ᠠᠩᠬᠠᠷ︕  ᠠᠶᠢᠯ ᠡᠷᠦᠬᠡ ᠳᠤᠨᠢ ᠤᠷᠤᠵᠤ ᠪᠠᠶᠢᠴᠠᠭᠠᠯᠳᠠ ᠬᠢᠨ᠎ᠡ
ᠨᠡᠶᠢᠲᠡᠯᠡᠭᠰᠡᠨ ᠴᠠᠭ᠄
2024/6/5
        ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠦᠷᠦᠭᠦᠭᠡᠨ ︽ᠬᠥᠮᠦᠨ  ᠠᠮᠠ ᠶᠢᠨ  ᠲᠣᠭᠲᠠᠮᠠᠯ  ᠦᠯᠢᠭᠡᠷ  ᠬᠡᠪ‌‍ᠪᠣᠯᠤᠨ ᠰᠤᠷᠪᠤᠯᠵᠢᠯᠠᠭᠳᠠᠭᠴᠢ ᠳᠤ ᠥᠭᠭᠦᠭᠰᠡᠨ ᠵᠠᠬᠢᠳᠠᠯ︾ ᠢ ᠨᠡᠶᠢᠲᠡᠯᠡᠪᠡ᠃        ᠤᠯᠤᠰ ᠤᠨ  ᠲᠤᠭ᠎ᠠ  ᠪᠦᠷᠢᠳᠬᠡᠯ ᠤᠨ  ᠲᠣᠪᠴᠢᠶ᠎ᠠ  2024  ᠣᠨ ᠤ  6  ᠰᠠᠷ᠎ᠠ ᠳᠤ   ᠪᠦᠬᠦ   ᠤᠯᠤᠰ ‍ᠤᠨ‌‍ᠬᠡᠪᠴᠢᠶᠡᠨ ᠳᠤ ᠬᠥᠮᠦᠨ ᠠᠮᠠ ᠶᠢᠨ ᠲᠣᠭᠲᠠᠮᠠᠯ ᠦᠯᠢᠭᠡᠷ ᠬᠡᠪ ᠠᠪᠴᠤ  ᠮᠥᠷᠳᠡᠨ  ᠰᠤᠷᠪᠤᠯᠵᠢᠯᠠᠬᠤ  ᠪᠠᠶᠢᠴᠠᠭᠠᠯᠲᠠ  ᠬᠢᠨ᠎ᠡ᠃ ᠪᠠᠶᠢᠴᠠᠭᠠᠯᠲᠠ ᠶᠢᠨ ᠦᠷ᠎ᠡ ᠳ᠋ᠦᠩ ᠢ ᠬᠥᠮᠦᠨ ᠠᠮᠠ ᠶᠢᠨ ᠬᠤᠪᠢᠷᠠᠯᠲᠠ ᠶᠢ ᠪᠦᠷᠢᠳᠬᠡᠬᠦ᠂ ᠦᠢᠯᠡᠴᠢᠯᠡᠭᠡ ᠶᠢ  ᠴᠢᠩᠭᠠᠳᠬᠠᠬᠤ ᠳᠤ ᠬᠡᠷᠡᠭᠯᠡᠬᠦ ᠪᠣᠯᠤᠨ᠎ᠠ᠃        ᠲᠣᠰ ᠤᠳᠠᠭᠠᠨ ᠤ ᠪᠠᠶᠢᠴᠠᠭᠠᠭᠳᠠᠬᠤ ᠡᠲᠡᠭᠡᠳ ᠨᠢ ᠬᠡᠨ ᠪᠤᠯᠬᠤ ᠪᠤᠢ︖ ᠪᠠᠶᠢᠴᠠᠭᠠᠯᠳᠠ  ᠬᠢᠬᠦ  ᠳᠤ  ᠶᠠᠮᠠᠷ  ᠶᠠᠮᠠᠷ ᠠᠭᠤᠯᠭ᠎ᠠ ᠪᠠᠶᠢᠬᠤ ᠪᠤᠢ︖ ᠶᠠᠭᠠᠬᠢᠵᠦ ᠪᠠᠶᠢᠴᠠᠭᠠᠯᠳᠠ ᠬᠢᠬᠦ ᠪᠤᠢ︖         ᠪᠠᠶᠢᠴᠠᠭᠠᠯᠲᠠ ᠶᠢ ᠨᠡᠶᠢᠲᠡ ᠬᠤᠶᠠᠷ ᠤᠳᠠᠭ᠎ᠠ ᠥᠷᠨᠢᠭᠦᠯᠤᠨ᠎ᠡ        ᠨᠢᠭᠡᠳᠦᠭᠡᠷ ᠤᠳᠠᠭᠠᠨ ᠤ ᠪᠠᠶᠢᠴᠠᠭᠠᠯᠲᠠ ᠬᠢᠬᠦ ᠪᠠᠷᠢᠮᠵᠢᠶᠠᠲᠤ ᠴᠠᠭ ᠨᠢ 2024 ᠣᠨ ᠤ 6 ᠳ᠋ᠤᠭᠠᠷ ᠰᠠᠷ᠎ᠠ ᠶᠢᠨ 1 ‍ᠤ‌ᠡᠳᠦᠷ ᠤᠨ ᠲᠡᠭ ᠴᠠᠭ ᠪᠣᠯᠤᠨ᠎ᠠ᠂ 2024 ᠣᠨ ᠤ 6 ᠳ᠋ᠤᠭᠠᠷ ᠰᠠᠷ᠎ᠠ ᠶᠢᠨ 25 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ᠃        ᠬᠤᠶᠠᠳᠤᠭᠠᠷ ᠤᠳᠠᠭᠠᠨ ᠤ ᠪᠠᠶᠢᠴᠠᠭᠠᠯᠲᠠ ᠬᠢᠬᠦ ᠪᠠᠷᠢᠮᠵᠢᠶᠠᠲᠤ ᠴᠠᠭ ᠨᠢ 2024 ᠣᠨ ᠤ 11  ᠳ᠋ᠤᠭᠡᠷ  ᠰᠠᠷ᠎ᠠ ᠶᠢᠨ1 ᠤ ᠡᠳᠦᠷ ᠤᠨ ᠲᠡᠭ  ᠴᠠᠭ  ᠪᠣᠯᠤᠨ᠎ᠠ᠂  2024  ᠣᠨ ᠤ  12  ᠳ᠋ᠤᠭᠠᠷ  ᠰᠠᠷ᠎ᠠ ᠶᠢᠨ  5 ᠤ  ᠡᠳᠦᠷ ᠠᠴᠠ  ᠡᠮᠦᠨ᠎ᠡ ᠪᠡᠶᠡᠯᠡᠭᠦᠯᠦᠨ᠎ᠡ᠃        ᠪᠠᠶᠢᠴᠠᠭᠠᠭᠳᠠᠬᠤ ᠡᠲᠡᠭᠡᠳ ᠨᠢ ᠤᠯᠤᠰ ᠠᠴᠠ ᠨᠢᠭᠡᠳᠦᠯᠲᠡᠶ ᠰᠣᠩᠭᠤᠨ ᠠᠪᠬᠤ ᠨᠠᠷᠢᠨ  ᠬᠠᠭᠤᠳᠠᠰᠤ ᠶᠢᠨ  ᠳᠣᠲᠣᠷᠠᠬᠢ‌ᠵᠢᠭᠠᠨ ᠲᠣᠭᠲᠠᠭᠠᠭᠰᠠᠨ ᠠᠵᠢᠯᠲᠠᠨ ᠪᠠ ᠬᠠᠮᠢᠶ᠎ᠠ ᠪᠥᠬᠦᠶ ᠡᠭᠦᠰᠦᠮᠡᠯ ᠠᠵᠢᠯᠲᠠᠨ ᠪᠣᠯᠤᠨ᠎ᠠ᠃        ᠪᠠᠶᠢᠴᠠᠭᠠᠯᠲᠠ ᠬᠢᠬᠦ ᠠᠭᠤᠯᠭ᠎ᠠ         ᠪᠠᠶᠢᠴᠠᠭᠠᠯᠳᠠ ᠬᠢᠬᠦ ᠠᠭᠤᠯᠭ᠎ᠠ ᠳᠤ ᠭᠤᠤᠯᠳᠠᠭᠤ᠄ ᠪᠠᠶᠢᠴᠠᠭᠠᠭᠳᠠᠬᠤ  ᠡᠲᠡᠭᠡᠳ ᠤᠨ  ᠣᠪᠣᠭ  ᠨᠡᠷ᠎ᠡ᠂  ᠬᠦᠢᠰᠦ ᠵᠢᠨ‌ᠢᠯᠭᠠᠯ᠂ ᠨᠠᠰᠤ ᠵᠢᠯ᠂ ᠠᠷᠠᠳ ᠢᠷᠭᠡᠨ ᠤ ᠪᠡᠶ᠎ᠡ ᠶᠢᠨ ᠦᠨᠡᠮᠯᠡᠯ ᠤᠨ ᠨᠣᠮᠧᠷ᠂  ᠰᠤᠷᠭᠠᠨ  ᠬᠥᠮᠦᠵᠢᠯ  ᠭᠥᠷᠳᠡᠭᠰᠡᠨ  ᠬᠡᠮᠵᠢᠶ᠎ᠡ᠂ᠨᠡᠭᠦᠵᠦ ᠰᠢᠯᠵᠢᠭᠰᠡᠨ ᠪᠠᠶᠢᠳᠠᠯ᠂ ᠠᠵᠢᠯ ᠤᠨ ᠪᠠᠶᠢᠳᠠᠯ᠂ ᠣᠷᠤᠭ ᠤᠨ ᠪᠠᠶᠢᠳᠠᠯ᠂  ᠦᠷᠡᠵᠢᠯ  ᠪᠠ  ᠥᠭᠦᠯᠳᠡ  ᠶᠢᠨ  ᠪᠠᠶᠢᠳᠠᠯ᠂ᠬᠡᠦᠬᠡᠳ ᠤᠨ ᠠᠮᠢᠳᠤᠷᠠᠯ ᠤᠨ ᠪᠠᠶᠢᠳᠠᠯ ᠵᠡᠷᠭᠡ ᠪᠠᠭᠲᠠᠨ᠎ᠠ᠃        ᠪᠠᠶᠢᠴᠠᠭᠠᠯᠲᠠ ᠬᠢᠬᠦ ᠠᠷᠭ᠎ᠠ        ᠪᠠᠶᠢᠴᠠᠭᠠᠨ  ᠲᠡᠮᠳᠡᠭᠯᠡᠬᠦ ᠳᠤ  ᠪᠠᠶᠢᠴᠠᠭᠠᠭᠴᠢ  ᠠᠶᠢᠯ  ᠡᠷᠦᠬᠡ ᠳᠤ  ᠤᠷᠤᠵᠤ  ᠡᠯᠧᠺᠲᠷᠣᠨ  ᠢᠶᠠᠷ   ᠴᠤᠭᠯᠠᠭᠤᠯᠬᠤ‌‍ᠲ᠋ᠥ᠋ᠬᠦᠭᠡᠷᠦᠮᠵᠢ ︵PAD ᠪᠤᠶᠤ ᠤᠶᠤᠨᠲᠤ ᠭᠠᠷ ᠤᠲᠠᠰᠤ︶ ᠶᠢ ᠬᠡᠷᠡᠭᠯᠡᠨ ᠠᠰᠠᠭᠤᠨ ᠯᠠᠪᠯᠠᠬᠤ᠂ ᠲᠤᠬᠠᠶ ᠶᠢᠨ  ᠲᠠᠯᠠᠪᠠᠢ  ᠳ᠋ᠤᠨᠢ‌‍ᠲ᠋ᠠᠭᠯᠠᠨ ᠮᠡᠳᠡᠭᠦᠯᠬᠦ ᠵᠡᠷᠭᠡ ᠠᠷᠭ᠎ᠠ ᠮᠠᠶ᠋ᠢᠭ ᠢ ᠠᠪᠤᠨ᠎ᠠ᠃ 
ᠢᠷᠡᠯᠲᠡ᠄ ᠠᠷᠠᠳ ᠤᠨ ᠰᠦᠯᠵᠢᠶ᠎ᠡ