᠣᠷᠣᠭᠠᠳ ᠰᠢᠯᠭᠠᠭᠤᠯᠤᠭᠴᠢ ᠪᠤᠶᠤ ᠭᠡᠷ ᠤᠨ ᠠᠬᠠᠮᠠᠳ ᠤᠨ ᠭᠠᠷ ᠤᠲᠠᠰᠤ ᠲᠠᠢ ᠬᠤᠯᠪᠣᠭᠳᠠᠵᠤ᠂ ᠪᠠᠩᠬᠢ ᠶᠢᠨ ᠺᠠᠷᠲ ᠤᠨ ᠮᠡᠳᠡᠭᠡ ᠵᠠᠩᠭᠢ ᠶᠢ ᠬᠤᠯᠠᠭᠠᠶᠢᠯᠠᠬᠤ ᠪᠣᠯᠣᠨ᠎ᠠ᠃       ᠡᠭᠦᠨ ᠠᠴᠠ ᠭᠠᠳᠠᠨ᠎ᠠ᠂ ᠵᠠᠷᠢᠮ ᠬᠠᠤᠯᠢ ᠪᠤᠰᠤ ᠡᠲᠡᠭᠡᠳ ᠪᠠᠰᠠ ︽ᠬᠤᠪᠢ ᠶᠢᠨ ᠰᠦᠢᠳᠬᠡᠯ ᠤᠨ ᠰᠣᠷᠣᠭᠴᠢ︾ ᠡᠯᠰᠡᠬᠦ ᠵᠡᠷᠭᠡ ᠨᠡᠷ᠎ᠡ ᠪᠠᠷ ᠪᠠᠶᠢᠭᠤᠯᠤᠯᠭ᠎ᠠ ᠪᠤᠶᠤ ᠰᠣᠷᠣᠭᠴᠢ ᠡᠯᠰᠡᠬᠦ ᠰᠠᠯᠠᠭ᠎ᠠ ᠮᠥᠴᠢᠷ ᠤᠨ ᠠᠵᠢᠯᠲᠠᠨ ᠢᠶᠠᠷ ᠣᠪᠯᠠᠨ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠰᠤᠷᠤᠯᠭ᠎ᠠ ᠶᠢᠨ ᠨᠠᠮᠲᠠᠷ ᠢᠶᠠᠨ ᠮᠡᠳᠡᠷᠡᠭᠦᠯᠬᠦ᠂ ᠲᠡᠭᠦᠰᠦᠭᠰᠡᠨ ᠤ ᠳᠠᠷᠠᠭ᠎ᠠ ᠴᠥᠮ ᠠᠵᠢᠯ ᠲᠣᠬᠢᠷᠠᠭᠤᠯᠤᠨ᠎ᠠ ᠭᠡᠵᠦ ᠠᠮᠠᠯᠠᠬᠤ ᠵᠡᠷᠭᠡ ᠬᠤᠳᠠᠯ ᠬᠠᠭᠤᠷᠮᠠᠭ ᠦᠭᠡ ᠪᠠᠷ ᠮᠡᠬᠡᠯᠡᠯ ᠶᠠᠪᠤᠭᠤᠯᠳᠠᠭ᠃ ᠪᠠᠰᠠ ᠵᠠᠷᠢᠮ ᠬᠠᠤᠯᠢ ᠪᠤᠰᠤ ᠡᠲᠡᠭᠡᠳ ᠨᠢ ︽ᠥᠪᠡᠷ ᠢᠶᠠᠨ ᠣᠨᠴᠠᠭᠠᠶ ᠬᠠᠷᠢᠴᠠᠭ᠎ᠠ ᠲᠠᠢ︾ ᠭᠡᠵᠦ᠂ ︽ᠰᠢᠯᠭᠠᠭᠤᠯᠤᠭᠴᠢ ᠶᠢᠨ ᠣᠯᠣᠭᠰᠠᠨ ᠬᠤᠪᠢ ᠨᠢ ᠬᠦᠷᠬᠦ ᠦᠭᠡᠢ ᠪᠣᠯ ᠵᠣᠭᠤᠰ ᠵᠠᠷᠤᠪᠠᠯ ᠳᠠᠷᠤᠢ ᠡᠯᠰᠡᠭᠳᠡᠬᠦ ᠶᠢ ᠪᠠᠲᠤᠯᠠᠵᠤ ᠴᠢᠳᠠᠨ᠎ᠠ︾ ᠭᠡᠵᠦ ᠠᠮᠠᠯᠠᠵᠤ᠂ ᠡᠭᠦᠨ ᠤ ᠤᠯᠠᠮ ᠠᠴᠠ ᠵᠣᠭᠤᠰ ᠮᠥᠩᠭᠦ ᠮᠡᠬᠡᠯᠡᠨ ᠠᠪᠲᠠᠭ᠃      ᠰᠢᠯᠭᠠᠭᠤᠯᠤᠭᠴᠢ ᠪᠠ ᠭᠡᠷ ᠤᠨ ᠠᠬᠠᠮᠠᠳ  ᠰᠣᠨᠣᠷ ᠰᠡᠷᠡᠮᠵᠢ ᠪᠠᠨ ᠳᠡᠭᠡᠭᠰᠢᠯᠡᠭᠦᠯᠬᠦ ᠬᠡᠷᠡᠭᠲᠡᠢ᠂ ᠢᠷᠡᠯᠲᠡ ᠨᠢ ᠲᠣᠳᠣᠷᠬᠠᠢ ᠦᠭᠡᠢ ᠰᠦᠯᠵᠢᠶᠡᠨ ᠤ ᠬᠠᠶ᠋ᠢᠭ ᠤᠨ ᠴᠥᠷᠬᠡᠯᠡᠭᠡ ᠶᠢ ᠳᠠᠷᠤᠵᠤ ᠪᠣᠯᠬᠤ ᠦᠭᠡᠢ᠃ ᠰᠢᠯᠭᠠᠭᠤᠯᠤᠭᠴᠢ ᠶᠢᠨ ᠬᠢᠷᠢ ᠪᠦᠲᠦᠮᠵᠢ᠂ ᠡᠷᠡᠮᠡᠯᠵᠡᠯ ᠲᠠᠭᠯᠠᠬᠤ᠂ ᠡᠯᠰᠡᠭᠰᠡᠨ ᠮᠡᠳᠡᠭᠡ ᠵᠠᠩᠭᠢ ᠵᠡᠷᠭᠡ ᠶᠢ ᠪᠠᠶᠢᠴᠠᠭᠠᠨ ᠯᠠᠪᠯᠠᠬᠤ ᠳᠤ ᠡᠷᠬᠡᠪᠰᠢ ᠲᠤᠬᠠᠢ ᠶᠢᠨ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠠᠷᠭ᠎ᠠ ᠪᠠᠷ ᠪᠠᠶᠢᠴᠠᠭᠠᠨ ᠯᠠᠪᠯᠠᠬᠤ ᠪᠠ ᠲᠠᠭᠯᠠᠬᠤ ᠬᠡᠷᠡᠭᠲᠡᠢ᠃  
ᠢᠷᠡᠯᠲᠡ᠄ ᠠᠷᠠᠳ ᠤᠨ ᠰᠦᠯᠵᠢᠶ᠎ᠡ