ᠦᠪᠤᠷ ᠮᠤᠩᠭᠤᠯ 74.42 ᠳ᠋ᠦᠡᠭᠰᠢᠭᠤᠷ ᠲᠦᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2024/6/19
       ᠤᠳᠤᠬᠠᠨ ᠪᠤᠯᠳᠠᠯ᠎ᠠ᠂ ᠦᠪᠤᠷ ᠮᠤᠩᠭᠤᠯ ᠨᠢᠭᠡᠨᠳᠡ 2024 ᠤᠨ ᠤ ᠬᠦᠴᠢᠷᠳᠡᠯᠳᠠᠢ ᠤᠯᠡᠨ ᠲᠦᠮᠡᠨ ᠢ ᠠᠪᠤᠷᠠᠨ ᠲᠤᠰᠠᠯᠠᠬᠤ ᠲᠤᠰᠠᠯᠠᠮᠵᠢ ᠶᠢᠨ ᠪᠡᠯᠨ ᠮᠦᠡᠭᠬᠦ ᠶᠢ 74.42 ᠳ᠋ᠦᠡᠭᠰᠢᠭᠤᠷ ᠲᠦᠭᠦᠷᠢᠭ ᠪᠠᠭᠤᠯᠭᠠᠪᠠ᠃        ᠡᠭᠦᠨ ᠳᠤ᠂  ᠲᠦᠪ ᠤᠨ ᠡᠳ᠋ ᠤᠨ ᠵᠠᠰᠠᠭ ᠤᠨ ᠠᠪᠤᠷᠠᠨ ᠲᠤᠰᠠᠯᠠᠬᠤ ᠨᠦᠬᠦᠪᠤᠷᠢ ᠶᠢᠨ ᠪᠡᠯᠨ ᠮᠦᠡᠭᠬᠦ 56.33 ᠳ᠋ᠦᠡᠭᠰᠢᠭᠤᠷ ᠲᠦᠭᠦᠷᠢᠭ᠂ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠡᠳ᠋ ᠤᠨ ᠵᠠᠰᠠᠭ ᠤᠨ ᠠᠪᠤᠷᠠᠨ ᠲᠤᠰᠠᠯᠠᠬᠤ ᠨᠦᠬᠦᠪᠤᠷᠢ ᠶᠢᠨ ᠪᠡᠯᠨ ᠮᠦᠡᠭᠬᠦ 18.09 ᠳ᠋ᠦᠡᠭᠰᠢᠭᠤᠷ ᠲᠦᠭᠦᠷᠢᠭ ᠪᠠᠶᠢᠵᠤ᠂ ᠬᠤᠳᠠ ᠬᠦᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠬᠦᠷᠳᠡᠵᠤ ᠪᠠᠶᠢᠭ᠎ᠠ ᠬᠦᠮᠤᠰ᠂ ᠤᠨᠴᠨ ᠬᠦᠴᠢᠷᠳᠡᠯᠳᠠᠢ ᠬᠦᠮᠤᠰ᠂ ᠦᠨᠤᠴᠢᠨ ᠬᠡᠤᠭᠡᠳ ᠪᠡ ᠪᠤᠳᠠᠳᠠᠢ ᠠᠰᠠᠷᠠᠨ ᠲᠡᠵᠢᠭᠡᠬᠦ ᠬᠦᠮᠤᠨ ᠦᠭᠡᠢ ᠬᠡᠤᠭᠡᠳ ᠢ ᠪᠠᠭᠳᠠᠭᠠᠬᠰᠡᠨ 167 ᠲᠦᠮᠡᠨ ᠬᠦᠮᠤᠨ ᠤ ᠦᠨᠳᠤᠰᠤᠨ ᠠᠮᠢᠳᠤᠷᠠᠯ ᠢ ᠪᠠᠳᠤᠯᠠᠪᠠ᠃ 
ᠢᠷᠡᠯᠲᠡ᠄ ᠠᠷᠠᠳ ᠤᠨ ᠰᠦᠯᠵᠢᠶ᠎ᠡ