ᠲᠣᠭᠤᠷᠢᠭ ᠤᠨ ᠵᠠᠰᠠᠭ ᠤᠨ ᠣᠷᠳᠣᠨ 2024 ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 4 ᠳ᠋ᠤᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/12
      7 ᠰᠠᠷ᠎ᠠ ᠶᠢᠨ 10 ᠤ ᠡᠳᠦᠷ᠂ ᠲᠣᠭᠤᠷᠢᠭ ᠤᠨ ᠵᠠᠰᠠᠭ ᠤᠨ ᠣᠷᠳᠣᠨ 2024 ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 4 ᠳ᠋ᠤᠭᠡᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠡᠷᠭᠢᠯᠡᠪᠡ᠃ 
微信截图_20240711114743.jpg     
      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠦᠬᠢᠭᠦᠯᠦᠨ ᠱᠠᠩᠨᠠᠬᠤ ᠶᠡᠭᠡ ᠬᠤᠷᠠᠯ᠂ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ  ᠤᠨ ᠡᠭᠦᠷᠭᠡ ᠲᠡᠭᠦᠰ ᠠᠮᠵᠢᠯᠲᠠ  ᠣᠯᠤᠭᠰᠠᠨ ᠪᠠᠶᠠᠷ ᠤᠨ ᠴᠠᠬᠢᠯᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠢᠶ᠎ᠠ ᠪᠠᠭᠰᠢ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠰᠢᠨᠵᠢᠯᠡᠬᠦ ᠤᠬᠠᠭᠠᠨ‌‍ᠲ᠋ᠧᠭᠨᠢᠭ  ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠶᠢ ᠰᠠᠶᠢᠲᠤᠷ ᠠᠳᠬᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠨᠢᠭᠡᠨᠲᠡ ᠨᠤᠲᠤᠭᠰᠢᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠤᠨ ᠠᠯᠢ ᠲᠦᠷᠭᠡᠨ ᠢᠶᠠᠷ ᠦᠷ᠎ᠡ ᠪᠦᠲᠦᠮᠵᠢ ᠪᠠᠨ ᠪᠠᠳᠠᠷᠠᠭᠤᠯᠬᠤ ᠶᠢ ᠪᠠᠲᠤᠯᠠᠵᠤ᠂ ︽ᠡᠷᠳᠡᠮᠲᠡᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠲᠥᠷᠥ ᠶᠢᠨ ᠪᠣᠳᠣᠯᠭ᠎ᠠ ᠶᠢ ᠰᠠᠶᠢᠲᠤᠷ  ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠬᠦᠴᠦᠨ ᠴᠢᠳᠠᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠣᠶᠤᠨᠴᠢ  ᠰᠦᠯᠵᠢᠶᠡᠨ ᠤ ᠬᠤᠯᠪᠤᠭ᠎ᠠ ᠲᠡᠶᠢᠰᠢ ᠲᠥᠪᠯᠡᠷᠡᠭᠦᠯᠬᠦ ᠶᠢ ᠠᠬᠢᠭᠤᠯᠵᠤ᠂  ᠴᠢᠷᠮᠠᠶᠢᠨ ᠬᠢᠶ᠎ᠠ ᠪᠠᠭᠰᠢ ᠶᠢ ᠣᠶᠤᠨᠴᠢ ᠰᠦᠯᠵᠢᠶᠡᠨ ᠤ  ᠬᠤᠯᠪᠤᠭ᠎ᠠ ᠶᠢᠨ ︽ᠳᠠᠭᠠᠭᠤᠯᠤᠭᠴᠢ︾ ᠪᠣᠯᠭᠠᠵᠤ᠂ ᠴᠢᠨᠠᠷ ᠰᠠᠶᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠷᠠᠭᠤᠯᠤᠯᠲᠠ ᠶᠢᠨ ᠦᠷ᠎ᠡ ᠪᠦᠲᠦᠭᠡᠯ ᠢᠶᠠᠷ ᠴᠢᠨᠠᠷ ᠰᠠᠶᠢᠲᠠᠢ ᠠᠵᠤ ᠦᠢᠯᠡᠰ ᠤᠨ ᠳᠡᠰ ᠳᠡᠪᠰᠢᠵᠦ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠵᠧᠵᠢᠶᠠᠩ ᠮᠤᠵᠢ ᠶᠢᠨ ᠯᠢ ᠱᠦᠢ ᠬᠤᠲᠠ ᠶᠢᠨ ᠵᠢᠩ ᠨᠢᠩ  ᠤᠨ ᠱᠧ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠳᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠢᠶ᠎ᠠ ᠪᠠᠭᠰᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠪᠠᠲᠤ ᠡᠵᠡᠮᠳᠡᠵᠦ᠂ ᠬᠠᠷᠢᠯᠴᠠᠨ ᠰᠢᠭᠢᠳᠬᠦ ᠮᠠᠶ᠋ᠢᠭ ᠤᠨ ᠨᠡᠶᠢᠭᠡᠮ ᠤᠨ ᠣᠷᠴᠢᠨ ᠲᠣᠭᠤᠷᠢᠨ ᠬᠢᠭᠡᠳ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠬᠤ ᠶᠢ ᠴᠢᠩᠭᠠᠳᠬᠠᠵᠤ᠂ ᠦᠢᠯᠡᠴᠢᠯᠡᠭᠡ ᠪᠠᠨ ᠴᠢᠩᠭᠠᠳᠬᠠᠬᠤ᠂ ᠰᠠᠭᠤᠷᠢ ᠪᠠᠨ ᠪᠠᠲᠤᠳᠬᠠᠬᠤ᠂ ᠠᠭᠤᠷ ᠠᠮᠢᠰᠬᠤᠯ ᠢ ᠪᠣᠶ ᠪᠣᠯᠭᠠᠬᠤ ᠲᠠᠯ᠎ᠠ ᠪᠠᠷ ᠦᠷᠭᠦᠯᠵᠢᠯᠡᠨ ᠬᠦᠴᠦ ᠲᠠᠯᠪᠢᠵᠤ᠂ ᠪᠥᠬᠦ  ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠣᠷᠣᠨ ᠬᠢᠭᠡᠳ ᠦᠵᠡᠰᠬᠦᠯᠡᠩᠲᠦ ᠰᠠᠶᠢᠬᠠᠨ ᠳᠤᠯᠠᠭᠠᠨ ᠬᠤᠲᠠ ᠵᠢᠱᠢᠶ᠎ᠡ ᠦᠵᠡᠭᠦᠯᠬᠦ  ᠲᠤᠭᠤᠷᠢᠭ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠨᠠᠨ ᠤ ᠶᠤᠸᠠᠢ ᠶᠠᠩ ᠬᠤᠳᠠ ᠶᠢᠨ ᠬᠤᠸᠠ ᠷᠦᠩ ᠰᠢᠶᠠᠨ ᠤ ᠲᠤᠸᠠᠨ ᠵᠧᠦ  ᠶᠤᠸᠠᠨ  ᠤᠨ ᠳ᠋ᠦᠩ ᠲᠢᠩ ᠬᠤ᠋ ᠨᠠᠭᠤᠷ ᠤᠨ ᠨᠢᠭᠡᠳᠦᠭᠡᠷ ᠹᠷᠣᠨᠲ ᠤᠨ ᠬᠠᠰᠢᠯᠭ᠎ᠠ ᠳᠠᠯᠠᠩ ᠤᠨ  ᠰᠡᠲᠡᠷᠬᠡᠢ  ᠭᠠᠷᠤᠭᠰᠠᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠢᠶ᠎ᠠ ᠪᠠᠭᠰᠢ ᠲᠣᠭᠤᠷᠢᠭ ᠤᠨ 2024 ᠣᠨ ᠤ ᠳᠡᠭᠡᠷ᠎ᠡ ᠬᠠᠭᠠᠰ ᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠭᠡᠮ ᠰᠣᠭᠤᠭ ᠢ ᠪᠦᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠪᠣᠯᠣᠨ ︽ᠠᠮᠢ ᠨᠠᠰᠤᠨ ᠤ ᠵᠠᠮ ᠢ ᠨᠡᠪᠲᠡᠷᠡᠭᠦᠯᠬᠦ︾ ᠲᠤᠰᠬᠠᠢ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠤᠢᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠴᠢᠩᠭᠠᠳᠬᠠᠵᠤ᠂ ᠴᠢᠩᠭ᠎ᠠ ᠬᠠᠮᠢᠶᠠᠷᠴᠤ᠂ ᠠᠰᠠᠭᠤᠳᠠᠯ ᠢ ᠣᠯᠵᠤ ᠮᠡᠳᠡᠪᠡᠯ ᠳᠠᠷᠤᠢ ᠲᠦᠷᠭᠡᠨ ᠰᠢᠢᠳᠪᠦᠷᠢᠯᠡᠵᠦ᠂ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠠᠮᠤᠷ ᠲᠦᠪᠰᠢᠨ ᠤ ᠮᠡᠳᠡᠯᠭᠡ ᠶᠢᠨ ᠤᠯᠠᠨ ᠲᠦᠮᠡᠨ ᠢ ᠲᠦᠭᠡᠮᠡᠯᠵᠢᠭᠦᠯᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠪᠦᠬᠦ ᠠᠷᠠᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠪᠦᠬᠦ  ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ᠃ ᠣᠳᠣᠬᠠᠨ ᠳᠤ ᠨᠢᠭᠡᠨᠲᠡ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠂ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠦᠶᠡᠷ ᠤᠨ ᠪᠠᠶᠢᠳᠠᠯ ᠢ ᠨᠢᠭᠲᠠ ᠡᠵᠡᠮᠰᠢᠵᠦ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠪᠠᠶᠢᠭᠤᠯᠤᠮᠵᠢ ᠶᠢ ᠪᠦᠷᠢᠨᠰᠢᠬᠦᠯᠵᠦ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠪᠡᠯᠡᠳᠬᠡᠯ ᠲᠥᠰᠦᠯ ᠢ ᠰᠢᠯᠢᠳᠡᠭᠵᠢᠭᠦᠯᠵᠦ᠂ ᠭᠤᠣᠯ ᠴᠠᠭᠳᠠᠬᠤ ᠠᠵᠢᠯ ᠢ ᠰᠠᠶᠢᠲᠤᠷ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠰᠠᠶᠢᠲᠤᠷ ᠠᠰᠢᠭᠯᠠᠵᠤ᠂ ᠭᠤᠣᠯ ᠮᠥᠷᠡᠨ᠂ ᠤᠰᠤᠨ ᠴᠥᠭᠦᠷᠥᠮ᠂ ᠬᠤᠳᠠ ᠶᠢᠨ ᠠᠮᠠᠷᠬᠠᠨ ᠤᠰᠤᠲᠤᠬᠤ ᠭᠠᠵᠠᠷ ᠵᠡᠷᠭᠡ ᠠᠶᠤᠯ ᠲᠦᠭᠰᠢᠭᠦᠷᠢ ᠶᠡᠬᠡᠲᠡᠢ ᠭᠠᠵᠠᠷ ᠢ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠶᠢ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠲᠤᠪᠤᠶᠢᠮ᠎ᠠ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠥᠷᠢᠰᠥᠯᠳᠦᠭᠡᠨ ᠤ ᠤᠷᠤᠯᠳᠤᠭᠠᠨ ᠵᠢᠴᠢ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠠᠵᠢᠯᠯᠠᠭ᠎ᠠ ᠪᠣᠯᠤᠨ ᠤᠯᠠᠨ ᠨᠡᠶᠢᠲᠡ ᠶᠢᠨ ᠣᠷᠣᠨ ᠪᠦᠰᠡ ᠶᠢᠨ ᠲᠡᠷᠭᠡᠨ ᠵᠣᠭᠰᠣᠭᠠᠯ ᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠵᠡᠷᠭᠡ ᠵᠦᠢᠯᠡᠰ ᠢ ᠰᠤᠳᠤᠯᠵᠠᠢ᠃
ᠢᠷᠡᠯᠲᠡ᠄ ᠳᠣᠰ ᠰᠦᠯᠵᠢᠶ᠎ᠡ