ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠢᠶ᠎ᠠ ᠪᠠᠭᠰᠢ ᠲᠣᠭᠤᠷᠢᠭ ᠲᠤ ᠬᠦᠷᠴᠦ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠰᠢᠰᠲ᠋ᠧᠮ ᠢ ᠬᠡᠷᠡᠭᠯᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/21
W020240621310142886968.jpg
    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠠᠯᠪᠠᠨ ᠬᠡᠷ ᠤᠨ ᠳᠡᠳ᠋ ᠡᠷᠬᠢᠯᠡᠭᠴᠢ ᠯᠢᠦ ᠰᠢ ᠽᠢ ᠵᠡᠷᠭᠡ ᠬᠦᠮᠦᠰ ᠬᠢᠶ᠎ᠠ ᠪᠠᠭᠰᠢ ᠲᠣᠭᠤᠷᠢᠭ ᠲᠤ ᠬᠦᠷᠴᠦ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠬᠡᠷᠡᠭᠯᠡᠭᠰᠡᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠢ ᠬᠢᠶ᠎ᠠ ᠪᠠᠭᠰᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠱᠧ ᠬᠠᠶ ᠮᠢᠩ ᠡᠷᠭᠢᠯᠡᠵᠦ᠂ ᠬᠠᠮᠢᠶ᠎ᠠ ᠪᠥᠬᠦᠶ ᠳᠤᠭᠤᠶᠢᠯᠠᠩ  ᠲᠠᠰᠤᠭ ᠤᠨ ᠬᠠᠷᠢᠭᠤᠴᠠᠯᠭᠠᠲᠠᠨ᠂ ᠲᠥᠰᠦᠪ ᠤᠨ ᠨᠢᠭᠡᠴᠡ ᠶᠢᠨ ᠲᠥᠯᠥᠭᠡᠯᠡᠭᠴᠢ ᠬᠠᠮᠲᠤ ᠪᠠᠷ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠲᠣᠪᠴᠢᠶᠠᠨ ᠳᠠᠷᠤᠭ᠎ᠠ ᠱᠧ ᠬᠠᠢ ᠮᠢᠩ ᠬᠢᠶ᠎ᠠ ᠪᠠᠭᠰᠢ ᠲᠣᠭᠤᠷᠢᠭ ᠤᠨ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠰᠢᠰᠲ᠋ᠧᠮ ᠤᠨ ᠠᠵᠢᠯᠯᠠᠭᠠᠨ ᠤ ᠪᠠᠶᠢᠳᠠᠯ ᠵᠢᠴᠢ ᠣᠯᠤᠭᠰᠠᠨ ᠦᠷ᠎ᠡ ᠪᠦᠲᠦᠮᠵᠢ ᠣᠯᠤᠭᠰᠠᠨ᠂ ᠣᠳᠣᠬᠠᠨ ᠳᠤ ᠣᠷᠣᠰᠢᠵᠤ ᠪᠠᠶᠢᠭ᠎ᠠ ᠬᠠᠮᠢᠶ᠎ᠠ ᠪᠦᠬᠦᠢ ᠠᠰᠠᠭᠤᠳᠠᠯ᠂ ᠨᠢᠭᠡ ᠴᠣᠭᠴᠠᠵᠢᠭᠤᠯᠬᠤ ᠰᠢᠰᠲ᠋ᠧᠮ ᠤᠨ ᠲᠤᠬᠠᠶ ᠰᠠᠨᠠᠭᠤᠯᠭ᠎ᠠ ᠬᠦᠰᠡᠯ ᠵᠡᠷᠭᠡ ᠲᠠᠯ᠎ᠠ ᠪᠠᠷ ᠬᠠᠷᠢᠭᠤ ᠮᠡᠳᠡᠭᠦᠯᠦᠯᠲᠡ ᠬᠢᠵᠡᠶ᠃ ᠬᠠᠮᠢᠶ᠎ᠠ ᠪᠦᠬᠦᠢ ᠳᠤᠭᠤᠶᠢᠯᠠᠩ  ᠳᠠᠰᠤᠭ ᠤᠨ ᠬᠠᠷᠢᠭᠤᠴᠠᠯᠭᠠᠲᠠᠨ᠂ ᠲᠥᠰᠦᠪ ᠤᠨ ᠨᠢᠭᠡᠴᠡ ᠶᠢᠨ ᠲᠥᠯᠥᠭᠡᠯᠡᠭᠴᠢ ᠴᠢᠳᠠᠮᠵᠢ ᠶᠢᠨ ᠨᠠᠷᠢᠨ ᠵᠦᠢᠯᠡᠰ ᠢ ᠲᠡᠭᠦᠯᠳᠡᠷᠵᠢᠭᠦᠯᠬᠦ᠂ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠬᠦ᠂ ᠠᠵᠢᠯᠯᠠᠭᠠᠨ ᠤ ᠬᠠᠮᠠᠭᠠᠯᠠᠯᠲᠠ ᠶᠢ ᠴᠢᠩᠭᠠᠳᠬᠠᠬᠤ᠂ ᠨᠡᠪᠲᠡᠷᠡᠯᠴᠡᠨ ᠬᠠᠷᠢᠭᠤ ᠲᠤᠰᠬᠠᠬᠤ ᠲᠣᠭᠲᠠᠴᠠ ᠶᠢ ᠥᠷᠭᠡᠳᠬᠡᠬᠦ ᠵᠡᠷᠭᠡ ᠶᠢ ᠪᠠᠶᠢᠴᠠᠭᠠᠨ ᠰᠤᠳᠤᠯᠬᠤ ᠳᠤᠭᠤᠶᠢᠯᠠᠩ ᠲᠠᠢ ᠭᠦᠨᠵᠡᠭᠡᠶ ᠶᠠᠷᠢᠯᠴᠠᠨ ᠰᠣᠯᠢᠯᠴᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠬᠠᠷᠢᠭᠤ ᠮᠡᠳᠡᠭᠦᠯᠦᠯᠲᠡ ᠶᠢ  ᠰᠤᠨᠤᠰᠤᠨ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ ᠤ ᠳᠠᠷᠠᠭ᠎ᠠ᠂ ᠬᠢᠶ᠎ᠠ ᠪᠠᠭᠰᠢ ᠲᠣᠭᠤᠷᠢᠭ ᠤᠨ ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠰᠢᠰᠲ᠋ᠧᠮ ᠤᠨ ᠪᠠᠶᠢᠭᠤᠯᠤᠯᠲᠠ ᠬᠡᠷᠡᠭᠯᠡᠯᠲᠡ ᠶᠢᠨ ᠪᠠᠶᠢᠳᠠᠯ ᠤᠨ ᠣᠯᠤᠭᠰᠠᠨ ᠦᠷ᠎ᠡ ᠪᠦᠲᠦᠮᠵᠢ ᠶᠢ ᠨᠤᠲᠠᠯᠠᠬᠤ ᠶᠢᠨ ᠬᠠᠮᠲᠤ ᠰᠢᠰᠲ᠋ᠧᠮ ᠢ ᠤᠯᠠᠮ ᠨᠢᠭᠡ ᠠᠯᠬᠤᠮ ᠰᠠᠶᠢᠲᠤᠷ ᠬᠡᠷᠡᠭᠯᠡᠬᠦ ᠲᠤᠬᠠᠶ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃    ᠲᠠᠷᠠᠭᠠᠴᠢ ᠶᠢᠨ ᠠᠯᠬᠤᠮ ᠳᠤ᠂ ᠬᠢᠶ᠎ᠠ ᠪᠠᠭᠰᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠡᠯ᠎ᠡ ᠲᠥᠰᠦᠪ ᠤᠨ ᠰᠠᠯᠠᠭ᠎ᠠ ᠮᠥᠴᠢᠷ ︵ᠨᠢᠭᠡᠴᠡ︶ ᠲᠠᠢ ᠨᠢᠭᠡ ᠴᠣᠭᠴᠠᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠂  ᠮᠡᠳᠡᠭᠦᠯᠬᠦ ᠶᠢᠨ ᠬᠦᠰᠦᠨᠦᠭᠲᠦ ᠶᠢ  ᠯᠠᠪᠯᠠᠨ ᠠᠰᠠᠭᠤᠬᠤ ᠂ ᠰᠢᠰᠲ᠋ᠧᠮ ᠢ ᠬᠡᠷᠡᠭᠯᠡᠬᠦ ᠪᠠ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ ᠶᠢ ᠦᠷᠭᠦᠯᠵᠢᠯᠡᠨ ᠰᠢᠯᠢᠳᠡᠭᠵᠢᠭᠦᠯᠵᠦ᠂ ᠲᠤᠬᠠᠶᠢᠯᠠᠭᠰᠠᠨ ᠠᠵᠢᠯ ᠤᠨ ᠠᠵᠢᠯᠲᠠᠨ ᠤ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠰᠢᠰᠲ᠋ᠧᠮ ᠶᠢ ᠵᠠᠷᠤᠬᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠢᠭᠡ ᠴᠣᠭᠴᠠᠵᠢᠭᠤᠯᠬᠤ ᠰᠢᠰᠲ᠋ᠧᠮ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠬᠡᠷᠡᠭᠯᠡᠬᠦ ᠪᠠᠷ ᠪᠥᠬᠦ ᠲᠤᠭᠤᠷᠢᠭ ᠤᠨ ᠡᠳ᠋ ᠤᠨ ᠵᠠᠰᠠᠭ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠨ᠎ᠠ᠃
ᠢᠷᠡᠯᠲᠡ᠄ ᠳᠣᠰ ᠰᠦᠯᠵᠢᠶ᠎ᠡ