ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠲᠤ ᠠᠵᠢᠯ ᠣᠯᠭᠤᠪᠠᠯ᠂ ᠠᠵᠤ ᠠᠬᠤᠶᠢᠯᠠᠯ ᠨᠢ ᠨᠢᠭᠡ ᠤᠳᠠᠭ᠎ᠠ  ᠶᠢᠨ ᠴᠢᠨᠠᠷᠲᠠᠶ ᠠᠵᠢᠯ ᠤᠨ ᠪᠠᠶᠢᠷᠢ ᠪᠠᠨ ᠥᠷᠭᠡᠳᠬᠡᠭᠰᠡᠨ ᠨᠥᠬᠦᠪᠥᠷᠢ ᠭᠥᠷᠳᠡᠵᠦ ᠪᠣᠯᠤᠨ᠎ᠠ︕
ᠨᠡᠶᠢᠲᠡᠯᠡᠭᠰᠡᠨ ᠴᠠᠭ᠄
2024/6/26
       ᠠᠵᠤ ᠠᠬᠤᠶᠢᠯᠠᠯ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠲᠤ ᠠᠵᠢᠯ ᠣᠯᠭᠤᠪᠠᠯ ᠨᠢᠭᠡ ᠤᠳᠠᠭ᠎ᠠ ᠶᠢᠨ ᠴᠢᠨᠠᠷᠲᠠᠶ ᠠᠵᠢᠯ ᠤᠨ ᠪᠠᠶᠢᠷᠢ ᠪᠠᠨ ᠥᠷᠭᠡᠳᠬᠡᠭᠰᠡᠨ ᠨᠥᠬᠦᠪᠥᠷᠢ ᠬᠦᠷᠳᠡᠭᠡᠨ᠎ᠡ︕ ᠨᠢᠭᠡ ᠤᠳᠠᠭ᠎ᠠ ᠶᠢᠨ ᠴᠢᠨᠠᠷᠲᠠᠶ ᠠᠵᠢᠯ ᠣᠯᠭᠤᠬᠤ ᠨᠥᠬᠦᠪᠥᠷᠢ ᠪᠠ ᠨᠢᠭᠡ ᠤᠳᠠᠭ᠎ᠠ ᠶᠢᠨ ᠴᠢᠨᠠᠷᠲᠠᠶ ᠠᠵᠢᠯ ᠤᠨ ᠪᠠᠶᠢᠷᠢ ᠪᠠᠨ ᠥᠷᠭᠡᠳᠬᠡᠭᠰᠡᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠡᠶᠢᠯᠡᠭᠦᠯᠦᠨ ᠬᠡᠷᠡᠭᠵᠢᠭᠦᠯᠵᠦ᠂ ᠲᠡᠭᠦᠰᠬᠦ ᠣᠨ ᠵᠢᠴᠢ ᠰᠤᠷᠭᠠᠭᠤᠯᠢ ᠠᠴᠠ ᠪᠠᠨ ᠰᠠᠯᠤᠭᠠᠳ ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠭᠰᠡᠨ ᠵᠢᠴᠢ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ 16 ᠠᠴᠠ 24 ᠨᠠᠰᠤᠨ ᠤ ᠵᠠᠯᠠᠭᠤᠴᠤᠳ ᠲᠠᠢ ᠬᠥᠳᠡᠯᠮᠦᠷᠢ ᠶᠢᠨ ᠭᠡᠷ᠎ᠡ ᠲᠣᠭᠲᠠᠬᠰᠠᠨ ᠤ ᠬᠠᠮᠲᠤ ᠲᠣᠭᠲᠠᠭᠠᠯ ᠶᠣᠰᠣᠭᠠᠷ ᠲᠡᠭᠦᠨ ᠳᠤ 3 ᠰᠠᠷ᠎ᠠ ᠠᠴᠠ ᠳᠡᠭᠡᠭᠰᠢ ᠠᠵᠢᠯ ᠠᠯᠳᠠᠭᠰᠠᠨ᠂ ᠠᠵᠢᠯ ᠠᠴᠠ ᠪᠣᠯᠤᠭᠰᠠᠨ ᠭᠡᠮᠲᠦᠯ᠂ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠰᠦᠢᠳᠭᠡᠯ ᠢ ᠬᠦᠢᠴᠡᠳ ᠲᠤᠰᠢᠶᠠᠭᠰᠠᠨ ᠠᠵᠤ ᠠᠬᠤᠶᠢᠯᠠᠯ ᠳᠤ 1 ᠬᠥᠮᠦᠨ ᠡᠯᠰᠡᠨ ᠬᠡᠷᠡᠭᠯᠡᠬᠦ ᠪᠦᠷᠢ 1500 ᠲᠥᠭᠦᠷᠢᠭ ᠠᠴᠠ ᠥᠯᠥ ᠬᠡᠲᠦᠷᠡᠬᠦᠯᠬᠦ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠶ ᠠᠵᠢᠯ ᠤᠨ ᠪᠠᠶᠢᠷᠢ ᠪᠠᠨ ᠥᠷᠭᠡᠳᠬᠡᠭᠰᠡᠨ ᠨᠥᠬᠦᠪᠥᠷᠢ ᠦᠭᠭᠦᠨ᠎ᠡ᠃ ᠬᠡᠷᠡᠭᠰᠡᠬᠦ ᠮᠥᠩᠭᠦ ᠶᠢ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦ ᠠᠴᠠ ᠭᠠᠷᠭᠠᠨ᠎ᠠ᠂ ᠳᠡᠭᠡᠷ᠎ᠡ ᠵᠢᠯ ᠤᠨ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠤᠷᠠᠮᠳᠤᠯ ᠦᠯᠡᠳᠡᠪᠦᠷᠢ ᠮᠦᠡᠭᠭᠦ ᠶᠢᠨ ᠪᠡᠯᠡᠳᠬᠡᠯ ᠬᠤᠭᠤᠴᠠᠭ᠎ᠠ ᠨᠢ 1 ᠵᠢᠯ ᠬᠦᠷᠬᠦ ᠦᠭᠡᠢ ᠮᠤᠵᠢ ᠨᠢ ᠠᠵᠢᠯ ᠣᠯᠭᠤᠯᠲᠠ ᠶᠢᠨ ᠨᠥᠬᠦᠪᠥᠷᠢ ᠪᠡᠯᠡ ᠮᠥᠩᠭᠦ ᠠᠴᠠ ᠭᠠᠷᠭᠠᠨ᠎ᠠ᠃ ᠲᠥᠷᠥ ᠶᠢᠨ ᠪᠣᠳᠣᠯᠭ᠎ᠠ ᠶᠢ 2025 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃
ᠢᠷᠡᠯᠲᠡ᠄ ᠠᠷᠠᠳ ᠤᠨ ᠰᠥᠯᠵᠢᠶ᠎ᠡ