ᠲᠤᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ︽ᠲᠤᠯᠤᠭᠠᠨ ᠰᠠᠷ᠎ᠠ ᠶᠢᠨ ᠨᠢᠭᠡᠨ︾ ᠤ  ᠪᠣᠯᠭᠤᠭᠠᠨ ᠲᠣᠬᠤᠨᠢᠭᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/6/27
       ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢᠨ ᠲᠠᠰᠢᠷᠠᠮ ᠢᠶᠠᠷ᠂ ᠵᠧᠨ ᠬᠤᠸᠠ᠂ ᠸᠠᠩ ᠰᠢᠤᠸᠠᠢ ᠹᠧᠩ᠂ ᠯᠢᠦ ᠵᠢᠶᠦ᠋ᠨ ᠵᠢᠶᠧ᠂ ᠠᠯᠳ᠋ᠬᠠᠤᠷᠬᠢᠯ ᠵᠡᠷᠭᠡ ᠲᠣᠭᠤᠷᠢᠭ ᠤᠨ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠢᠶ᠎ᠠ ᠪᠠᠭᠰᠢ ᠵᠡᠭᠡᠯᠢ ᠭᠤᠳᠤᠮᠵᠢ᠂ ᠴᠢᠩ ᠴᠦᠨ ᠱᠠᠨ ᠵᠡᠭᠡᠯᠢ ᠭᠤᠳᠤᠮᠵᠢ᠂ ᠪᠢᠨ ᠾᠧ ᠵᠡᠭᠡᠯᠢ ᠭᠤᠳᠤᠮᠵᠢ᠂ ᠺᠠᠩ ᠰᠢᠨ ᠵᠡᠭᠡᠯᠢ ᠭᠤᠳᠤᠮᠵᠢ ᠳᠤ ᠬᠦᠷᠴᠦ ᠠᠬᠠᠮᠠᠳ ᠨᠠᠮ ᠤᠨ ᠭᠡᠰᠢᠭᠦᠨ᠂ ᠨᠠᠮ ᠤᠨ ᠭᠡᠰᠢᠭᠦᠨ ᠤ ᠲᠥᠯᠥᠭᠡᠯᠡᠭᠴᠢ ᠶᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠲᠡᠪᠰᠢᠭᠦᠯᠪᠡ᠃
01.JPG
        6 ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠧᠨ ᠬᠤᠸᠠ ᠬᠢᠶ᠎ᠠ ᠪᠠᠭᠰᠢ ᠵᠡᠭᠡᠯᠢ ᠭᠤᠳᠤᠮᠵᠢ ᠳᠤ ᠬᠦᠷᠴᠦ ᠠᠬᠠᠮᠠᠳ ᠨᠠᠮ ᠤᠨ ᠭᠡᠰᠢᠭᠦᠨ ᠵᠤᠤ ᠵᠢᠢ ᠪᠤᠤ ᠶᠢ ᠪᠣᠯᠭᠤᠭᠠᠨ ᠲᠣᠬᠤᠨᠢᠭᠤᠯᠪᠠ᠃
02.JPG
       6 ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠧᠨ ᠬᠤᠸᠠ ᠤᠷᠳᠤᠰ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠡᠭᠦᠨ ᠰᠤᠷᠭᠠᠭᠤᠯᠢ ᠶᠢᠨ ᠲᠣᠭᠤᠷᠢᠭ ᠲᠤ ᠬᠦᠷᠴᠦ ᠨᠠᠮ ᠤᠨ ᠭᠡᠰᠢᠭᠦᠨ ᠪᠠᠭᠰᠢ ᠶᠢᠨ ᠲᠥᠯᠥᠭᠡᠯᠡᠭᠴᠢ ᠳ᠋ᠦ᠋ ᠮᠢᠨ ᠢ ᠪᠣᠯᠭᠤᠭᠠᠨ ᠲᠣᠬᠤᠨᠢᠭᠤᠯᠪᠠ᠃
03.JPG
       6 ᠰᠠᠷ᠎ᠠ ᠶᠢᠨ 26 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠴᠢᠩ ᠴᠦᠨ ᠱᠠᠨ ᠵᠡᠭᠡᠯᠢ ᠭᠤᠳᠤᠮᠵᠢ ᠳᠤ ᠬᠦᠷᠴᠦ ᠠᠬᠠᠮᠠᠳ ᠨᠠᠮ ᠤᠨ ᠭᠡᠰᠢᠭᠦᠨ ᠺᠠᠩ ᠮᠢᠩ ᠵᠦᠩ ᠢ ᠪᠣᠯᠭᠤᠭᠠᠨ ᠲᠣᠬᠤᠨᠢᠭᠤᠯᠪᠠ᠃
04.JPG
      6 ᠰᠠᠷ᠎ᠠ ᠶᠢᠨ 26 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠴᠢᠩ ᠴᠦᠨ ᠱᠠᠨ ᠵᠡᠭᠡᠯᠢ ᠭᠤᠳᠤᠮᠵᠢ ᠳᠤ ᠬᠦᠷᠴᠦ ᠠᠬᠠᠮᠠᠳ ᠨᠠᠮ ᠤᠨ ᠭᠡᠰᠢᠭᠦᠨ ᠸᠠᠩ ᠰᠢᠶᠠᠨ ᠵᠢᠢ ᠶᠢ ᠪᠣᠯᠭᠤᠭᠠᠨ ᠲᠣᠬᠤᠨᠢᠭᠤᠯᠪᠠ᠃
05.JPG
       6 ᠰᠠᠷ᠎ᠠ ᠶᠢᠨ 26 ᠤ ᠡᠳᠦᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠦ ᠵᠢᠶᠦ᠋ᠨ ᠵᠢᠶᠧ ᠪᠢᠨ ᠾᠧ ᠵᠡᠭᠡᠯᠢ ᠭᠤᠳᠤᠮᠵᠢ ᠳᠤ ᠬᠦᠷᠴᠦ ᠠᠬᠠᠮᠠᠳ ᠨᠠᠮ ᠤᠨ ᠭᠡᠰᠢᠭᠦᠨ ᠸᠠᠩ ᠢᠦᠢ ᠬᠦᠢ ᠶᠢ ᠪᠣᠯᠭᠤᠭᠠᠨ ᠲᠣᠬᠤᠨᠢᠭᠤᠯᠪᠠ᠃
06.JPG      
      6 ᠰᠠᠷ᠎ᠠ ᠶᠢᠨ 26 ᠤ ᠡᠳᠦᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠦ ᠵᠢᠶᠦ᠋ᠨ ᠵᠢᠶᠧ ᠪᠢᠨ ᠾᠧ ᠵᠡᠭᠡᠯᠢ ᠭᠤᠳᠤᠮᠵᠢ ᠳᠤ ᠬᠦᠷᠴᠦ ᠠᠬᠠᠮᠠᠳ ᠨᠠᠮ ᠤᠨ ᠭᠡᠰᠢᠭᠦᠨ ᠬᠤᠤ ᠪᠠᠲᠤ ᠶᠢ ᠪᠣᠯᠭᠤᠭᠠᠨ ᠲᠣᠬᠤᠨᠢᠭᠤᠯᠪᠠ᠃
07.JPG
       6 ᠰᠠᠷ᠎ᠠ ᠶᠢᠨ 25 ᠤ ᠡᠳᠦᠷ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠠᠯᠳ᠋ᠬᠠᠤᠷᠬᠢᠯ ᠺᠠᠩ ᠰᠢᠨ ᠵᠡᠭᠡᠯᠢ ᠭᠤᠳᠤᠮᠵᠢ ᠳᠤ ᠬᠦᠷᠴᠦ ᠠᠬᠠᠮᠠᠳ ᠨᠠᠮ ᠤᠨ ᠭᠡᠰᠢᠭᠦᠨ ᠭᠦᠸᠧ ᠮᠧᠢ ᠰᠢᠶᠠᠨ ᠢ ᠪᠣᠯᠭᠤᠭᠠᠨ ᠲᠣᠬᠤᠨᠢᠭᠤᠯᠪᠠ᠃
08.JPG      
      6 ᠰᠠᠷ᠎ᠠ ᠶᠢᠨ 25 ᠤ ᠡᠳᠦᠷ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠠᠯᠳ᠋ᠬᠠᠤᠷᠬᠢᠯ ᠺᠠᠩ ᠰᠢᠨ ᠵᠡᠭᠡᠯᠢ ᠭᠤᠳᠤᠮᠵᠢ ᠳᠤ ᠬᠦᠷᠴᠦ ᠠᠬᠠᠮᠠᠳ ᠨᠠᠮ ᠤᠨ ᠭᠡᠰᠢᠭᠦᠨ ᠸᠠᠩ ᠰᠢᠤᠸᠠᠢ ᠴᠧᠩ ᠢ ᠪᠣᠯᠭᠤᠭᠠᠨ ᠲᠣᠬᠤᠨᠢᠭᠤᠯᠪᠠ᠃       ᠬᠦᠷᠦᠭᠰᠡᠨ ᠭᠠᠵᠠᠷ ᠪᠣᠯᠭᠠᠨ ᠳᠤ᠂ ᠲᠣᠭᠤᠷᠢᠭ ᠤᠨ ᠤᠳᠤᠷᠢᠳᠤᠯᠭ᠎ᠠ ᠴᠥᠮ ᠠᠬᠠᠮᠠᠳ ᠨᠠᠮ ᠤᠨ ᠭᠡᠰᠢᠭᠦᠨ᠂ ᠨᠠᠮ ᠤᠨ ᠭᠡᠰᠢᠭᠦᠨ ᠤ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠲᠡᠳᠡᠨ ᠤ ᠣᠯᠠᠨ ᠵᠢᠯ ᠤᠨ ᠲᠤᠷᠰᠢ ᠦᠨᠳᠦᠰᠦᠨ ᠱᠠᠲᠤᠨ ᠳᠤ ᠦᠨᠳᠦᠰᠦᠯᠡᠵᠦ᠂ ᠣᠯᠠᠨ ᠲᠦᠮᠡᠨ ᠳᠤ ᠦᠢᠯᠡᠴᠢᠯᠡᠵᠦ ᠦᠵᠡᠭᠦᠯᠦᠭᠰᠡᠨ ᠢᠳᠡᠪᠬᠢᠲᠡᠶ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ  ᠢᠯᠡᠳᠭᠡᠨ᠂ ᠲᠡᠳᠡᠨ ᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠪᠠᠷ ︽  ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ︾ ᠶᠢ ᠠᠬᠢᠭᠤᠯᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠶ ᠬᠥᠭᠵᠢᠯᠲᠡ ᠵᠡᠷᠭᠡ ᠲᠠᠯ᠎ᠠ ᠪᠠᠷ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢᠮᠠᠭᠲᠠ ᠠᠬᠠᠮᠠᠳ ᠨᠠᠮ ᠤᠨ ᠭᠡᠰᠢᠭᠦᠨ᠂ ᠨᠠᠮ ᠤᠨ ᠭᠡᠰᠢᠭᠦᠨ ᠤ ᠲᠥᠯᠥᠭᠡᠯᠡᠭᠴᠢ ᠶᠢᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠶᠢ ᠪᠠᠲᠤ ᠴᠡᠭᠡᠵᠢᠯᠡᠨ᠂ ᠲᠡᠳᠡᠨ ᠤ ᠪᠡᠶ᠎ᠡ ᠳᠡᠭᠡᠷ᠎ᠡ ᠠᠴᠠ ᠤᠷᠤᠭᠰᠢᠯᠠᠯᠲᠠ ᠶᠢᠨ ᠬᠦᠴᠦᠨ ᠢ ᠰᠢᠩᠭᠡᠭᠡᠨ ᠠᠪᠴᠤ᠂ ᠡᠪ ᠬᠠᠮᠲᠤᠴᠤᠳ ᠤᠨ ᠤᠯᠤᠰ ᠲᠦᠷᠦ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠣᠷᠣᠨ ᠪᠣᠯᠤᠨ ᠦᠵᠡᠰᠬᠦᠯᠡᠩᠲᠦ ᠰᠠᠶᠢᠬᠠᠨ ᠳᠤᠯᠠᠭᠠᠨ ᠬᠤᠳᠠ ᠶᠢᠨ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠶᠢᠨ ᠨᠡᠩ ᠶᠡᠭᠡ ᠠᠯᠬᠤᠮ ᠠᠯᠬᠤᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠬᠠᠮᠠᠳ ᠨᠠᠮ ᠤᠨ ᠭᠡᠰᠢᠭᠦᠨ᠂ ᠬᠦᠴᠢᠷᠳᠡᠯᠲᠡᠶ ᠨᠠᠮ ᠤᠨ ᠭᠡᠰᠢᠭᠦᠨ ᠢ ᠬᠠᠯᠠᠮᠵᠢᠯᠠᠨ ᠬᠠᠶᠢᠷᠠᠯᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠨᠠᠮ ᠤᠨ ᠭᠡᠰᠢᠭᠦᠨ ᠤ ᠰᠡᠳᠬᠢᠯ ᠳᠤ ᠦᠨᠡᠨᠬᠦ ᠬᠦᠷᠭᠡᠬᠦ ᠬᠡᠷᠡᠭᠲᠡᠶ ᠭᠡᠪᠡ᠃ 
ᠢᠷᠡᠯᠲᠡ᠄ ᠲᠣᠰ ᠰᠥᠯᠵᠢᠶ᠎ᠡ