ᠣᠷᠳᠣᠰ ᠬᠤᠲᠠ ᠶᠢᠨ ︽ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ ᠰᠢᠶᠠᠩ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ︾ ᠢ ᠨᠡᠶᠢᠲᠡᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/6/21
     6 ᠰᠠᠷ᠎ᠠ ᠶᠢᠨ 18 ᠤ ᠡᠳᠦᠷ᠂ ᠣᠷᠳᠣᠰ ᠬᠤᠳᠠ ᠶᠢᠨ ︽ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ ᠰᠢᠶᠠᠩ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ︾ ᠢ ᠨᠡᠶᠢᠲᠡᠯᠡᠬᠦ ᠬᠤᠷᠠᠯ ᠵᠢᠴᠢ ᠲᠤᠬᠠᠢ ᠶᠢᠨ ᠲᠠᠯᠠᠪᠠᠢ ᠶᠢᠨ ᠲᠤᠷᠰᠢᠯᠭ᠎ᠠ ᠰᠣᠯᠢᠯᠴᠠᠬᠤ ᠬᠤᠷᠠᠯ ᠦᠦᠰᠢᠨ ᠬᠤᠰᠢᠭᠤᠨ ᠳᠤ ᠬᠤᠷᠠᠯᠳᠤᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠧᠨ ᠬᠤᠸᠠ ᠬᠤᠷᠠᠯ ᠳᠤ ᠣᠷᠣᠯᠴᠠᠭᠰᠠᠨ ᠤ ᠬᠠᠮᠳᠤ ᠶᠠᠷᠢᠶ᠎ᠠ ᠳᠠᠯᠪᠢᠵᠠᠢ᠃     ᠬᠤᠷᠠᠯ ᠠᠴᠠ ︽ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ ᠰᠢᠶᠠᠩ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ︾ ᠤᠨ ᠬᠤᠯᠪᠤᠬᠳᠠᠯ ᠪᠦᠬᠦᠢ ᠪᠠᠶᠢᠳᠠᠯ ᠤᠨ ᠲᠤᠬᠠᠢ ᠲᠠᠶᠢᠯᠤᠮᠵᠢ ᠬᠢᠪᠡ︔ ᠳᠠᠯᠠᠳ ᠬᠤᠰᠢᠭᠤᠨ ᠤ ᠪᠠᠢ ᠨᠢ ᠵᠢᠩ ᠪᠠᠯᠭᠠᠰᠤ᠂ ᠵᠡᠭᠦᠨᠭᠠᠷ ᠬᠤᠰᠢᠭᠤᠨ ᠤ ᠨᠠᠷᠠᠰᠤᠨ ᠪᠠᠯᠭᠠᠰᠤ᠂ ᠦᠦᠰᠢᠨ ᠬᠤᠰᠢᠭᠤᠨ ᠤ ᠤᠯᠠᠭᠠᠨᠲᠣᠯᠤᠭᠠᠢ ᠪᠠᠯᠭᠠᠰᠤ ᠶᠢᠨ ᠬᠢᠨ ᠳᠤᠰ ᠳᠤᠰ ᠰᠠᠨᠠᠯ ᠢᠶᠠᠨ ᠰᠣᠯᠢᠯᠴᠠᠬᠤ ᠦᠭᠡ ᠬᠡᠯᠡᠪᠡ᠃     ᠵᠧᠨ ᠬᠤᠸᠠ᠂ ᠦᠦᠰᠢᠨ ᠬᠤᠰᠢᠭᠤ ︽ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ︾ ᠪᠠᠷ ᠵᠢᠯᠣᠭᠤᠳᠤᠯᠭ᠎ᠠ ᠪᠣᠯᠭᠠᠵᠤ᠂ ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ ᠠᠵᠤ ᠦᠢᠯᠡᠰ᠂ ᠠᠮᠢ ᠠᠬᠤᠢ᠂ ᠰᠣᠶᠣᠯ᠂ ᠦᠢᠯᠡᠴᠢᠯᠡᠭᠡ᠂ ᠵᠠᠰᠠᠯᠲᠠ᠂ ᠦᠢᠯᠡᠰ ᠪᠦᠳᠦᠭᠡᠬᠦ ᠵᠡᠷᠭᠡ ︽ᠵᠢᠷᠭᠤᠭᠠᠨ ᠲᠣᠮᠣ ᠬᠠᠨᠳᠤᠰᠢ ᠪᠠᠶᠢᠳᠠᠯ︾ ᠢ ᠢᠳᠡᠪᠬᠢᠲᠡᠢ ᠰᠦᠪᠡᠭᠴᠢᠯᠡᠨ ᠪᠣᠶ ᠪᠣᠯᠭᠠᠵᠤ᠂ ᠣᠷᠣᠨ ᠨᠤᠲᠤᠭ ᠤᠨ ᠣᠨᠴᠠᠯᠢᠭ ᠲᠠᠢ ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ ᠰᠢᠨ᠎ᠡ ᠵᠠᠮ ᠢ ᠨᠡᠭᠡᠭᠡᠭᠰᠡᠨ ᠪᠠᠶᠢᠨ᠎ᠠ᠃ ᠡᠨᠡ ᠰᠠᠭᠤᠷᠢᠨ ᠳᠡᠭᠡᠷ᠎ᠡ᠂ ᠡᠯ᠎ᠡ ᠬᠤᠰᠢᠭᠤ ᠲᠤᠭᠤᠷᠢᠭ ᠤᠨ ᠦᠢᠯᠡᠳᠦᠯᠭᠡ ᠬᠠᠶᠢᠨ ᠰᠦᠪᠡᠭᠴᠢᠯᠡᠯᠲᠡ ᠶᠢᠨ ᠲᠤᠷᠰᠢᠯᠭ᠎ᠠ ᠶᠢ ᠤᠯᠠᠮ ᠨᠢᠭᠡ ᠠᠯᠬᠤᠮ ᠳ᠋ᠦᠩᠨᠡᠨ ᠪᠣᠯᠪᠠᠰᠤᠷᠠᠭᠤᠯᠬᠤ ᠪᠠᠷ ᠳᠡᠮᠵᠢᠭᠤᠯᠤᠨ᠂ ᠵᠧᠵᠢᠶᠠᠩ ᠮᠤᠵᠢ ᠶᠢᠨ ᠪᠠᠷᠢᠮᠵᠢᠶᠠᠵᠢᠭᠤᠯᠤᠯᠲᠠ ᠶᠢᠨ ᠰᠤᠳᠤᠯᠭᠠᠨ ᠤ ᠬᠦᠷᠢᠶᠡᠯᠡᠩ ᠲᠠᠢ ᠭᠦᠨᠵᠡᠭᠡᠢ ᠬᠠᠮᠲᠤᠷᠠᠯᠴᠠᠵᠤ᠂ ︽ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ ᠰᠢᠶᠠᠩ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ︾ ᠭᠡᠬᠦ ᠣᠷᠳᠣᠰ ᠬᠤᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠵᠤ ᠨᠡᠶᠢᠲᠡᠯᠡᠨ᠂ ᠬᠤᠶᠢᠰᠢᠳᠠ ᠶᠢᠨ ᠪᠥᠬᠦ ᠬᠤᠲᠠ ᠶᠢᠨ ᠵᠢᠷᠤᠮᠵᠢᠭᠰᠠᠨ᠂ ᠰᠢᠰᠲ᠋ᠧᠮᠵᠢᠭᠰᠡᠨ᠂ ᠴᠢᠨᠠᠷ ᠰᠠᠶᠢᠲᠠᠢ ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠡᠷᠡᠭᠵᠢᠭᠦᠯᠵᠦ ᠪᠣᠯᠬᠤᠶᠢᠴᠡ᠂ ᠨᠠᠶᠢᠳᠠᠪᠤᠷᠢᠵᠢᠭᠤᠯᠵᠤ ᠪᠣᠯᠬᠤᠶᠢᠴᠡ᠂ ᠬᠠᠭᠤᠯᠪᠤᠷᠢᠯᠠᠵᠤ ᠪᠣᠯᠬᠤᠶᠢᠴᠡ ᠣᠶᠤᠨᠴᠢ ᠲᠥᠰᠥᠯ ᠢ ᠬᠠᠩᠭᠠᠬᠤ ᠪᠤᠯᠤᠨ᠎ᠠ᠃ ᠲᠠᠷᠠᠭᠠᠴᠢ ᠶᠢᠨ ᠠᠯᠬᠤᠮ ᠳᠤ᠂ ᠡᠯ᠎ᠡ ᠬᠤᠰᠢᠭᠤ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠨᠤᠭᠤᠳ ︽ᠵᠦᠭᠯᠡᠭᠦᠷ︾ ᠢ ᠥᠷᠭᠡᠨ ᠭᠦᠨᠵᠡᠭᠡᠢ ᠤᠬᠠᠭᠤᠯᠤᠨ ᠲᠠᠶᠢᠯᠪᠤᠷᠢᠯᠠᠵᠤ᠂ ᠣᠶᠢᠯᠠᠭᠠᠬᠤ ᠨᠣᠷᠮ᠎ᠠ ᠪᠠ ᠮᠡᠳᠡᠷᠡᠬᠦ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ︽ᠵᠦᠭᠯᠡᠭᠦᠷ︾ ᠤᠨ ᠬᠥᠲᠥᠯᠥᠨ ᠳᠠᠭᠠᠭᠤᠯᠬᠤ ᠪᠠ ᠵᠢᠷᠤᠮᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠲᠣᠬᠢᠷᠠᠭᠤᠯᠤᠨ᠂ ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠣᠳᠣᠬᠢᠴᠢᠯᠠᠭᠰᠠᠨ ᠣᠷᠳᠣᠰ ᠢ ᠪᠦᠲᠦᠭᠡᠨ ᠪᠠᠶᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ ᠭᠡᠪᠡ᠃     ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠪᠠᠰᠠ ᠤᠯᠠᠭᠠᠨᠲᠣᠯᠤᠭᠠᠢ ᠪᠠᠯᠭᠠᠰᠤ ᠶᠢᠨ ᠵᠦᠷᠢᠶᠠᠳᠤ ᠭᠠᠵᠠᠷ ᠤᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠪᠣᠯᠣᠨ ᠪᠠᠶᠠᠨᠰᠢᠯᠢ ᠭᠠᠴᠠᠭ᠎ᠠ ᠶᠢᠨ ᠣᠨᠴᠠᠯᠢᠭᠲᠤ ᠲᠣᠰᠬᠤᠨ ᠳᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃
ᠢᠷᠡᠯᠲᠡ᠄ ᠤᠷᠳᠤᠰ ᠤᠨ ᠡᠳᠤᠷ ᠤᠨ ᠰᠤᠨᠢᠨ ᠤ ᠮᠤᠩᠭᠤᠯ ᠬᠡᠪᠯᠡᠯ