ᠳᠠᠶᠢᠴᠢᠨ ᠮᠠᠨ ᠤ ᠬᠤᠲᠠ ᠳᠤ ᠢᠷᠡᠵᠦ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/17
     ᠤᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠤᠷᠢᠳ ᠬᠤᠵᠢᠳ ᠵᠡᠭᠦᠨᠭᠠᠷ ᠬᠤᠰᠢᠭᠤ᠂ ᠳ᠋ᠦᠩᠱᠧᠩ ᠲᠣᠭᠤᠷᠢᠭ᠂ ᠡᠵᠡᠨ ᠬᠤᠷᠤᠭ᠎ᠠ ᠬᠤᠰᠢᠭᠤ ᠵᠡᠷᠭᠡ ᠭᠠᠵᠠᠷ ᠤᠳ ᠢᠶᠠᠷ ᠭᠦᠨᠵᠡᠭᠡᠶᠢᠷᠡᠵᠦ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠡ᠃     ᠲᠠᠶᠢᠴᠢᠨ ᠨᠠᠷ ᠵᠡᠭᠦᠨᠭᠠᠷ ᠵᠤᠤ ᠪᠠᠯᠭᠠᠰᠤ ᠶᠢᠨ ᠲᠠᠬᠢᠨ ᠬᠠᠭᠠᠯᠪᠤᠷᠢᠯᠠᠬᠤ ᠲᠣᠭᠤᠷᠢᠭ᠂ ᠣᠷᠳᠣᠰ ᠤᠨ ᠤᠳᠤ ᠦᠶ᠎ᠡ ᠶᠢᠨ ᠨᠣᠤᠯᠤᠭᠤᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠤᠯᠠᠭᠠᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠤᠨ ᠲᠦᠷᠦᠯ ᠵᠦᠢᠯ ᠳᠤ ᠪᠠᠶᠢᠴᠠᠭᠠᠨ ᠰᠤᠳᠤᠯᠤᠯᠲᠠ ᠬᠢᠵᠦ᠂ ᠠᠵᠤ ᠦᠢᠯᠡᠰ ᠤᠨ ᠬᠡᠪᠴᠢᠶᠡᠵᠢᠯ᠂ ᠲᠦᠷᠦᠯ ᠵᠦᠢᠯ ᠤᠨ ᠠᠬᠢᠴᠠ᠂ ᠮᠡᠷᠭᠡᠵᠢᠯ ᠤᠨ ᠰᠢᠨ᠎ᠡ ᠶᠢ ᠡᠭᠦᠳᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠬᠰᠠᠨ ᠤ ᠬᠠᠮᠲᠤ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠡᠪᠡ᠃     ᠲᠠᠶᠢᠴᠢᠨ᠂ ᠲᠠᠭᠢᠨ ᠬᠠᠭᠠᠯᠪᠤᠷᠢᠯᠠᠵᠤ ᠨᠣᠭᠤᠭᠠᠷᠠᠭᠤᠯᠤᠭᠰᠠᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠵᠦ᠂ ᠠᠭᠤᠷᠬᠠᠢ ᠶᠢᠨ ᠤᠷᠤᠨ ᠤ ᠲᠠᠭᠢᠨ ᠬᠠᠭᠠᠯᠪᠤᠷᠢᠯᠠᠬᠤ ᠪᠠ ᠠᠮᠢ ᠠᠬᠤᠢ ᠶᠢ ᠰᠡᠷᠭᠦᠭᠡᠨ ᠵᠠᠰᠠᠬᠤ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ᠂ ᠠᠭᠤᠷᠬᠠᠢ ᠶᠢᠨ ᠣᠷᠣᠨ ᠢ ᠲᠠᠭᠢᠨ ᠬᠠᠭᠠᠯᠪᠤᠷᠢᠯᠠᠵᠤ ᠵᠠᠰᠠᠬᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠶᠢ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠲᠠᠢ ᠤᠶᠠᠯᠳᠤᠭᠤᠯᠵᠤ᠂ ᠣᠷᠣᠨ ᠨᠤᠲᠤᠭ ᠤᠨ ᠣᠨᠴᠠᠯᠢᠭ ᠲᠠᠢ ᠠᠮᠢ ᠠᠬᠤᠢ ᠶᠢ ᠰᠡᠷᠭᠦᠭᠡᠬᠦ᠂ ᠠᠵᠤ ᠦᠢᠯᠡᠰ ᠢ ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠬᠠᠮᠲᠤ ᠪᠠᠷ ᠠᠰᠢᠭ ᠬᠦᠷᠳᠡᠬᠦ ᠵᠠᠮ ᠢᠶᠠᠷ ᠵᠠᠮᠨᠠᠬᠤ ᠬᠡᠷᠡᠭᠲᠡᠢ᠃ ᠪᠡᠯᠡ ᠣᠷᠣᠭᠤᠯᠤᠯᠲᠠ ᠶᠢᠨ ᠭᠦᠴᠦᠯᠡᠴᠡ ᠪᠠᠨ ᠨᠡᠮᠡᠭᠳᠡᠭᠦᠯᠵᠤ᠂ ᠨᠣᠤᠯᠤᠭᠤᠷ ᠡᠳ᠋ᠰᠢᠭᠦᠯᠬᠦ ᠮᠡᠷᠭᠡᠵᠢᠯ ᠢ ᠳᠡᠭᠡᠭᠰᠢᠯᠡᠭᠦᠯᠦᠨ᠂ ᠴᠢᠨᠠᠷ ᠰᠠᠶᠢᠲᠠᠢ ᠪᠥᠭᠡᠳ ᠦᠨ᠎ᠡ ᠰᠠᠶᠢᠲᠠᠢ ᠰᠢᠯᠢᠳᠡᠭ ᠡᠭᠦᠯᠳᠡᠷ ᠤᠨ ᠳᠤᠭᠲᠠᠯᠴᠠᠬ᠋᠎ᠠ ᠶᠢᠨ ᠪᠦᠲᠦᠭᠡᠨ ᠪᠠᠶᠢᠭᠤᠯᠤᠯᠲᠠ ᠪᠠᠷ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠥᠷᠭᠡᠳᠬᠡᠵᠦ᠂ ᠠᠵᠤ ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠳᠡᠯᠡᠬᠡᠢ ᠶᠢᠨ ᠲᠠᠰ ᠤᠨ ᠨᠣᠤᠯᠤᠭᠤᠷ ᠤᠨ ᠠᠵᠤ ᠦᠢᠯᠡᠰ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠬᠡᠷᠡᠭᠲᠡᠢ᠃ ᠲᠥᠷᠥᠯ ᠲᠡᠮᠳᠡᠭᠲᠦ ᠶᠢᠨ ᠳᠠᠪᠠᠭᠤᠯᠢᠭ ᠲᠤ ᠰᠠᠭᠤᠷᠢᠯᠠᠨ᠂ ᠲᠥᠷᠥᠯ ᠲᠡᠮᠳᠡᠭᠲᠦ ᠶᠢ ᠳᠡᠯᠭᠡᠷᠡᠭᠦᠯᠬᠦ ᠭᠦᠴᠦᠯᠡᠴᠡ ᠪᠠᠨ ᠨᠡᠮᠡᠭᠳᠡᠭᠦᠯᠵᠤ᠂ ᠲᠡᠵᠢᠭᠡᠨ ᠦᠷᠡᠵᠢᠭᠦᠯᠬᠦ ᠮᠡᠷᠭᠡᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠮᠠᠯ ᠠᠵᠤ ᠠᠬᠤᠢ ᠶᠢ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠲᠥᠷᠥᠯ ᠲᠡᠮᠳᠡᠭᠵᠢᠭᠰᠡᠨ ᠳᠠᠶᠢᠰᠢ ᠬᠥᠭᠵᠢᠭᠦᠯᠭᠦ ᠶᠢ ᠦᠨᠡᠨ ᠭᠦ ᠠᠬᠢᠭᠤᠯᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠣᠷᠳᠣᠰ ᠤᠨ ᠬᠦᠴᠦᠨ ᠴᠢᠳᠠᠯ ᠢ ᠡᠷᠭᠦᠬᠦ ᠬᠡᠷᠡᠭᠲᠡᠢ ᠭᠡᠪᠡ᠃     ᠬᠤᠲᠠ ᠶᠢᠨ ᠳᠡᠳ᠋ ᠳᠠᠷᠤᠭ᠎ᠠ ᠡᠷᠳᠡᠨᠢᠪᠢᠯᠢᠭ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠬᠤᠰᠢᠭᠤ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
ᠢᠷᠡᠯᠲᠡ᠄ ᠤᠷᠳᠤᠰ ᠤᠨ ᠡᠳᠤᠷ ᠤᠨ ᠰᠤᠨᠢᠨ ᠤ ᠮᠤᠩᠭᠤᠯ ᠬᠡᠪᠯᠡᠯ