︽2024 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶᠠᠨ ᠤ ᠬᠠᠮᠢᠶ᠎ᠠ ᠪᠥᠬᠦᠶ ᠵᠦᠢᠯᠡᠰ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2024/7/17
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽2024 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶᠠᠨ ᠤ ᠬᠠᠮᠢᠶ᠎ᠠ ᠪᠥᠬᠦᠶ ᠵᠦᠢᠯᠡᠰ ᠤᠨ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠠᠢ᠂ ᠡᠳᠦᠭᠡ ᠭᠤᠷᠪᠠᠨ ᠲᠠᠯ᠎ᠠ ᠠᠴᠠ ᠲᠠᠶᠢᠯᠤᠮᠵᠢ ᠬᠢᠶ᠎ᠡ᠃      ᠨᠢᠭᠡ᠂ ︽ᠮᠡᠳᠡᠭᠳᠡᠯ︾ ᠢ ᠲᠣᠭᠲᠠᠭᠠᠭᠰᠠᠨ ᠠᠬᠤᠢ ᠪᠠᠶᠢᠳᠠᠯ ᠵᠢᠴᠢ ᠴᠢᠬᠤᠯᠠ ᠴᠢᠨᠠᠷ      ︽ᠮᠡᠳᠡᠭᠳᠡᠯ︾ ᠳᠤ ᠥᠪᠡᠷᠲᠡᠭᠡᠨ ᠵᠠᠰᠠᠬᠤ ᠣᠷᠣᠨ ᠤ ︽ᠳᠤᠯᠠᠭᠠᠯᠠᠭ᠎ᠠ ᠶᠢᠨ ᠢᠨᠵᠧᠨᠧᠷᠢᠩ︾ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠡᠭᠦᠯᠴᠢ ᠶᠢᠨ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠬᠤᠲᠠ ᠶᠢᠨ ᠪᠠᠷᠢᠮᠵᠢᠶ᠎ᠠ ᠳᠤ ᠡᠵᠡᠯᠡᠬᠦ ᠬᠠᠷᠢᠴᠠᠯ ᠢ 75% ᠳᠤ ᠬᠦᠷᠭᠡᠬᠦ︾ ᠲᠤᠬᠠᠶ ᠵᠢᠱᠢᠯᠲᠡ ᠶᠢᠨ ᠴᠢᠨᠠᠷᠲᠠᠶ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠬᠤᠲᠠ ᠬᠥᠳᠡᠭᠡ᠂ ᠣᠷᠣᠨ ᠪᠦᠰᠡ ᠶᠢᠨ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠬᠤ ᠶᠢᠨ ᠲᠥᠯᠥᠭᠡ ᠶᠤᠮ᠃      ᠬᠤᠶᠠᠷ᠂ ︽ᠮᠡᠳᠡᠭᠳᠡᠯ︾ ᠢ ᠲᠤᠭᠤᠷᠪᠢᠭᠰᠠᠨ ᠦᠨᠳᠦᠰᠦᠯᠡᠯ      ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 649 ᠳ᠋ᠤᠭᠡᠷ ᠲᠣᠭᠠᠲᠤ︶᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠰᠠᠨᠠᠯ︾ ︵ᠲᠥᠪ ᠠᠯᠪᠠᠨ ᠲᠠᠷᠬᠠᠭᠠᠭᠰᠠᠨ ﹇2020﹈ 18 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2015﹈ 94 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽2024 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶᠠᠨ ᠤ ᠬᠠᠮᠢᠶ᠎ᠠ ᠪᠥᠬᠦᠶ ᠵᠦᠢᠯᠡᠰ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃      ᠭᠤᠷᠪᠠ᠂ ︽ᠮᠡᠳᠡᠭᠳᠡᠯ︾ ᠤᠨ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ      ︽ᠮᠡᠳᠡᠭᠳᠡᠯ︾ ᠢ ᠨᠡᠶᠢᠳᠡ ᠲᠦᠷᠪᠡᠨ ᠬᠡᠰᠡᠭ ᠬᠤᠪᠢᠶᠠᠪᠠ᠃      ᠨᠢᠭᠡ ᠳᠤ᠂ ᠬᠢᠨᠠᠨ ᠬᠠᠷᠭᠤᠭᠤᠯᠵᠤ ᠲᠣᠭᠲᠠᠭᠠᠭᠰᠠᠨ ᠠᠪᠤᠷᠠᠨ ᠲᠤᠰᠠᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ 2024 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ 2024 ᠣᠨ ᠤ 7 ᠳ᠋ᠤᠭᠠᠷ ᠰᠠᠷ᠎ᠠ ᠠᠴᠠ ᠡᠬᠢᠯᠡᠨ ᠬᠡᠷᠡᠭᠵᠢᠭᠦᠯᠵᠦ᠂ ᠬᠠᠮᠢᠶ᠎ᠠ ᠪᠥᠬᠦᠶ ᠭᠠᠵᠠᠷ ᠣᠷᠣᠨ ᠢ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠤ ᠳᠠᠷᠠᠭ᠎ᠠ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠰᠢᠨ᠎ᠡ ᠪᠠᠷ ᠭᠤᠶᠤᠴᠢᠯᠠᠬᠤ᠂ ᠣᠨᠴᠠ ᠬᠦᠴᠢᠷᠳᠡᠯᠲᠡᠶ ᠡᠲᠡᠭᠡᠳ ᠤᠨ ᠬᠡᠷ ᠪᠦᠯᠢ ᠶᠢᠨ ᠣᠷᠣᠯᠭ᠎ᠠ ᠶᠢ ᠲᠥᠰᠦᠭᠡᠯᠡᠨ ᠪᠤᠳᠤᠬᠤ ᠪᠠ ᠤᠤᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠡᠲᠡᠭᠡᠳ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠶᠠᠷ ᠲᠤ᠂ ᠠᠪᠤᠷᠠᠨ ᠲᠤᠰᠠᠯᠠᠬᠤ ᠪᠠᠷᠢᠮᠵᠢᠶ᠎ᠠ ᠶᠢ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠣᠰ ᠤᠳᠠᠭᠠᠨ ᠤ ᠲᠣᠬᠢᠷᠠᠭᠤᠯᠤᠯᠲᠠ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠭᠠᠵᠠᠷ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢ ᠲᠣᠭᠲᠠᠭᠠᠬᠤ ᠪᠠ ᠲᠣᠬᠢᠷᠠᠭᠤᠯᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠲᠣᠭᠲᠠᠭᠠᠯ ᠭᠠᠷᠭᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠬᠠᠶ ᠶᠢᠨ ᠭᠠᠵᠠᠷ ᠤᠨ ᠳᠡᠭᠡᠷ᠎ᠡ ᠵᠢᠯ ᠤᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠲᠠᠢ ᠬᠤᠯᠪᠣᠭᠳᠠᠭᠤᠯᠤᠭᠰᠠᠨ ᠬᠡᠮᠵᠢᠶᠡᠵᠢᠭᠦᠯᠦᠭᠰᠡᠨ ᠬᠠᠷᠢᠴᠠᠯ ᠢ ᠲᠤᠳᠤᠷᠬᠠᠢ ᠱᠠᠭᠠᠷᠳᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ᠂ ᠠᠵᠢᠯ ᠠᠯᠳᠠᠯᠲᠠ ᠶᠢᠨ ᠳᠠᠭᠠᠳᠬᠠᠯ ᠲᠠᠢ ᠵᠦᠢ ᠵᠣᠬᠢᠰᠲᠠᠶ ᠵᠣᠯᠭᠠᠭᠤᠯᠬᠤ ᠶᠢ ᠴᠢᠩᠭᠠᠷᠠᠭᠤᠯᠵᠤ᠂ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶᠠᠨ ᠤ ᠬᠥᠳᠡᠯᠦᠩᠭᠦᠶ ᠲᠣᠬᠢᠷᠠᠭᠤᠯᠤᠯᠲᠠ ᠬᠢᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠪᠡ᠃      ᠭᠤᠷᠪᠠ ᠳᠤ᠂ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠶᠢᠨ ᠣᠯᠭᠤᠯᠲᠠ ᠶᠢ ᠵᠢᠷᠤᠮᠵᠢᠭᠤᠯᠤᠨ᠎ᠠ᠃ ᠡᠯ᠎ᠡ ᠭᠠᠵᠠᠷ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠦ ᠶᠢᠨ ᠰᠢᠩᠭᠡᠭᠡᠯᠲᠡ ᠪᠠᠨ ᠡᠷᠴᠢᠮᠵᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠬᠦ ᠲᠣᠳᠣᠷᠬᠠᠢ ᠱᠠᠭᠠᠷᠳᠠᠯᠭ᠎ᠠ ᠳᠤᠷᠠᠳᠴᠤ᠂ ᠡᠯ᠎ᠡ ᠭᠠᠵᠠᠷ ᠤᠨ ᠠᠪᠤᠷᠠᠨ ᠲᠤᠰᠠᠯᠠᠬᠤ ᠪᠡᠯᠡ ᠮᠥᠩᠭᠦ ᠶᠢᠨ ᠣᠷᠣᠭᠤᠯᠤᠯᠲᠠ ᠪᠠᠨ ᠤᠯᠠᠮ ᠨᠢᠭᠡ ᠠᠯᠬᠤᠮ ᠡᠷᠴᠢᠮᠵᠢᠭᠦᠯᠵᠦ᠂ ᠪᠡᠯᠡ ᠮᠥᠩᠭᠦ ᠶᠢᠨ ᠦᠨᠳᠦᠰᠦᠨ ᠵᠦᠢᠯ ᠢ ᠪᠠᠲᠤᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠴᠢᠬᠤᠯᠠᠴᠢᠯᠠᠪᠠ᠃      ᠳᠥᠷᠪᠡ ᠳᠤ᠂ ᠣᠷᠣᠯᠭ᠎ᠠ ᠪᠠᠭᠠᠲᠠᠶ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠬᠡᠮᠵᠢᠬᠦ ᠪᠠ ᠪᠠᠶᠢᠩᠭᠤᠰᠢᠭᠤᠯᠤᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠨ᠎ᠠ᠃ ᠡᠯ᠎ᠡ ᠭᠠᠵᠠᠷ ᠤᠨ ᠣᠷᠣᠯᠭ᠎ᠠ ᠪᠠᠭᠠᠲᠠᠶ ᠬᠥᠮᠦᠨ ᠠᠮᠠ ᠶᠢ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠬᠦ᠂ ᠬᠥᠳᠡᠯᠦᠩᠭᠦᠶ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠪᠠᠶᠢᠩᠭᠤᠰᠢᠭᠤᠯᠤᠭᠰᠠᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠵᠡᠷᠭᠡ ᠠᠵᠢᠯ ᠳᠤ ᠱᠠᠭᠠᠷᠳᠠᠯᠭ᠎ᠠ ᠳᠤᠷᠠᠳᠪᠠ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ