ᠲᠣᠭᠤᠷᠢᠭ ᠤᠨ ᠵᠠᠰᠠᠭ ᠤᠨ ᠣᠷᠳᠣᠨ 2024 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠤᠢ ᠰᠢᠭᠤᠢ ᠶᠢᠨ ᠳᠠᠷᠤᠭ᠎ᠠ ᠶᠢᠨ ᠲᠦᠷᠢᠮ᠂ ᠠᠮᠤ ᠪᠤᠳᠠᠭᠠᠨ ᠤ ᠠᠮᠤᠷ ᠲᠦᠪᠰᠢᠨ ᠤ ᠠᠵᠢᠯ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/28
微信截图_20240627171019.jpg  
    6 ᠰᠠᠷ᠎ᠠ ᠶᠢᠨ 26 ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ 2024 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠤᠢ ᠰᠢᠭᠤᠢ ᠶᠢᠨ ᠳᠠᠷᠤᠭ᠎ᠠ ᠶᠢᠨ ᠲᠦᠷᠢᠮ᠂ ᠠᠮᠤ ᠪᠤᠳᠠᠭᠠᠨ ᠤ ᠠᠮᠤᠷ ᠲᠦᠪᠰᠢᠨ ᠤ ᠠᠵᠢᠯ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠢ ᠡᠷᠭᠢᠯᠡᠪᠡ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠥᠬᠡᠨᠠᠭᠤᠷ᠂ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠪᠤᠳᠤᠯᠭ᠎ᠠ ᠴᠢᠭᠯᠡᠯᠲᠡ ᠪᠣᠯᠤᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠤᠨᠤᠯ ᠪᠣᠯᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠵᠤ᠂ ᠬᠠᠷᠢᠯᠴᠠᠨ ᠰᠢᠭᠢᠳᠬᠡᠬᠦ ᠮᠠᠶ᠋ᠢᠭ ᠤᠨ ᠨᠡᠶᠢᠭᠡᠮ ᠤᠨ ᠣᠷᠴᠢᠨ ᠲᠣᠭᠤᠷᠢᠨ ᠪᠣᠯᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠬᠤ ᠶᠢ ᠴᠢᠩᠭᠠᠳᠬᠠᠵᠤ᠂ ︽  ᠰᠠᠨᠠᠯ ᠢ ᠬᠦᠯᠢᠶᠡᠨ ᠠᠪᠤᠪᠠᠯ ᠳᠠᠷᠦ᠋ᠢᠬᠠᠨ ᠰᠢᠢᠳᠪᠦᠷᠢᠯᠡᠬᠦ︾ ᠠᠵᠢᠯ ᠢ ᠰᠠᠶᠢᠲᠤᠷ ᠬᠢᠵᠦ᠂ ︽ᠦᠨᠳᠦᠰᠦᠨ ᠳ᠋ᠠᠶᠢᠲ᠋ᠠ ᠶᠢᠨ ᠬᠥᠮᠥᠷᠭᠡ︾ ᠶᠢ ᠰᠠᠶᠢᠲᠤᠷ ᠬᠡᠷᠡᠭᠯᠡᠵᠦ᠂  ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠤᠯᠤᠰ ᠤᠨ ᠦᠮᠴᠢᠯᠡᠯᠲᠦ ᠡᠳ᠋ ᠬᠦᠷᠦᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠪᠠᠷᠢᠮᠲᠠᠯᠠᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠣᠷᠣᠵᠤ ᠰᠠᠭᠤᠬᠤ ᠨᠤᠷᠮ᠎ᠠ ᠶᠢ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠬᠢᠶ᠎ᠠ ᠪᠠᠭᠰᠢ ᠶᠢᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠲᠠᠯᠪᠢᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠥᠪᠥᠷ ᠮᠣᠩᠭᠤᠯ ᠤᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠰᠦᠨ ᠱᠤᠤ ᠴᠧᠩ ᠱᠦᠵᠢ ᠶᠢᠨ ᠶᠠᠷᠢᠶᠠᠨ ᠤ  ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾᠂ ᠬᠤᠳᠠ ᠶᠢᠨ ︽ᠭᠤᠷᠪᠠᠨ ᠲᠦᠷᠪᠡ︾ ᠶᠢᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠪᠡᠶᠡᠯᠡᠭᠦᠯᠬᠦ ᠪᠠᠷ ᠭᠤᠣᠯ ᠬᠠᠷᠠᠯᠲᠠ ᠪᠣᠯᠭᠠᠵᠤ ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠲᠤᠭᠤᠷᠢᠭ ᠪᠣᠯᠤᠨ ᠦᠵᠡᠰᠬᠦᠯᠡᠩᠲᠦ ᠰᠠᠶᠢᠬᠠᠨ ᠳᠤᠯᠠᠭᠠᠨ ᠬᠤᠳᠠ ᠵᠢᠱᠢᠶ᠎ᠡ ᠦᠵᠡᠭᠦᠯᠬᠦ  ᠲᠤᠭᠤᠷᠢᠭ  ᠢ ᠰᠠᠶᠢᠲᠤᠷ ᠪᠦᠳᠦᠭᠡᠨ ᠪᠠᠶᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳ᠋ᠤᠭᠠᠷ ᠬᠠᠰᠤᠭᠰᠠᠨ ᠦᠭᠡᠢ ᠠᠰᠠᠭᠤᠳᠠᠯ ᠢ ᠲᠡᠰ ᠳᠠᠷᠠᠭᠠᠯᠠᠯ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠤᠰᠤ ᠠᠷᠪᠢᠯᠠᠬᠤ ᠬᠡᠯᠪᠡᠷᠢ ᠶᠢᠨ  ᠳᠡᠭᠡᠳᠦ ᠵᠡᠷᠭᠡ ᠶᠢᠨ ᠰᠤᠷᠭᠠᠭᠤᠯᠢ ᠶᠢ ᠡᠭᠦᠳᠦᠨ ᠪᠠᠶᠢᠭᠤᠯᠬᠤ ᠠᠵᠢᠯ᠂  ᠠᠪᠠᠭ᠋ᠠᠢ ᠶᠢᠨ  ᠭᠤᠤᠯ ᠤᠨ ᠵᠢᠵᠢᠭ ᠰᠠᠪᠠ ᠭᠠᠵᠠᠷ ᠢ ᠵᠠᠰᠠᠬᠤ ᠠᠵᠢᠯ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠢ ᠴᠢᠨᠠᠭᠰᠢᠳᠠ ᠠᠬᠢᠭᠤᠯᠵᠤ᠂ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠶᠢᠵᠢᠬᠦᠯᠦᠨ ᠰᠢᠢᠳᠪᠦᠷᠢᠯᠡᠬᠦ ᠶᠢ ᠠᠬᠢᠭᠤᠯᠵᠤ᠂ ᠬᠠᠳᠤᠨ ᠭᠤᠣᠯ ᠤᠨ ︽  ᠲᠤᠬᠤᠢ ᠬᠡᠰᠡᠭ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠬᠢᠶ᠎ᠠ ᠪᠠᠭᠰᠢ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠬᠢᠶ᠎ᠠ ᠪᠠᠭᠰᠢ ᠲᠣᠭᠤᠷᠢᠭ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠦᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽  ᠳᠤᠤᠷ᠎ᠠ ᠢᠶᠠᠨ  ᠵᠠᠰᠠᠬᠤ︾ ᠪᠠ ︽ᠣᠷᠳᠣ ᠬᠤᠭᠤᠴᠠᠭ᠎ᠠ ᠪᠠᠷ ᠪᠠᠶᠢᠭᠤᠯᠬᠤ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠴᠡᠭᠴᠡᠯᠡᠨ ᠰᠠᠶᠢᠵᠢᠷᠠᠭᠤᠯᠬᠤ ᠠᠵᠢᠯ ᠢ ᠤᠯᠠᠮ ᠨᠢᠭᠡ ᠠᠯᠬᠤᠮ ᠴᠢᠩᠭ᠎ᠠ ᠠᠳᠬᠤᠨ ᠪᠣᠳᠠᠲᠠᠶ ᠠᠳᠬᠤᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠲᠠᠢ ᠨᠢᠭᠲᠠ ᠤᠶᠠᠯᠳᠤᠭᠤᠯᠤᠨ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠨᠠᠶᠢᠲᠠᠪᠤᠷᠢᠵᠢᠭᠤᠯᠤᠯᠲᠠ ᠶᠢ ᠱᠠᠯᠠᠪᠳᠠᠨ᠂ ᠠᠰᠠᠭᠤᠳᠠᠯ ᠢ ᠦᠨᠳᠦᠰᠦᠨ ᠠᠴᠠ ᠨᠢ ᠠᠷᠢᠯᠭᠠᠬᠤ ᠬᠦᠴᠦᠯᠡᠬᠦ ᠴᠡᠭ ᠢ ᠣᠨᠣᠪᠴᠢᠲᠠᠶ ᠡᠷᠢᠨ ᠣᠯᠵᠤ᠂ ᠳᠦᠷᠢᠮ  ᠳᠤᠭᠲᠠᠭᠠᠯ ᠢ ᠨᠡᠩ ᠰᠠᠶᠢᠲᠤᠷ ᠳᠤᠭᠲᠠᠭᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠨᠠᠩ ᠰᠠᠶᠢᠲᠤᠷ ᠪᠠᠬᠢᠵᠢᠭᠦᠯᠵᠦ᠂ ︽ᠰᠡᠭᠦᠯᠴᠢ ᠶᠢᠨ ᠬᠠᠭᠠᠰ  ᠬᠠᠭᠤᠳᠠᠰᠤ︾ ᠢ ᠰᠠᠶᠢᠲᠤᠷ ᠬᠢᠵᠦ᠂ ᠴᠢᠨᠠᠷ ᠰᠠᠶᠢᠲᠠᠶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠬᠢᠶ᠎ᠠ ᠪᠠᠭᠰᠢ ᠶᠢᠨ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠤ ᠬᠠᠷᠢᠭᠤᠴᠠᠬᠤ ᠤᠯᠤᠰ ᠲᠥᠷᠥ ᠶᠢᠨ ᠮᠥᠨ ᠴᠢᠨᠠᠷ ᠢ ᠢᠯᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠬᠢᠶ᠎ᠠ ᠪᠠᠭᠰᠢ ᠲᠣᠭᠤᠷᠢᠭ ᠤᠨ 2024 ᠣᠨ ᠤ ᠳᠡᠭᠡᠷ᠎ᠡ ᠬᠠᠭᠠᠰ ᠵᠢᠯ ᠤᠨ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠢᠶ᠎ᠠ ᠪᠠᠭᠰᠢ ᠲᠣᠭᠤᠷᠢᠭ ᠤᠨ 2024 ᠣᠨ ᠤ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠭᠤᠣᠯᠳᠠᠯᠭ᠎ᠠ ︵ᠬᠢᠨᠠᠨ ᠵᠥᠪᠯᠡᠬᠦ ᠨᠤᠤᠷᠠᠭ︶︾ ᠶᠢ ᠰᠤᠳᠤᠯᠤᠨ ᠬᠢᠨᠠᠨ ᠵᠥᠪᠯᠡᠵᠦ᠂ ᠴᠢᠩ ᠴᠦᠨ ᠱᠠᠨ ᠬᠤᠲᠠ ᠶᠢᠨ ᠳᠤᠮᠳᠠᠬᠢ ᠲᠦᠮᠡᠨ ᠮᠦ ᠠᠮᠢ ᠠᠬᠤᠢ ᠶᠢᠨ ᠢᠨᠵᠧᠨᠧᠷᠢᠩ ᠤᠨ ᠲᠥᠷᠥᠯ ᠵᠦᠢᠯ ᠢ ᠦᠷᠭᠦᠯᠵᠢᠯᠡᠨ ᠰᠠᠶᠢᠲᠤᠷ  ᠠᠳᠬᠤᠵᠤ᠂ ᠤᠢ ᠰᠢᠭᠤᠢ ᠶᠢᠨ ᠡᠬᠢ ᠪᠠᠶᠠᠯᠢᠭ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ︽ᠨᠣᠭᠤᠭᠠᠷᠠᠭᠤᠯᠤᠯᠲᠠ ᠶᠢᠨ ᠬᠡᠮᠵᠢᠶ᠎ᠡ︾ ᠶᠢ ᠥᠷᠭᠡᠳᠬᠡᠵᠦ᠂ ︽ᠨᠣᠭᠤᠭᠠᠨ ᠬᠡᠮᠵᠢᠭᠳᠡᠯ︾ ᠢ ᠳᠡᠭᠡᠭᠰᠢᠯᠡᠭᠦᠯᠵᠦ᠂ ︽ᠨᠣᠭᠤᠭᠠᠨ ᠦᠷ᠎ᠡ ᠠᠰᠢᠭ︾ ᠢ ᠴᠢᠩᠭᠠᠳᠬᠠᠵᠤ᠂ ᠤᠢ ᠰᠢᠭᠤᠢ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠤᠢ ᠰᠢᠭᠤᠢ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠠᠵᠤ ᠦᠢᠯᠡᠰ ᠤᠨ ᠠᠭᠤᠰᠤᠯᠴᠠᠯ ᠢ ᠰᠠᠶᠢᠲᠤᠷ ᠬᠢᠵᠦ᠂ ᠤᠢ ᠰᠢᠭᠤᠢ ᠶᠢᠨ ᠳᠠᠷᠤᠭ᠎ᠠ ᠶᠢᠨ ᠤᠢ ᠰᠢᠭᠤᠢ ᠶᠢ ᠲᠣᠭᠤᠷᠢᠨ ᠪᠠᠶᠢᠴᠠᠭᠠᠵᠤ ᠤᠢ ᠰᠢᠭᠤᠢ ᠶᠢ ᠬᠠᠮᠠᠭᠠᠯᠠᠬᠤ ᠠᠵᠢᠯ ᠢ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠤᠯᠢ︾ ᠶᠢ ᠤᠯᠠᠮᠵᠢᠯᠠᠨ ᠰᠤᠷᠤᠯᠴᠠᠵᠤ᠂ ᠬᠢᠶ᠎ᠠ ᠪᠠᠭᠰᠢ ᠲᠣᠭᠤᠷᠢᠭ ᠤᠨ 2024 ᠣᠨ ᠤ ᠳᠡᠭᠡᠷ᠎ᠡ ᠬᠠᠭᠠᠰ ᠵᠢᠯ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠠᠤᠯᠢ ᠶᠢ ᠴᠢᠩᠭ᠎ᠠ ᠵᠢᠷᠤᠮᠯᠠᠨ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠬᠦᠯᠤᠨ᠂ ᠳᠤᠲᠠᠭᠤᠳᠠᠯ ᠢᠶᠠᠨ ᠦᠷᠭᠦᠯᠵᠢᠯᠡᠨ ᠬᠦᠴᠦᠯᠡᠨ ᠨᠥᠬᠦᠪᠥᠷᠢᠯᠡᠵᠦ᠂ ︽  ᠢᠳᠡᠰᠢᠨ ᠨᠤᠭᠤᠭ᠎ᠠ︾᠂ ︽ᠠᠮᠤ ᠪᠤᠳᠠᠭ᠎ᠠ︾᠂ ︽ᠵᠢᠮᠢᠰ ︾ ᠭᠡᠬᠦ ᠡᠨᠡ ᠬᠦ ᠠᠷᠠᠳ ᠤᠨ ᠠᠮᠢᠳᠤᠷᠠᠯ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠰᠡᠳᠬᠢᠯ ᠠᠴᠠ ᠪᠠᠨ ᠰᠠᠶᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠬᠢᠶ᠎ᠠ ᠪᠠᠭᠰᠢ ᠲᠣᠭᠤᠷᠢᠭ ᠤᠨ 2024 ᠣᠨ ᠤ ᠳᠡᠭᠡᠷ᠎ᠡ ᠬᠠᠭᠠᠰ ᠵᠢᠯ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠲᠤᠪᠤᠶᠢᠮ᠎ᠠ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠪᠠ ᠡᠮᠦᠨ᠎ᠡ ᠦᠵᠦᠭᠦᠷ ᠲᠤ ᠰᠢᠢᠳᠪᠦᠷᠢᠯᠡᠬᠦ ᠶᠢ ᠴᠢᠬᠤᠯᠠᠴᠢᠯᠠᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠠᠷᠭ᠎ᠠ ᠶᠢ ᠰᠠᠶᠢᠲᠤᠷ ᠬᠡᠷᠡᠭᠯᠡᠨ᠂ ᠪᠠᠶᠢᠴᠠᠭᠠᠨ ᠰᠤᠳᠤᠯᠬᠤ ᠪᠠ ᠠᠰᠠᠭᠤᠳᠠᠯ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ ᠵᠠᠮ ᠢ ᠲᠠᠰᠤᠷᠠᠯᠲᠠ ᠥᠬᠡᠶ ᠰᠠᠭᠠᠳ ᠥᠬᠡᠶ ᠨᠡᠪᠲᠡᠷᠡᠭᠦᠯᠦᠨ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠤᠨ᠂  ᠭᠠᠵᠠᠷ ᠤᠷᠤᠨ ᠳᠤ ᠵᠤᠬᠢᠴᠠᠭᠤᠯᠤᠨ᠂ ᠬᠥᠮᠦᠨ ᠤ ᠪᠠᠶᠢᠳᠠᠯ ᠳᠤᠨᠢ ᠳᠣᠭᠢᠷᠠᠭᠤᠯᠤᠨ᠂ ᠰᠢᠨᠵᠢᠯᠡᠬᠦ ᠤᠬᠠᠭᠠᠨᠴᠢ ᠪᠦᠲᠦᠮᠵᠢᠲᠡᠶ ᠠᠷᠭ᠎ᠠ  ᠠᠪᠬᠤ ᠬᠡᠷᠡᠭᠲᠠᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠣᠷᠣᠨ ᠰᠠᠭᠤᠴᠠ ᠶᠢᠨ ᠲᠣᠭᠤᠷᠢᠭ ᠤᠨ ᠭᠠᠯ ᠤᠨᠲᠠᠷᠠᠭᠠᠬᠤ ᠲᠥᠬᠦᠭᠡᠷᠦᠮᠵᠢ ᠶᠢ ᠰᠡᠯᠪᠢᠨ ᠵᠠᠰᠠᠬᠤ᠂ ᠰᠠᠭᠠᠳ ᠦᠭᠡᠢ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ ᠥᠭᠡᠷᠡᠴᠢᠯᠡᠬᠦ ᠠᠵᠢᠯ ᠵᠡᠷᠭᠡ ᠵᠦᠢᠯᠡᠰ ᠢ ᠰᠤᠳᠤᠯᠵᠠᠢ᠃
ᠢᠷᠡᠯᠲᠡ᠄ ᠳᠣᠰ ᠰᠦᠯᠵᠢᠶ᠎ᠡ