ᠳ᠋ᠦ᠋ ᠬᠤᠢ ᠯᠢᠶᠠᠩ ᠬᠢᠶ᠎ᠠ ᠪᠠᠭᠰᠢ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/21
      6 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠬᠢᠶ᠎ᠠ ᠪᠠᠭᠰᠢ ᠲᠣᠭᠤᠷᠢᠭ ᠲᠤ ᠠᠮᠢ ᠠᠬᠤᠢ ᠶᠢᠨ ᠵᠠᠰᠠᠯᠲᠠ᠂ ᠮᠥᠩᠭᠦᠨ ᠭᠦᠢᠯᠭᠡᠭᠡᠨ ᠤ ᠬᠥᠭᠵᠢᠯᠲᠡ ᠪᠠ ᠬᠠᠶᠢᠷ᠎ᠠ ᠬᠠᠯᠠᠮᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠳᠡᠳ᠋ ᠬᠤᠲᠠ ᠶᠢᠨ ᠳᠠᠷᠤᠭ᠎ᠠ ᠵᠢᠷᠤᠮᠲᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
01.JPG      
       ᠠᠪᠠᠭᠠᠢ ᠰᠣᠪᠠᠭ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠦᠯᠢᠭᠡᠷ ᠳᠠᠭᠤᠷᠢᠶᠠᠯ ᠤᠨ ᠢᠨᠵᠧᠨᠧᠷᠢᠩ᠂ ᠴᠢᠩ ᠴᠦᠨ ᠱᠠᠨ ᠲᠦᠮᠡᠨ ᠮᠦ ᠠᠮᠢ ᠠᠬᠤᠢ ᠶᠢᠨ ᠤᠢ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠳ᠋ᠦ᠋ ᠬᠤᠢ ᠯᠢᠶᠠᠩ ᠭᠤᠣᠯ ᠤᠨ ᠵᠠᠮ ᠢ ᠵᠠᠰᠠᠬᠤ᠂ ᠨᠣᠭᠤᠭᠠᠷᠠᠭᠤᠯᠵᠤ ᠣᠶᠢᠵᠢᠭᠤᠯᠬᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠲᠣᠭᠤᠰᠢᠯᠠᠭᠤᠯᠵᠣ᠂ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠣᠨ᠂ ᠭᠤᠣᠯ ᠮᠥᠷᠡᠨ ᠤ ᠳᠠᠷᠤᠭ᠎ᠠ ᠶᠢᠨ ᠲᠦᠷᠢᠮ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠵᠠᠰᠠᠯᠲᠠ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠳ᠋ᠦᠩᠨᠡᠨ ᠳᠡᠯᠭᠡᠷᠡᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠦᠨᠡᠨᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠠᠮᠢ ᠠᠬᠤᠶ ᠶᠢᠨ ᠡᠬᠢ ᠪᠠᠶᠠᠯᠢᠭ ᠢ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠣᠨ᠂ ᠨᠢᠭᠡ ᠪᠦᠯᠦᠭ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ᠂ ᠣᠷᠣᠯᠴᠠᠬᠤ ᠬᠡᠮᠵᠢᠶ᠎ᠡ ᠪᠠᠷ ᠥᠨᠳᠥᠷ ᠭᠤᠤᠯ ᠰᠡᠳᠦᠪᠲᠦ ᠠᠵᠢᠯᠯᠠᠭ᠎ᠠ ᠶᠢ ᠨᠠᠷᠢᠨ ᠨᠢᠮᠪᠠᠶ ᠲᠥᠰᠦᠪᠯᠡᠨ ᠭᠠᠷᠭᠠᠵᠤ᠂ ᠣᠯᠠᠨ ᠲᠦᠮᠡᠨ ᠤ ᠪᠣᠬᠢᠷᠲᠤᠯ ᠥᠬᠡᠶ ᠬᠦᠷᠲᠡᠮᠵᠢ ᠶᠢᠨ ᠲᠥᠷᠥᠭᠳᠡᠯ ᠪᠠ ᠠᠮᠢ ᠠᠬᠤᠶ ᠶᠢᠨ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠲᠡᠭᠦᠯᠳᠡᠷᠵᠢᠭᠦᠯᠵᠦ᠂ ᠲᠤᠨᠤᠭ ᠲᠥᠬᠦᠭᠡᠷᠦᠮᠵᠢ ᠶᠢ ᠭᠦᠢᠴᠡᠳ  ᠪᠡᠯᠡᠳᠭᠡᠨ᠂ ᠤᠰᠤᠨ ᠴᠥᠭᠦᠷᠥᠮ ᠤᠰᠤᠨ ᠬᠠᠰᠢᠯᠭ᠎ᠠ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠶᠢ ᠲᠣᠭᠤᠷᠢᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠯᠢᠭ ᠨᠠᠶᠢᠲᠠᠪᠣᠷᠢᠵᠢᠭᠤᠯᠣᠨ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠬᠡᠯᠡᠪᠡ᠃
02.JPG
       ᠬᠢᠶ᠎ᠠ ᠪᠠᠭᠰᠢ ᠶᠢᠨ ᠲᠣᠭᠠᠴᠢᠯᠠᠭᠰᠠᠨ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ᠂ ᠳ᠋ᠦ᠋ ᠬᠤᠢ ᠯᠢᠶᠠᠩ ᠴᠢᠳᠠᠪᠬᠢ ᠶᠢᠨ ᠪᠠᠶᠢᠷᠢᠰᠢᠭᠤᠯᠤᠯᠲᠠ᠂ ᠲᠦᠷᠦ ᠶᠢᠨ ᠪᠤᠳᠤᠯᠭ᠎ᠠ ᠶᠢᠨ ᠳᠡᠮᠵᠢᠯᠭᠡ᠂ ᠠᠵᠤ ᠠᠬᠤᠶᠢᠯᠠᠯ ᠤᠨ ᠣᠷᠣᠵᠤ ᠰᠠᠭᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠰᠠᠭᠤᠷᠢᠨ ᠭᠠᠵᠠᠷ ᠤᠨ ᠢᠵᠢ ᠪᠦᠷᠢᠳᠦᠭᠰᠡᠨ ᠲᠥᠬᠦᠭᠡᠷᠦᠮᠵᠢ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠮᠥᠩᠭᠦᠨ ᠭᠦᠢᠯᠭᠡᠭᠡᠨ ᠤ ᠠᠷᠠᠯᠵᠢᠶᠠᠴᠢᠨ ᠤᠷᠢᠬᠤ ᠡᠷᠴᠢᠮ ᠢ ᠴᠢᠩᠭᠠᠷᠠᠭᠤᠯᠵᠤ᠂ ᠨᠡᠩ ᠤᠯᠠᠨ ᠰᠢᠯᠢᠳᠡᠭ ᠮᠥᠩᠭᠦᠨ ᠭᠦᠢᠯᠭᠡᠭᠡᠨ ᠤ ᠠᠵᠤ ᠠᠬᠤᠶᠢᠯᠠᠯ ᠪᠣᠯᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠪᠦᠬᠦ ᠬᠤᠳᠠ ᠶᠢᠨ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠬᠡᠯᠡᠪᠡ᠃
03.JPG
       ᠬᠢᠶ᠎ᠠ ᠪᠠᠭᠰᠢ ᠲᠣᠭᠤᠷᠢᠭ ᠤᠨ ᠢᠯᠴᠢ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠬᠦ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠳ᠋ᠦ᠋ ᠬᠤᠢ ᠯᠢᠶᠠᠩ ᠬᠢᠶ᠎ᠠ ᠪᠠᠭᠰᠢ ᠲᠣᠭᠤᠷᠢᠭ ᠤᠨ ᠳᠤᠯᠠᠭᠠᠨ ᠳᠤᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ︽ᠡᠪᠦᠯ ᠤᠨ ᠡᠪᠡᠳᠴᠢᠨ ᠢ ᠵᠣᠨ ᠵᠠᠰᠠᠬᠤ︾ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ᠂ ᠬᠤᠭᠤᠯᠠᠢ ᠲᠣᠣᠷ ᠢ ᠥᠭᠡᠷᠡᠴᠢᠯᠡᠬᠦ᠂ ᠲᠥᠬᠦᠭᠡᠷᠦᠮᠵᠢ ᠶᠢ ᠰᠢᠨᠡᠳᠬᠡᠬᠦ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠣᠨ᠂ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠ ᠶᠢᠨ ᠠᠷᠠᠳ ᠤᠯᠠᠨ ᠳᠤ ᠬᠠᠯᠠᠭᠤᠨ ᠳᠤᠯᠠᠭᠠᠨ ᠢᠨᠵᠧᠨᠧᠷᠢᠩ ᠤᠨ ᠠᠪᠴᠢᠷᠠᠭᠰᠠᠨ ᠰᠢᠨ᠎ᠡ ᠬᠤᠪᠢᠷᠠᠯᠲᠠ ᠰᠢᠨ᠎ᠡ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠬᠦ ᠬᠡᠷᠡᠭᠲᠡᠢ ᠭᠡᠵᠦ ᠬᠡᠯᠡᠪᠡ᠃
04.JPG
 
ᠢᠷᠡᠯᠲᠡ᠄ ᠲᠣᠰ ᠰᠥᠯᠵᠢᠶ᠎ᠡ