ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/6/3
                                            ᠣᠷᠳᠣᠰ ᠬᠢᠶ᠎ᠠ ᠵᠠᠰᠠᠭ ᠲᠠᠷᠬᠠᠭᠠᠭᠰᠠᠨ ﹇2024﹈ 28 ᠳ᠋ᠣᠭᠠᠷ ᠲᠣᠭᠠᠲᠤᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄        ︽ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ︿ᠪᠦᠰᠡᠯᠡᠯᠲᠡ ᠶᠢ ᠰᠢᠪᠲᠤᠯᠬᠤ﹀ ᠢᠨᠵᠧᠨᠧᠷᠢᠩ ᠢ ᠬᠡᠷᠡᠭᠵᠢᠭᠦᠯᠬᠦ ᠲᠥᠰᠦᠯ︾ ᠢ ᠨᠢᠭᠡᠨᠲᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠷᠠᠯ ᠠᠴᠠ ᠰᠤᠳᠤᠯᠤᠨ ᠪᠠᠲᠤᠯᠠᠵᠤ᠂ ᠡᠳᠦᠭᠡ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                            ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                                2024 ᠣᠨ ᠤ 3 ᠰᠠᠷ᠎ᠠ ᠶᠢᠨ 11 ᠤ ᠡᠳᠦᠷ                ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ             ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠲᠥᠰᠦᠯ        ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ ᠪᠠ ᠮᠠᠨ ᠤ ᠲᠣᠭᠤᠷᠢᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠵᠢᠴᠢ 2024 ᠣᠨ ᠤ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ︿ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ ﹇2020﹈ 14 ᠳ᠋ᠦ᠋ᠭᠡᠷ ᠲᠣᠭᠠᠲᠤ︶ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃        ᠨᠢᠭᠡ᠂ ᠵᠢᠯᠣᠭᠤᠳᠬᠤ ᠦᠵᠡᠯ ᠰᠠᠨᠠᠭ᠎ᠠ        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠣᠨ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠨ᠂ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠨ᠂ ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃        ᠬᠤᠶᠠᠷ᠂ ᠭᠤᠣᠯ ᠬᠠᠷᠠᠯᠲᠠ        2026 ᠣᠨ ᠪᠣᠯᠬᠤ ᠳᠤ᠂ ᠬᠢᠶ᠎ᠠ ᠪᠠᠭᠰᠢ ᠲᠣᠭᠤᠷᠢᠭ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ  ᠶᠢ ᠦᠷᠭᠦᠯᠵᠢᠯᠡᠨ ᠴᠢᠩᠭᠠᠳᠬᠠᠨ ᠪᠤᠵᠠᠭᠠᠶᠢᠷᠠᠭᠤᠯᠵᠤ᠂ ᠠᠵᠤ ᠠᠬᠤᠶᠢᠯᠠᠯ ᠪᠠ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ R&D ︵ᠰᠢᠨᠵᠢᠯᠡᠬᠦ ᠤᠬᠠᠭᠠᠨ ᠤ ᠰᠤᠳᠤᠯᠭᠠᠨ ᠬᠢᠭᠡᠳ ᠲᠤᠷᠰᠢᠯᠲᠠ ᠶᠢᠨ ᠬᠥᠭᠵᠢᠯᠲᠡ︶ ᠶᠢᠨ ᠵᠠᠷᠤᠳᠠᠯ ᠤᠨ ᠣᠷᠣᠭᠤᠯᠤᠯᠲᠠ ᠶᠢ  ᠨᠡᠮᠡᠭᠳᠡᠭᠦᠯᠦᠨ᠂ ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠪᠦᠯᠬᠦᠮ ᠨᠡᠶᠢᠲᠡ ᠶᠢ ᠥᠷᠭᠡᠨ ᠢᠶᠠᠷ ᠴᠤᠭᠯᠠᠷᠠᠭᠤᠯᠤᠨ᠂ ᠣᠶᠤᠨᠲᠤ ᠰᠦᠯᠵᠢᠶ᠎ᠡ ᠪᠠᠷ ᠬᠤᠯᠪᠣᠭᠰᠠᠨ ᠮᠠᠰᠢᠨ ᠲᠡᠷᠭᠡᠨ ᠤ ᠬᠡᠷᠡᠭᠯᠡᠭᠡᠨ ᠤ ᠠᠬᠤᠢ ᠪᠠᠶᠢᠳᠠᠯ ᠢ ᠪᠠᠶᠠᠯᠢᠭᠵᠢᠭᠤᠯᠤᠨ ᠥᠷᠭᠡᠳᠬᠡᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠳᠤ ᠦᠢᠯᠡᠴᠢᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠢᠶ᠎ᠠ ᠪᠠᠭᠰᠢ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃           ᠭᠤᠷᠪᠠ᠂ ᠭᠤᠣᠯᠳᠠᠯᠭ᠎ᠠ ᠲᠠᠢ ᠡᠭᠦᠷᠭᠡ         ︵ᠨᠢᠭᠡ︶ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢ ᠪᠤᠶᠢᠵᠢᠭᠤᠯᠬᠤ ᠠᠵᠢᠯᠯᠠᠭ᠎ᠠ         ᠬᠠᠮᠢᠶ᠎ᠠ ᠪᠦᠬᠦᠢ ᠠᠵᠢᠯᠯᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢ ᠦᠷᠭᠦᠯᠵᠢᠯᠡᠨ ᠪᠤᠵᠠᠭᠠᠶᠢᠷᠠᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠡᠷᠴᠢᠮ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠣᠨ᠂ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠵᠦ᠂ 2026 ᠣᠨ ᠪᠣᠯᠬᠤ ᠳᠤ 50 ᠠᠵᠤ ᠠᠬᠤᠶᠢᠯᠠᠯ ᠪᠣᠯᠭᠠᠬᠤ ᠪᠠᠷ ᠴᠢᠷᠮᠠᠶᠢᠨ᠎ᠠ᠃ ᠠᠵᠤ ᠠᠬᠤᠶᠢᠯᠠᠯ ᠤᠨ ᠦᠨ᠎ᠡ ᠴᠡᠨ᠎ᠡ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠨ᠎ᠡ ᠶᠢ ᠡᠭᠦᠳᠬᠦ ᠬᠡᠯᠪᠡᠷᠢ ᠪᠠ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠲᠡᠶᠢᠰᠢ ᠬᠥᠭᠵᠢᠬᠦ ᠶᠢ ᠦᠷᠭᠦᠯᠵᠢᠯᠡᠨ ᠠᠬᠢᠭᠤᠯᠤᠨ᠎ᠠ᠃ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠵᠡᠷᠭᠡ ᠰᠢᠨ᠎ᠡ ᠶᠢ ᠡᠭᠦᠳᠬᠦ ᠲᠠᠪᠴᠠᠩ ᠳᠤ ᠢᠳᠡᠪᠬᠢᠲᠡᠶ ᠮᠡᠳᠡᠭᠦᠯᠬᠦ ᠶᠢ ᠵᠣᠷᠢᠭᠵᠢᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︽ᠭᠤᠷᠪᠠ ᠶᠢ ᠴᠡᠪᠡᠷᠯᠡᠨ ᠠᠷᠢᠯᠭᠠᠬᠤ︾ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠬᠤ ᠦᠷᠳᠡᠭᠡ ᠶᠢᠨ ᠡᠬᠢ ᠪᠠᠶᠠᠯᠢᠭ ᠤᠨ ᠳᠠᠪᠠᠭᠤᠯᠢᠭ ᠢ ᠢᠳᠡᠪᠬᠢᠲᠡᠢ ᠪᠠᠳᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠵᠢᠴᠢ ᠲᠤᠰᠬᠠᠢ ᠠᠰᠢᠭ ᠢ ᠠᠭᠤᠳᠠᠯᠵᠤ᠂ ᠵᠢᠯ ᠤᠨ ᠡᠴᠦᠰ ᠲᠤ  ᠲᠣᠭᠤᠷᠢᠭ ᠤᠨ ᠳᠣᠲᠣᠷᠠᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠪᠦᠬᠦᠨ ᠢ ︽ᠭᠤᠷᠪᠠ ᠶᠢ ᠴᠡᠪᠡᠷᠯᠡᠨ ᠠᠷᠢᠯᠭᠠᠬᠤ︾ ᠶᠢ ᠪᠡᠶᠡᠯᠡᠭᠦᠯᠦᠨ᠎ᠡ᠃ ︵ᠲᠦᠷᠦᠭᠦᠯᠡᠨ ᠬᠠᠷᠢᠭᠤᠴᠠᠬᠤ ᠨᠢᠭᠡᠴᠡ᠄ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠃ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ︶᠃         ︵ᠬᠤᠶᠠᠷ︶ R&D ᠶᠢᠨ ᠵᠠᠷᠤᠳᠠᠯ ᠢ ᠦᠷᠬᠦᠯᠵᠢᠯᠡᠨ ᠨᠡᠮᠡᠭᠳᠡᠭᠦᠯᠬᠦ ᠠᠵᠢᠯᠯᠠᠭ᠎ᠠ         ᠲᠣᠰ ᠱᠠᠲᠤᠨ ᠤ ᠲᠥᠰᠦᠪ ᠤᠨ ᠲᠣᠬᠢᠷᠠᠭᠤᠯᠤᠯᠲᠠ ᠪᠠ ᠳᠡᠭᠡᠳᠦ ᠱᠠᠲᠤᠨ ᠤ ᠪᠠᠯᠠ ᠮᠥᠩᠭᠦ ᠶᠢᠨ ᠳᠡᠮᠵᠢᠯᠭᠡ ᠪᠠᠷ ᠳᠠᠮᠵᠢᠭᠤᠯᠤᠨ᠂ 2026 ᠣᠨ ᠪᠣᠯᠬᠤ ᠳᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢ 1.5 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠨ᠎ᠠ᠃ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠨᠢ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ1% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ ᠵᠢᠯ ᠳᠠᠷᠠᠭᠠᠯᠠᠨ ᠨᠡᠮᠡᠭᠳᠡᠵᠦ᠂ ᠦᠷᠭᠦᠯᠵᠢᠯᠡᠨ ᠨᠡᠮᠡᠭᠳᠡᠭᠦᠯᠬᠦ ᠬᠠᠨᠳᠤᠰᠢ ᠶᠢ ᠪᠠᠲᠤᠯᠠᠨ᠎ᠠ᠃ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠵᠢᠯᠣᠭᠤᠳᠣᠯᠭ᠎ᠠ ᠶᠢ ᠴᠢᠩᠭᠠᠳᠬᠠᠵᠤ᠂ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠂ ᠰᠤᠳᠤᠯᠤᠨ ᠨᠡᠭᠡᠭᠡᠬᠦ ᠵᠠᠷᠤᠳᠠᠯ ᠢ ᠰᠠᠶᠢᠲᠤᠷ ᠴᠣᠭᠯᠠᠭᠤᠯᠣᠨ᠎ᠠ᠃         ︵ᠭᠤᠷᠪᠠ︶ ᠰᠢᠨ᠎ᠡ ᠶᠢ ᠡᠭᠦᠳᠬᠦ ᠴᠢᠬᠤᠯᠠ ᠶᠡᠭᠡ ᠲᠠᠪᠴᠠᠩ ᠤᠨ ᠦᠢᠯᠡᠴᠢᠯᠡᠭᠡᠨ ᠤ ᠠᠵᠢᠯᠯᠠᠭ᠎ᠠ         ᠣᠷᠳᠣᠰ ᠤᠨ ᠲᠤᠷᠰᠢᠯᠲᠠ ᠶᠢᠨ ᠲᠠᠰᠤᠭ᠂ ᠪᠡᠭᠡᠵᠢᠩ ᠶᠡᠭᠡ ᠰᠣᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠤᠨ ᠪᠥᠬᠦ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠭᠤᠶᠣᠴᠢᠯᠠᠨ ᠪᠠᠶᠢᠭᠤᠯᠬᠤ ᠳᠤ ᠪᠥᠬᠦ ᠬᠦᠴᠦᠨ ᠢᠶᠠᠷ ᠢᠶᠠᠨ ᠦᠢᠯᠡᠴᠢᠯᠡᠵᠦ᠂ ᠣᠷᠳᠣᠰ ᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠤᠳᠤᠯᠭᠠᠨ ᠤ ᠬᠦᠷᠢᠶᠡᠯᠡᠩ᠂ ᠣᠷᠳᠣᠰ ᠤᠨ ᠲᠤᠷᠰᠢᠯᠲᠠ ᠶᠢᠨ ᠲᠠᠰᠤᠭ᠂ ᠪᠡᠭᠡᠵᠢᠩ ᠶᠡᠭᠡ ᠰᠣᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ  ᠵᠦᠢᠯ ᠢ ᠲᠡᠮᠡᠴᠡᠨ ᠤᠯᠬᠤ ᠭᠤᠤᠯ ᠬᠦᠴᠦᠨ ᠴᠡᠷᠢᠭ  ᠪᠣᠯᠬᠤ ᠪᠠᠷ ᠴᠢᠷᠮᠠᠶᠢᠨ᠎ᠠ᠃ ︵ᠲᠦᠷᠦᠭᠦᠯᠡᠨ ᠬᠠᠷᠢᠭᠤᠴᠠᠬᠤ ᠨᠢᠭᠡᠴᠡ᠄ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶         ︵ᠲᠦᠷᠪᠡ︶ ᠳᠡᠭᠡᠳᠦ ᠳᠡᠰ ᠤᠨ ᠴᠢᠳᠠᠪᠤᠷᠢᠲᠠᠨ ᠢ ᠬᠦᠲᠦᠯᠦᠨ ᠬᠦᠮᠦᠵᠢᠭᠦᠯᠬᠦ ᠦᠢᠯᠡᠴᠢᠯᠡᠭᠡᠨ ᠤ ᠠᠵᠢᠯᠯᠠᠭ᠎ᠠ         ᠣᠷᠳᠣᠰ ᠬᠤᠲᠠ ᠶᠢᠨ ᠴᠢᠳᠠᠪᠤᠷᠢᠲᠠᠨ ᠳᠤ ᠨᠥᠬᠦᠷᠰᠡᠭ ᠬᠡᠯᠪᠡᠷᠢ ᠶᠢᠨ ᠬᠤᠲᠠ ᠶᠢ ᠪᠠᠶᠢᠭᠤᠯᠬᠤ ᠠᠵᠠ ᠲᠣᠬᠢᠶᠠᠯ ᠢ ᠲᠦᠰᠢᠭᠯᠡᠨ᠂ ᠣᠷᠳᠣᠰ ᠤᠨ ︽ᠴᠢᠳᠠᠪᠤᠷᠢᠲᠠᠨ ᠤ ᠰᠢᠨ᠎ᠡ ᠵᠠᠰᠠᠭ 2.0 ᠬᠡᠪᠯᠡᠯ︾ ᠢ ᠰᠠᠶᠢᠲᠤᠷ ᠠᠰᠢᠭᠯᠠᠨ᠎ᠠ᠃ ᠵᠠᠶᠢᠯᠠᠰᠢ ᠦᠭᠡᠢ ᠣᠷᠣᠭᠤᠯᠤᠨ ᠠᠪᠴᠢᠷᠠᠬᠤ᠂ ᠤᠶᠠᠨ ᠬᠠᠳᠠᠨ ᠴᠢᠨᠠᠷᠲᠠᠢ ᠪᠠᠷ ᠣᠷᠣᠭᠤᠯᠤᠨ ᠠᠪᠴᠢᠷᠠᠬᠤ᠂ ᠲᠦᠷᠦᠯ ᠵᠦᠢᠯ ᠤᠨ ᠬᠠᠮᠲᠤᠷᠠᠯᠴᠠᠭ᠎ᠠ ᠬᠢᠬᠦ ᠵᠡᠷᠭᠡ ᠠᠷᠭ᠎ᠠ ᠬᠡᠯᠪᠡᠷᠢ ᠶᠢ ᠠᠮᠢᠳᠤᠯᠢᠭ ᠢᠶᠠᠷ ᠬᠡᠷᠡᠭᠯᠡᠵᠦ᠂ ᠳᠡᠭᠡᠳᠦ ᠲᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠦᠢᠯᠡᠰ ᠪᠤᠰᠬᠠᠬᠤ ᠴᠢᠳᠠᠪᠤᠷᠢᠲᠠᠨ᠂ ᠲᠣᠭᠠᠴᠢᠯᠠᠭᠰᠠᠨ ᠬᠦᠷᠢᠶᠡᠨ ᠤ ᠴᠢᠳᠠᠪᠤᠷᠢᠲᠠᠨ ᠢ ᠣᠷᠣᠭᠤᠯᠤᠨ ᠬᠥᠮᠦᠵᠢᠭᠦᠯᠦᠨ᠎ᠡ᠃ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠴᠢᠳᠠᠪᠤᠷᠢᠲᠠᠨ ᠢ ᠤᠷᠮᠠᠰᠢᠭᠤᠯᠬᠤ ᠲᠥᠷᠥ ᠶᠢᠨ ᠪᠣᠳᠣᠯᠭ᠎ᠠ᠂ ᠬᠤᠶᠠᠷ ᠢ ᠡᠯᠰᠡᠵᠦ ᠬᠤᠶᠠᠷ ᠢ ᠲᠠᠲᠠᠬᠤ ᠵᠢᠴᠢ ᠠᠮᠤᠷ ᠠᠮᠤᠭᠤᠯᠠᠩ ᠣᠷᠣᠰᠢᠨ ᠰᠠᠭᠤᠬᠤ ᠪᠠᠲᠤᠯᠠᠭ᠎ᠠ᠂ ᠦᠷ᠎ᠡ ᠬᠡᠤᠬᠡᠳ ᠢ ᠨᠢ ᠰᠤᠷᠭᠠᠭᠤᠯᠢ ᠳᠤ ᠣᠷᠣᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ  ᠪᠠᠷ ᠳᠡᠭᠡᠳᠦ ᠲᠠᠰ ᠤᠨ ᠴᠢᠳᠠᠪᠤᠷᠢᠲᠠᠨ ᠳᠤ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡ ᠬᠠᠩᠭᠠᠵᠤ᠂ ᠴᠢᠳᠠᠪᠤᠷᠢᠲᠠᠨ ᠢ ︽ᠣᠷᠣᠭᠤᠯᠵᠤ ᠳᠡᠶᠢᠯᠬᠦ︾ ︽ᠦᠯᠡᠳᠡᠭᠡᠵᠦ ᠳᠡᠶᠢᠯᠬᠦ︾  ᠪᠣᠯᠭᠠᠨ᠎ᠠ᠃ ︵ᠲᠦᠷᠦᠭᠦᠯᠡᠨ ᠬᠠᠷᠢᠭᠤᠴᠠᠬᠤ ᠨᠢᠭᠡᠴᠡ᠄ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠃ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶          ︵ᠲᠠᠪᠤ︶  ᠪᠥᠬᠦ ᠲᠠᠯᠠᠪᠠᠶ ᠶᠢᠨ ᠵᠢᠱᠢᠶ᠎ᠡ ᠦᠵᠡᠭᠦᠯᠦᠨ ᠬᠡᠷᠡᠭᠯᠡᠬᠦ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ         ᠣᠷᠳᠣᠰ ᠤᠨ ᠰᠢᠨ᠎ᠡ ᠡᠨᠧᠷᠭᠢ ᠶᠢᠨ ᠣᠶᠤᠨᠴᠢ ᠰᠦᠯᠵᠢᠶᠡᠨ ᠤ ᠬᠤᠯᠪᠣᠭᠠᠨ ᠤ ᠮᠠᠰᠢᠨ ᠲᠡᠷᠭᠡᠨ ᠤ ᠬᠡᠷᠡᠭᠯᠡᠭᠡᠨ ᠤ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠣᠶᠤᠨᠴᠢ ᠰᠦᠯᠵᠢᠶᠡᠨ ᠤ ᠬᠤᠯᠪᠣᠭᠠᠨ ᠤ ᠮᠠᠰᠢᠨ ᠲᠡᠷᠭᠡᠨ ᠤ ᠬᠡᠷᠡᠭᠯᠡᠭᠡᠨ ᠤ ᠪᠠᠶᠢᠳᠠᠯ ᠢ ᠪᠠᠶᠠᠯᠢᠭᠵᠢᠭᠤᠯᠤᠨ ᠥᠷᠭᠡᠳᠬᠡᠵᠦ᠂ ᠲᠥᠪ ᠬᠤᠲᠠ ᠶᠢᠨ ᠲᠣᠭᠤᠷᠢᠭ ᠤᠨ ᠲᠡᠷᠭᠡᠨ ᠵᠠᠮ  ᠢ ᠨᠢᠭᠡ ᠴᠣᠭᠴᠠᠵᠢᠭᠤᠯᠬᠤ᠂ ᠪᠦᠬᠦᠨ ᠢ ᠬᠠᠮᠤᠷᠬᠤ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠤᠶᠤᠨᠴᠢᠯᠠᠭᠰᠠᠨ ᠰᠦᠯᠵᠢᠶᠡᠨ ᠤ ᠬᠤᠯᠪᠣᠭᠠᠯᠠᠭᠰᠠᠨ ᠮᠠᠰᠢᠨ ᠲᠡᠷᠭᠡᠨ ᠤ ᠠᠵᠤ ᠦᠢᠯᠡᠰ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠠᠮ ᠬᠠᠷᠢᠯᠴᠠᠭᠠᠨ ᠤ ᠲᠣᠮᠣ ᠳ᠋ᠠᠶᠢᠲ᠋ᠠ᠂ 5G ᠬᠢᠭᠡᠳ ᠲᠡᠷᠭᠡᠨ ᠰᠦᠯᠵᠢᠶᠡᠨ ᠤ ᠴᠢᠮᠡᠭᠡ ᠬᠤᠯᠪᠣᠭ᠎ᠠ᠂ ᠤᠶᠤᠨᠴᠢᠯᠠᠭᠰᠠᠨ ᠡᠭᠦᠯᠡᠨ ᠡᠵᠡᠮᠳᠡᠯ ᠤᠨ ᠰᠢᠰᠲ᠋ᠧᠮ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠲᠣᠭᠠᠴᠢᠯᠠᠭᠰᠠᠨ ᠮᠡᠷᠭᠡᠵᠢᠯ ᠢ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶ᠎ᠡ ᠲᠡᠰᠢ ᠨᠡᠪᠴᠢᠨ ᠠᠭᠤᠰᠤᠯᠴᠠᠭᠤᠯᠬᠤ ᠶᠢ ᠪᠡᠶᠡᠯᠡᠭᠦᠯᠦᠨ᠎ᠡ᠃ ᠵᠢᠯᠣᠭᠤᠴᠢ ᠥᠬᠡᠶ ᠲᠦᠷᠢᠶᠡᠰᠦᠨ ᠮᠠᠰᠢᠨ ᠲᠡᠷᠭᠡ᠂ ᠵᠢᠯᠣᠭᠤᠴᠢ ᠥᠬᠡᠶ ᠴᠡᠪᠡᠷᠯᠡᠭᠡᠨ ᠤ ᠲᠡᠷᠭᠡ᠂ ᠬᠤᠳᠠᠯᠳᠣᠭᠴᠢ ᠦᠭᠡᠢ ᠬᠤᠳᠠᠯᠳᠤᠭ᠎ᠠ ᠵᠡᠷᠭᠡ ᠶᠢ ᠰᠢᠯᠢᠳᠡᠭᠵᠢᠭᠦᠯᠵᠦ᠂ ᠵᠢᠯᠣᠭᠤᠴᠢ ᠥᠬᠡᠶ ᠴᠢᠭᠡᠯᠭᠡ ᠭᠦᠷᠭᠡᠭᠡᠯᠲᠡ ᠵᠡᠷᠭᠡ ᠣᠨᠴᠠᠯᠢᠭᠲᠣ ᠬᠡᠷᠡᠭᠯᠡᠭᠡᠨ ᠤ ᠵᠢᠱᠢᠶ᠎ᠡ ᠦᠵᠡᠭᠦᠯᠬᠦ ᠪᠠᠶᠢᠳᠠᠯ ᠢ ᠥᠷᠭᠡᠳᠬᠡᠨ᠂ ᠣᠶᠤᠨᠴᠢ ᠰᠦᠯᠵᠢᠶᠡᠨ ᠤ ᠬᠤᠯᠪᠣᠭᠠᠲᠤ ᠮᠠᠰᠢᠨ ᠲᠡᠷᠭᠡᠨ ᠤ ᠠᠵᠤ ᠦᠢᠯᠡᠰ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠤᠰ ᠤᠨ ᠲᠠᠰ ᠤᠨ ᠣᠶᠤᠨᠴᠢ ᠰᠦᠯᠵᠢᠶᠡᠨ ᠤ ᠬᠤᠯᠪᠣᠭᠠᠨ ᠤ ᠲᠤᠷᠰᠢᠯᠲᠠ ᠶᠢᠨ ᠴᠡᠭ ᠤᠨ ᠭᠤᠶᠤᠴᠢᠯᠠᠨ ᠮᠡᠳᠡᠭᠦᠯᠬᠦ ᠶᠢ ᠠᠬᠢᠭᠤᠯᠣᠨ᠎ᠠ᠃ ︵ᠲᠦᠷᠦᠭᠦᠯᠡᠨ ᠬᠠᠷᠢᠭᠤᠴᠠᠬᠤ ᠨᠢᠭᠡᠴᠡ᠄ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ︶         ︵ᠵᠢᠷᠭᠤᠭ᠎ᠠ︶ ᠪᠤᠳᠤᠯᠭ᠎ᠠ ᠶᠢᠨ ᠬᠦᠴᠦᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ         ᠣᠷᠳᠣᠰ ᠤᠨ ᠬᠡᠲᠦ ᠪᠣᠳᠣᠯᠭ᠎ᠠ ᠬᠢᠭᠡᠳ ᠬᠢᠮᠡᠯ ᠣᠶᠤᠨ ᠤ ᠰᠤᠳᠤᠯᠭᠠᠨ ᠤ ᠬᠦᠷᠢᠶᠡᠯᠡᠩ ᠤᠨ ᠪᠠᠶᠢᠭᠤᠯᠤᠯᠲᠠ ᠶᠢ ᠠᠬᠢᠭᠤᠯᠣᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠭᠠᠴᠢᠯᠠᠭᠰᠠᠨ ᠠᠵᠤ ᠦᠢᠯᠡᠰ ᠤᠨ ᠲᠥᠷᠥᠯ ᠵᠦᠢᠯ ᠤᠨ ᠪᠠᠶᠢᠷᠢᠯᠠᠭᠤᠯᠤᠯᠲᠠ᠂ ᠲᠣᠭᠠᠴᠢᠯᠠᠭᠰᠠᠨ ᠪᠠᠶᠢᠳᠠᠯ ᠢ ᠡᠮᠬᠢᠯᠡᠨ ᠨᠡᠶᠢᠯᠡᠭᠦᠯᠵᠦ ᠠᠰᠢᠭᠯᠠᠬᠤ ᠶᠢ ᠲᠦᠷᠭᠡᠳᠬᠡᠨ᠎ᠡ᠃ ᠣᠷᠳᠣᠰ ᠤᠨ ᠲᠣᠭᠠᠴᠢᠯᠠᠭᠰᠠᠨ ᠣᠶᠤᠨ ᠤ ᠲᠥᠪ ᠢ ᠪᠠᠶᠢᠭᠤᠯᠵᠤ᠂ ᠣᠳᠣ ᠪᠠᠶᠢᠭ᠎ᠠ ᠡᠭᠦᠯᠡᠨ ᠪᠤᠳᠤᠯᠲᠠ ᠶᠢᠨ ᠲᠥᠪ ᠢᠶᠠᠷ ᠰᠠᠭᠤᠷᠢ ᠪᠣᠯᠭᠠᠨ᠂ ᠪᠤᠳᠤᠬᠤ ᠬᠦᠴᠦᠨ ᠤ ᠠᠵᠤ ᠠᠬᠤᠶᠢᠯᠠᠯ ᠯᠤᠭ᠎ᠠ ᠬᠠᠮᠲᠤᠷᠠᠯᠴᠠᠵᠤ᠂ ᠪᠤᠳᠤᠬᠤ ᠬᠦᠴᠦᠨ ᠤ ᠦᠢᠯᠡᠳᠪᠦᠷᠢᠯᠡᠯ᠂ ᠲᠣᠬᠢᠷᠠᠭᠤᠯᠤᠯᠲᠠ᠂ ᠪᠣᠷᠣᠯᠠᠭᠤᠯᠭ᠎ᠠ ᠪᠠᠷ ᠨᠢᠭᠡ ᠴᠣᠭᠴᠠ ᠪᠣᠯᠭᠠᠭᠰᠠᠨ ᠲᠣᠭᠠᠨ ᠤ ᠤᠬᠠᠭᠠᠨ ᠤ ᠲᠥᠪ ᠢ ᠪᠠᠶᠢᠭᠤᠯᠤᠨ᠎ᠠ᠃ ︽  ᠳ᠋ᠥᠸᠧ ᠳ᠋ᠥᠸᠧ ᠫᠢᠩ᠂ ᠠᠯᠠᠭᠠᠨ ᠳᠡᠭᠡᠷᠡᠭᠢ ᠠᠮᠢᠳᠣᠷᠠᠯ︾ ᠲᠠᠪᠴᠠᠩ ᠢ ᠦᠷᠭᠦᠯᠵᠢᠯᠡᠨ ᠰᠢᠯᠢᠳᠡᠭᠵᠢᠭᠦᠯᠵᠦ᠂ ᠴᠢᠳᠠᠮᠵᠢ ᠶᠢᠨ ᠬᠡᠰᠡᠭ ᠢᠶᠠᠷ ᠳᠠᠪᠬᠤᠷᠳᠠᠭᠤᠯᠤᠨ ᠳᠡᠰ ᠳᠡᠪᠰᠢᠭᠦᠯᠬᠦ ᠶᠢ ᠠᠬᠢᠭᠤᠯᠵᠤ᠂ ᠬᠡᠷᠡᠭᠯᠡᠭᠴᠢᠳ ᠤᠨ ᠪᠡᠶᠡᠴᠢᠯᠡᠨ ᠣᠶᠢᠯᠠᠭᠠᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃  ︵ᠲᠦᠷᠦᠭᠦᠯᠡᠨ ᠬᠠᠷᠢᠭᠤᠴᠠᠬᠤ ᠨᠢᠭᠡᠴᠡ᠄ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶        ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ        ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ        ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠢᠨ᠎ᠡ ᠶᠢ ᠡᠭᠦᠳᠬᠦ ᠶᠢ ᠬᠥᠭᠵᠢᠯᠲᠡ ᠶᠢᠨ ᠪᠦᠬᠦ ᠲᠠᠯ᠎ᠠ ᠶᠢᠨ ᠭᠤᠣᠯ ᠪᠠᠶᠢᠷᠢᠨ ᠳᠤ ᠲᠠᠯᠪᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠡᠩ ᠵᠢᠷᠤᠮᠵᠢᠭᠰᠠᠨ᠂ ᠰᠢᠨᠵᠢᠯᠡᠬᠦ ᠤᠬᠠᠭᠠᠨᠴᠢᠯᠠᠬᠤ ᠶᠢ ᠠᠬᠢᠭᠤᠯᠤᠨ᠎ᠠ᠃ ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠵᠤ᠂ ᠬᠤᠲᠠ ᠶᠢᠨ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠵᠣᠯᠭᠠᠭᠤᠯᠬᠤ ᠶᠢ ᠴᠢᠩᠭᠠᠳᠬᠠᠵᠤ᠂ ᠴᠢᠬᠤᠯᠠ ᠶᠡᠭᠡ ᠤᠴᠢᠷ ᠶᠠᠪᠤᠳᠠᠯ ᠤᠨ ᠰᠢᠢᠳᠪᠦᠷᠢᠲᠦ ᠪᠣᠳᠣᠯᠭ᠎ᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃        ︵ᠬᠤᠶᠠᠷ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ        ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠲᠤᠭᠤᠷᠢᠭ ᠤᠨ ᠲᠣᠰ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠮᠥᠩᠭᠦ ᠶᠢ ᠳᠡᠭᠡᠷ᠎ᠡ ᠵᠢᠯ ᠤᠨ ᠰᠠᠭᠤᠷᠢᠨ ᠳᠡᠭᠡᠷ᠎ᠡ ᠵᠢᠯ ᠪᠦᠷᠢ ᠨᠡᠮᠡᠭᠳᠡᠬᠦ ᠶᠢ ᠪᠠᠲᠤᠯᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠨ᠎ᠠ᠃ ᠠᠵᠦ ᠠᠬᠤᠶᠢᠯᠠᠯ ᠪᠤᠯᠥᠨ ᠨᠡᠶᠢᠭᠡᠮ ᠤᠨ ᠬᠦᠷᠥᠩᠬᠡ ᠶᠢᠨ ᠣᠷᠣᠭᠤᠯᠥᠯᠳᠡ ᠪᠠᠨ ᠨᠡᠮᠡᠭᠳᠡᠬᠦᠯᠬᠦ ᠶᠢ ᠬᠦᠳᠦᠯᠥᠨ ᠵᠢᠯᠥᠭᠤᠳᠴᠥ᠂ ᠣᠯᠡᠨ ᠡᠰᠢᠳᠦ᠂ ᠣᠯᠡᠨ ᠳᠡᠰ ᠳᠡᠪᠬᠤᠷᠭ᠎ᠠ᠂ ᠣᠯᠡᠨ ᠠᠷᠭ᠎ᠠ ᠵᠠᠮ ᠤᠨ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠣᠷᠣᠭᠤᠯᠥᠯᠳᠡ ᠶᠢᠨ ᠰᠢᠰᠲ᠋ᠧᠮᠵᠢ ᠶᠢ ᠪᠦᠷᠢᠯᠳᠦᠬᠦᠯᠬᠦ ᠶᠢ ᠠᠬᠢᠭᠤᠯᠥᠨ᠎ᠠ᠃        ︵ᠭᠤᠷᠪᠠ︶ ᠬᠢᠨᠠᠯᠲᠠ ᠲᠠᠯᠪᠢᠨ ᠪᠠᠶᠢᠴᠠᠭᠠᠬᠤ ᠪᠠᠨ ᠴᠢᠩᠭᠠᠳᠬᠠᠨ᠎ᠠ        ᠠᠵᠢᠯ ᠤᠨ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠥᠷᠨᠢᠭᠦᠯᠦᠭᠰᠡᠨ ᠪᠠᠶᠢᠳᠠᠯ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠡᠯ᠎ᠡ ᠰᠠᠯᠠᠭ᠎ᠠ ᠮᠥᠴᠢᠷ ᠤᠳ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠵᠣᠯᠭᠠᠭᠤᠯᠵᠤ᠂ ᠬᠠᠷᠢᠯᠴᠠᠨ ᠲᠦᠯᠬᠢᠯᠴᠡᠵᠦ ᠦᠭᠡᠢ ᠪᠠᠷ ᠡᠯ᠎ᠡ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠠᠬᠢᠭᠤᠯᠬᠤ ᠬᠤᠷᠳᠤᠴᠠ ᠨᠢ ᠤᠳᠠᠭᠠᠨ ᠪᠠᠶᠢᠪᠠᠯ ᠬᠠᠷᠢᠭᠤᠴᠠᠯᠭ᠎ᠠ ᠨᠡᠬᠡᠮᠵᠢᠯᠡᠨ᠎ᠡ᠃                      ᠬᠢᠶ᠎ᠡ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ                ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠲᠤᠰᠬᠠᠶ ᠠᠵᠢᠯ ᠤᠨ ᠳᠤᠭᠤᠶᠢᠯᠠᠩ         ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠶᠢᠨ ᠲᠦᠯᠦᠭᠡ ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠬᠤ ᠪᠠᠷ ᠲᠣᠭᠲᠠᠪᠠ᠃         ᠳᠤᠭᠤᠶᠢᠯᠠᠩ ᠤᠨ ᠳᠠᠷᠤᠭ᠎ᠠ᠄ ᠶᠠᠩ ᠱᠤ᠋ ᠸᠧᠶ          ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ         ᠳᠤᠭᠤᠶᠢᠯᠠᠩ ᠤᠨ ᠳᠡᠳ᠋ ᠳᠠᠷᠤᠭ᠎ᠠ᠄ ᠭᠤᠤ ᠪᠥᠸᠧ      ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ         ᠴᠢᠶᠣᠤ ᠵᠧᠩ ᠪᠥᠸᠧ         ᠲᠣᠭᠤᠷᠢᠭ ᠤᠨ ᠬᠥᠭᠵᠢᠯᠲᠡ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ         ᠴᠢᠶᠣᠤ ᠬᠤᠩ ᠮᠧᠶ          ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠲᠣᠪᠴᠢᠶᠠᠨ ᠳᠠᠷᠤᠭ᠎ᠠ         ᠶᠠᠨ ᠨᠢᠶᠠᠨ ᠯᠦᠩ           ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ         ᠪᠦᠷᠢᠯᠳᠦᠬᠦᠨ᠄ ᠭᠧᠩ ᠵᠢᠶᠦ᠋ᠨ ᠹᠸᠢ          ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ         ᠱᠧ ᠬᠠᠢ ᠮᠢᠩ         ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠲᠣᠪᠴᠢᠶᠠᠨ ᠳᠠᠷᠤᠭ᠎ᠠ         ᠱᠠᠩ ᡁᠢ ᠭᠠᠩ         ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶᠠᠨ ᠤ ᠲᠣᠪᠴᠢᠶᠠᠨ ᠳᠠᠷᠤᠭ᠎ᠠ         ᠬᠤᠣᠰᠯᠣ              ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠲᠣᠪᠴᠢᠶᠠᠨ ᠳᠠᠷᠤᠭ᠎ᠠ         ᠨᠢᠤ ᠶᠦᠨ ᠯᠦᠨ       ᠲᠣᠭᠤᠷᠢᠭ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ         ᠮᠢ ᠸᠧᠶ ᠭᠠᠩ          ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ         ᠴᠧᠨ ᠢ ᠰᠢᠤᠸᠠᠨ       ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠣᠪᠴᠢᠶᠠᠨ ᠳᠠᠷᠤᠭ᠎ᠠ         ᠯᠢᠦ ᠰᠢᠨ ᠺᠤᠸᠠᠨ        ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠤᠪᠴᠢᠶᠠᠨ ᠤ ᠲᠣᠪᠴᠢᠶᠠᠨ ᠳᠠᠷᠤᠭ᠎ᠠ         ᠰᠥᠩ ᠽᠠᠢ ᠼᠦᠨ       ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ         ᠯᠢᠦ ᠶᠦᠩ ᠹᠸᠢ         ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠠᠩᠭᠢ ᠶᠢᠨ ᠳᠠᠷᠤᠭ᠎ᠠ         ᠲᠤᠰᠬᠠᠶ ᠠᠵᠢᠯ ᠤᠨ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠨ᠂ ᠠᠯᠪᠠᠨ ᠬᠡᠷ ᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠳᠣᠭᠢᠷᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶᠠᠨ ᠤ ᠲᠣᠪᠴᠢᠶᠠᠨ  ᠳᠠᠷᠤᠭ᠎ᠠ ᠴᠢᠶᠣᠤ ᠬᠤᠩ ᠮᠧᠶ ᠬᠠᠪᠰᠤᠷᠭᠠᠨ ᠡᠭᠦᠷᠭᠡᠯᠡᠨ᠎ᠡ᠃ ᠡᠯ᠎ᠡ ᠨᠢᠭᠡᠴᠡ ᠠᠵᠢᠯ ᠢᠶᠠᠨ ᠢᠳᠡᠪᠬᠢᠲᠡᠢ ᠥᠷᠨᠢᠭᠦᠯᠵᠦ᠂ ᠠᠵᠢᠯᠯᠠᠭ᠎ᠠ ᠶᠢᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ᠃ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠨᠢ ᠥᠭᠡᠷᠡᠴᠢᠯᠡᠯᠲᠡ ᠲᠣᠬᠢᠷᠠᠭᠤᠯᠤᠯᠲᠠ ᠳᠤ ᠬᠤᠯᠪᠣᠭᠳᠠᠭᠰᠠᠨ ᠪᠠᠶᠢᠪᠠᠯ᠂ ᠲᠣᠬᠢᠷᠠᠭᠤᠯᠤᠭᠰᠠᠨ ᠤ ᠳᠠᠷᠠᠭ᠎ᠠ ᠵᠣᠬᠢᠬᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ ᠠᠴᠠ ᠰᠠᠨᠠᠭᠠᠴᠢᠯᠠᠭ᠎ᠠ ᠠᠴᠠ ᠪᠠᠨ ᠠᠵᠢᠯᠯᠠᠭ᠎ᠠ ᠶᠢ ᠡᠭᠦᠷᠭᠡᠯᠡᠵᠦ᠂ ᠠᠰᠲᠠᠭᠠᠨ ᠪᠢᠴᠢᠭ ᠮᠠᠲ᠋ᠧᠷᠢᠶᠠᠯ ᠢᠶᠠᠷ ᠮᠡᠳᠡᠭᠳᠡᠬᠦ ᠦᠭᠡᠢ᠃ 
ᠢᠷᠡᠯᠲᠡ᠄ ᠲᠣᠰ ᠰᠥᠯᠵᠢᠶ᠎ᠡ