1 - 4 ᠰᠠᠷ᠎ᠠ ᠳᠤ ᠬᠢᠶ᠎ᠠ ᠪᠠᠭᠰᠢ ᠲᠣᠭᠤᠷᠢᠭ ᠤᠨ ᠠᠵᠤ ᠠᠬᠤᠶ ᠲᠣᠭᠲᠠᠭᠤᠨ ᠤ ᠳᠤᠮᠳᠠ ᠨᠡᠮᠡᠭᠳᠡᠵᠦ᠂ ᠦᠷᠭᠦᠯᠵᠢᠯᠡᠨ ᠰᠠᠶᠢᠵᠢᠷᠠᠪᠠ
ᠨᠡᠶᠢᠲᠡᠯᠡᠭᠰᠡᠨ ᠴᠠᠭ᠄
2024/6/7
        ᠡᠨᠡ ᠵᠢᠯ ᠠᠴᠠ ᠨᠠᠭᠠᠰᠢ᠂ ᠮᠠᠨ ᠤ ᠲᠣᠭᠤᠷᠢᠭ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠡᠵᠡᠮᠳᠡᠨ᠂ ᠬᠤᠶᠠᠷ ᠶᠡᠭᠡ ᠶᠠᠪᠤᠳᠠᠯ ᠢ ᠡᠷᠡᠰ ᠭᠤᠶᠢᠪᠢᠰᠢ ᠥᠬᠡᠶ ᠰᠠᠶᠢᠲᠤᠷ ᠬᠢᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠣᠷᠣᠨ ᠪᠠ ᠦᠵᠡᠰᠬᠦᠯᠡᠩᠲᠦ ᠰᠠᠶᠢᠬᠠᠨ ᠳᠤᠯᠠᠭᠠᠨ ᠬᠤᠲᠠ ᠶᠢᠨ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠣᠨ᠂ ᠪᠥᠬᠦ ᠲᠤᠭᠤᠷᠢᠭ ᠤᠨ ᠠᠵᠤ ᠠᠬᠤᠶ ᠲᠣᠭᠲᠠᠭᠤᠨ ᠤ ᠳᠤᠮᠳᠠ ᠨᠡᠮᠡᠭᠳᠡᠵᠦ᠂ ᠦᠷᠭᠦᠯᠵᠢᠯᠡᠨ ᠰᠠᠶᠢᠵᠢᠷᠠᠪᠠ᠃       ᠨᠢᠭᠡ᠂ ᠦᠢᠯᠡᠴᠢᠯᠡᠭᠡᠨ ᠤ ᠠᠵᠢᠯ ᠲᠥᠷᠥᠯ ᠦᠨᠳᠦᠰᠦᠨ ᠳᠤ ᠪᠠᠨ ᠲᠣᠭᠲᠠᠭᠤᠨ ᠪᠠᠶᠢᠵᠤ᠂ ᠠᠵᠤ ᠠᠬᠤᠶᠢᠯᠠᠯ ᠤᠨ ᠡᠳ᠋ ᠬᠥᠷᠥᠩᠭᠡ ᠲᠣᠭᠲᠠᠭᠤᠨ ᠢᠶᠠᠷ ᠳᠡᠭᠡᠭᠰᠢᠯᠡᠪᠡ᠃       1 - 3 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ 22 ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠨᠢ 6.9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠡᠵᠡᠩᠨᠡᠯᠲᠡ ᠶᠢᠨ ᠣᠷᠣᠯᠭ᠎ᠠ ᠶᠢᠨ ᠬᠡᠪᠴᠢᠶ᠎ᠡ ᠨᠢ ᠪᠥᠬᠦ ᠬᠤᠲᠠ ᠶᠢᠨ ᠭᠤᠷᠪᠠᠳᠤᠭᠠᠷ ᠲᠤ ᠣᠷᠣᠪᠠ᠃ ᠠᠵᠤ ᠠᠬᠤᠶᠢᠯᠠᠯ ᠤᠨ ᠡᠳ᠋ ᠬᠥᠷᠥᠩᠭᠡ ᠯᠠᠪᠳᠠᠭᠤᠨ ᠢᠶᠠᠷ ᠳᠡᠭᠡᠭᠰᠢᠯᠡᠪᠡ᠃ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠳ᠋ ᠬᠥᠷᠥᠩᠭᠡ ᠨᠡᠶᠢᠲᠡ 222 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2 % ᠢᠶᠠᠷ ᠨᠡᠮᠡᠭᠳᠡᠪᠡ᠃      ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ ᠦᠷᠭᠦᠯᠵᠢᠯᠡᠨ ᠨᠡᠮᠡᠭᠳᠡᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ  ᠨᠢ ᠲᠤᠯᠭᠠᠭᠤᠷᠢᠯᠠᠯ ᠤᠨ ᠬᠦᠴᠦᠨ ᠲᠠᠢ ᠪᠠᠶᠢᠨ᠎ᠠ᠃       1 - 4 ᠳ᠋ᠦ᠋ᠭᠡᠷ ᠰᠠᠷ᠎ᠠ ᠳᠤ᠂ ᠪᠥᠬᠦ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 38.5% ᠪᠠᠷ ᠨᠡᠮᠡᠭᠳᠡᠨ᠂ ᠪᠥᠬᠦ ᠬᠤᠲᠠ ᠶᠢᠨ ᠳᠥᠷᠪᠡᠳᠦᠭᠡᠷ ᠲᠤ ᠣᠷᠣᠵᠤ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠠᠴᠠ 0.3 % ᠥᠨᠳᠥᠷ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠨᠢ ᠲᠤᠯᠭᠠᠭᠤᠷᠢᠯᠠᠯ ᠤᠨ ᠬᠦᠴᠦᠨ ᠲᠠᠢ ᠪᠠᠶᠢᠨ᠎ᠠ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 109.1% ᠪᠠᠷ ᠨᠡᠮᠡᠭᠳᠡᠵᠦ᠂ ᠪᠠᠯᠠ ᠣᠷᠣᠭᠤᠯᠤᠯᠲᠠ ᠶᠢᠨ ᠨᠡᠮᠡᠭᠳᠡᠯ ᠢ 38.5 ᠵᠠᠭᠤᠨ ᠤ ᠬᠤᠪᠢ ᠳᠠᠶᠢᠴᠢᠯᠠᠪᠠ᠃ ᠠᠷᠠᠳ ᠤᠨ ᠳᠤᠮᠳᠠᠬᠢ ᠪᠠᠯᠠ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠪᠠ᠃ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠠᠴᠠ 41.1 % ᠪᠠᠷ ᠨᠡᠮᠡᠭᠳᠡᠵᠦ᠂ ᠬᠥᠷᠥᠩᠭᠡ ᠣᠷᠣᠭᠤᠯᠤᠯᠲᠠ ᠨᠢ 33.5 ᠵᠠᠭᠤᠨ ᠤ ᠬᠤᠪᠢ ᠳᠠᠶᠢᠴᠢᠯᠠᠪᠠ᠃       ᠭᠤᠷᠪᠠ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠠᠵᠢᠯ ᠲᠥᠷᠥᠯ ᠤᠨ ᠬᠥᠭᠵᠢᠯᠲᠡ ᠦᠷᠭᠦᠯᠵᠢᠯᠡᠨ ᠰᠠᠶᠢᠵᠢᠷᠠᠪᠠ᠃       1 - 4 ᠳ᠋ᠦ᠋ᠭᠡᠷ ᠰᠠᠷ᠎ᠠ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 9.7% ᠪᠠᠶᠢᠵᠤ᠂ ᠨᠢᠭᠡᠳᠦᠭᠡᠷ ᠤᠯᠠᠷᠢᠯ ᠤᠨ ᠬᠢ ᠠᠴᠠ 0.6 ᠵᠠᠭᠤᠨ ᠤ ᠨᠢᠭᠡᠴᠢ  ᠳᠡᠭᠡᠭᠰᠢᠯᠡᠨ᠂ ᠪᠥᠬᠦ ᠬᠤᠲᠠ ᠶᠢᠨ ᠬᠢᠷᠢ ᠲᠦᠪᠰᠢᠨ ᠠᠴᠠ 2.2 ᠵᠠᠭᠤᠨ ᠤ ᠨᠢᠭᠡᠴᠢ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠭᠤᠷᠪᠠᠳᠤᠭᠠᠷ ᠲᠤ ᠣᠷᠣᠪᠠ᠃ ᠲᠥᠷᠥᠯ ᠬᠤᠪᠢᠶᠠᠨ ᠠᠪᠴᠤ ᠦᠵᠡᠪᠡᠯ᠂ ᠦᠢᠯᠡᠳᠬᠦ ᠦᠢᠯᠡᠰ ᠤᠨ ᠨᠡᠮᠡᠭᠳᠡᠯ 57.5% ᠳᠤ ᠬᠦᠷᠴᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 9.1% ᠪᠠᠷ ᠨᠡᠮᠡᠭᠳᠡᠪᠡ᠃       ᠳᠥᠷᠪᠡ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠰᠡᠷᠭᠦᠵᠦ᠂ ᠭᠤᠤᠯᠳᠠᠯᠭ᠎ᠠ ᠲᠠᠢ ᠬᠡᠷᠡᠭᠯᠡᠭᠡᠨ ᠤ ᠨᠡᠮᠡᠭᠳᠡᠯ ᠴᠢᠩᠭ᠎ᠠ ᠪᠠᠶᠢᠨ᠎ᠠ᠃       1 - 4 ᠳ᠋ᠦ᠋ᠭᠡᠷ ᠰᠠᠷ᠎ᠠ ᠳᠤ᠂ ᠪᠥᠬᠦ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 28.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠳᠤ ᠭᠤᠷᠪᠠᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 2.4% ᠨᠡᠮᠡᠭᠳᠡᠪᠡ᠃ ᠭᠤᠤᠯᠳᠠᠯᠭ᠎ᠠ ᠲᠠᠢ ᠲᠠᠸᠠᠷ ᠤᠨ ᠬᠡᠷᠡᠭᠯᠡᠭᠡ ᠬᠦᠴᠦᠲᠡᠶ ᠨᠡᠮᠡᠭᠳᠡᠵᠦ ᠂ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 1% ᠨᠡᠮᠡᠭᠳᠡᠨ᠂ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 96.8% ᠨᠡᠮᠡᠭᠳᠡᠵᠦ᠂ ᠡᠭᠦᠨ ᠳᠤ᠄ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 116% ᠨᠡᠮᠡᠭᠳᠡᠪᠡ᠃ ᠠᠮᠢᠳᠤᠷᠠᠯ ᠤᠨ ᠬᠡᠷᠡᠭᠰᠡᠯ ᠲᠣᠭᠲᠠᠭᠤᠨ ᠢᠶᠠᠷ ᠨᠡᠮᠡᠭᠳᠡᠪᠡ᠃ ᠠᠮᠤ ᠪᠤᠳᠠᠭ᠎ᠠ ᠲᠣᠰᠣ ᠢᠳᠡᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 27.5% ᠪᠠᠷ ᠨᠡᠮᠡᠭᠳᠡᠨ᠂ ᠠᠷᠢᠬᠢ ᠲᠠᠮᠠᠬᠢ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠵᠦ᠂ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 15.2% ᠢᠶᠠᠷ ᠨᠡᠮᠡᠭᠳᠡᠵᠦ᠂ ᠬᠡᠷ ᠤᠨ ᠴᠠᠬᠢᠯᠭᠠᠨ ᠬᠡᠷᠡᠭᠰᠡᠯ ᠪᠠ ᠳᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 99.4% ᠪᠠᠷ ᠨᠡᠮᠡᠭᠳᠡᠪᠡ᠃       ᠶᠡᠷᠦᠩᠬᠡᠢ ᠳᠤᠨᠢ ᠠᠪᠴᠤ ᠦᠵᠡᠪᠡᠯ᠂ 1 - 4 ᠳ᠋ᠦ᠋ᠭᠡᠷ ᠰᠠᠷ᠎ᠠ ᠳᠤ᠂ ᠪᠦᠬᠦ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠲᠠᠢ ᠪᠠᠶᠢᠵᠤ᠂ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠵᠣᠬᠢᠰᠲᠠᠢ ᠬᠡᠪᠴᠢᠶᠡᠨ ᠳᠤ ᠣᠷᠣᠨ᠂ ᠵᠠᠬ᠎ᠠ ᠳᠡᠯᠭᠡᠭᠦᠷ ᠤᠨ ᠬᠡᠷᠡᠭᠴᠡᠭᠡ ᠲᠠᠰᠤᠷᠠᠯᠲᠠ ᠦᠭᠡᠢ ᠰᠠᠶᠢᠵᠢᠷᠠᠪᠠ᠃ ᠭᠡᠪᠡᠴᠦ ᠭᠠᠳᠠᠭᠠᠳᠤ ᠬᠡᠷᠡᠭᠴᠡᠭᠡ ᠮᠥᠨ ᠬᠦ ᠬᠦᠷᠦᠯᠴᠡᠬᠦ ᠦᠭᠡᠢ ᠪᠠᠶᠢᠵᠤ᠂ ᠪᠦᠲᠦᠴᠡ ᠶᠢᠨ ᠴᠢᠨᠠᠷᠲᠠᠢ ᠠᠰᠠᠭᠤᠳᠠᠯ ᠮᠥᠨ ᠬᠦ ᠲᠤᠪᠤᠶᠢᠮ᠎ᠠ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠰᠠ ᠬᠦᠴᠦ ᠣᠷᠣᠭᠤᠯᠬᠤ ᠴᠢᠬᠤᠯᠠᠲᠠᠢ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠳᠠᠷᠠᠭᠠᠴᠢ ᠶᠢᠨ ᠱᠠᠲᠤᠨ ᠳᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠠᠵᠤ ᠠᠬᠤᠢ ᠶᠢᠨ ᠦᠷᠭᠦᠯᠵᠢᠯᠡᠨ ᠨᠡᠮᠡᠭᠳᠡᠬᠦ᠂ ᠳᠣᠲᠣᠭᠠᠳᠤ ᠬᠥᠳᠡᠯᠭᠡᠬᠦ ᠬᠦᠴᠦᠨ ᠢ ᠦᠷᠭᠦᠯᠵᠢᠯᠡᠨ  ᠴᠢᠩᠭᠠᠷᠠᠭᠤᠯᠣᠨ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠬᠤ ᠶᠢ ᠲᠠᠰᠤᠷᠠᠯᠲᠠ ᠦᠭᠡᠢ ᠠᠬᠢᠭᠤᠯᠵᠤ᠂ ᠪᠦᠬᠦ ᠲᠤᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠬᠤ ᠬᠡᠷᠡᠭᠲᠡᠢ᠃ 
ᠢᠷᠡᠯᠲᠡ᠄ ᠲᠣᠰ ᠰᠥᠯᠵᠢᠶ᠎ᠡ