ᠸᠠᠩ ᠰᠢᠤᠸᠠᠢ ᠹᠧᠩ ᠴᠢᠩ ᠴᠦᠨ ᠱᠠᠨ ᠵᠡᠭᠡᠯᠢ ᠭᠤᠳᠤᠮᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠶᠠᠷᠢᠯᠴᠠᠬᠤ ᠬᠤᠷᠠᠯ ᠳᠤ ᠣᠷᠣᠯᠴᠠᠵᠤ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/7/12
       7 ᠰᠠᠷ᠎ᠠ ᠶᠢᠨ 10 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠴᠢᠩ ᠴᠦᠨ ᠱᠠᠨ ᠵᠡᠭᠡᠯᠢ ᠭᠤᠳᠤᠮᠵᠢ ᠳᠤ ᠭᠦᠨᠵᠡᠭᠡᠶᠢᠷᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠶᠠᠷᠢᠯᠴᠠᠬᠤ ᠬᠤᠷᠠᠯ ᠳᠤ ᠣᠷᠣᠯᠴᠠᠨ᠂ ᠴᠢᠩ ᠴᠦᠨ ᠱᠠᠨ ᠵᠡᠭᠡᠯᠢ ᠭᠤᠳᠤᠮᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠣᠭᠤᠷᠢᠨ ᠳᠤ ᠵᠢᠯᠤᠭᠤᠳᠤᠯᠭ᠎ᠠ ᠬᠢᠭᠰᠡᠨ ᠪᠥᠭᠡᠳ ︽︿ᠵᠢᠷᠭᠤᠭᠠᠨ ᠰᠠᠬᠢᠯᠭ᠎ᠠ ᠪᠠᠲᠤ﹀  ᠶᠢ ᠴᠢᠩᠭ᠎ᠠ ᠰᠠᠬᠢᠵᠤ᠂ ᠨᠠᠮ ᠤᠨ ᠲᠥᠯᠥᠭᠡ ᠦᠨᠡᠨᠴᠢ ᠰᠢᠳᠤᠷᠭᠤ ᠪᠠᠶᠢᠬᠤ︾ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃        ᠸᠠᠩ ᠰᠢᠤᠸᠠᠢ ᠹᠧᠩ᠂ ᠡᠯ᠎ᠡ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠳᠠᠬᠢᠨ ᠳᠠᠪᠲᠠᠨ ᠰᠤᠷᠤᠯᠴᠠᠬᠤ᠂ ᠰᠡᠳᠬᠢᠬᠦ ᠳᠤᠮᠳᠠ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠨᠠᠷᠢᠨ ᠣᠶᠢᠯᠠᠭᠠᠵᠤ᠂ ᠰᠠᠬᠢᠯᠭ᠎ᠠ ᠪᠠᠲᠤ ᠶᠣᠰᠣ ᠲᠦᠷᠢᠮ ᠢ ᠲᠣᠳᠣᠷᠬᠠᠶᠢᠯᠠᠨ᠂ ᠥᠪᠡᠷ ᠢ ᠪᠠᠨ ᠱᠠᠭᠠᠷᠳᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠵᠡᠭᠡᠯᠢ ᠭᠤᠳᠤᠮᠵᠢ ᠶᠢᠨ ᠡᠨᠡ ᠵᠢᠯ ᠤᠨ ᠡᠯ᠎ᠡ  ᠵᠦᠢᠯ ᠤᠨ ᠭᠤᠤᠯᠳᠠᠯᠭ᠎ᠠ ᠲᠠᠢ ᠡᠭᠦᠷᠭᠡ ᠲᠠᠢ ᠨᠢᠭᠲᠠ ᠤᠶᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠪᠣᠯᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠶ᠃ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠶᠢ ᠪᠡᠶᠡᠯᠡᠭᠦᠯᠦᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠷ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠡᠩ ᠤᠯᠠᠨ ᠨᠡᠩ ᠰᠠᠶᠢᠨ ᠦᠷ᠎ᠡ ᠪᠦᠲᠦᠮᠵᠢ ᠤᠯᠬᠤ ᠶᠢ ᠦᠷᠭᠦᠯᠵᠢᠯᠡᠨ ᠠᠬᠢᠭᠤᠯᠬᠤ ᠶᠢ ᠪᠠᠷᠢᠮᠲᠠᠯᠠᠵᠤ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠰᠠᠭᠤᠭᠠᠯᠢ ᠠᠷᠠᠳ ᠤᠨ ᠰᠠᠶᠢᠨ ᠰᠠᠶᠢᠬᠠᠨ ᠠᠮᠢᠳᠤᠷᠠᠯ ᠢ ᠰᠠᠶᠢᠲᠤᠷ ᠪᠠᠲᠤᠯᠠᠬᠤ ᠬᠡᠷᠡᠭᠲᠡᠢ ᠭᠡᠵᠦ ᠬᠡᠯᠡᠪᠡ᠃       ᠸᠠᠩ ᠰᠢᠤᠸᠠᠢ ᠹᠧᠩ᠂ ᠵᠢᠷᠭᠤᠭᠠᠨ ᠵᠦᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠭᠤᠣᠯᠳᠠᠯᠭ᠎ᠠ ᠶᠢ ᠡᠷᠡᠰ ᠬᠦᠷᠢᠶᠡᠯᠡᠨ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ ᠪᠣᠯᠤᠨ ᠨᠡᠩ ᠴᠢᠩᠭ᠎ᠠ ᠱᠠᠭᠠᠷᠳᠠᠯᠭ᠎ᠠ ᠪᠠᠷ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠴᠠᠭ ᠢᠮᠠᠭᠲᠠ ᠪᠠᠶᠢᠴᠠᠭᠠᠨ ᠦᠵᠡᠵᠦ᠂ ᠰᠢᠨ᠎ᠡ ᠴᠠᠭ ᠦᠶ᠎ᠡ ᠶᠢᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠨ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠢ ᠬᠠᠩᠭᠠᠬᠤ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠪᠣᠳᠠᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠭᠰᠠᠨ ᠦᠷ᠎ᠡ ᠪᠦᠲᠦᠭᠡᠯ ᠢ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠠᠶᠢᠲᠤᠷ  ᠪᠠᠬᠢᠵᠢᠭᠦᠯᠦᠨ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠬᠡᠯᠡᠪᠡ᠃ 
ᠢᠷᠡᠯᠲᠡ᠄ ᠲᠣᠰ ᠰᠥᠯᠵᠢᠶ᠎ᠡ