ᠭᠢᠶ᠎ᠠ ᠪᠠᠭᠰᠢ ᠲᠣᠭᠤᠷᠢᠭ ᠪᠦᠭᠦ ᠬᠤᠲᠠ ᠶᠢᠨ ᠠᠩᠬᠠᠳᠠᠭᠴᠢ ︽ᠪᠣᠯᠪᠠᠰᠤᠨ ᠦᠨᠡᠨᠴᠢ ᠢᠲᠡᠭᠡᠮᠵᠢ︾ ᠶᠢᠨ ᠵᠢᠱᠢᠶ᠎ᠡ ᠦᠵᠡᠭᠦᠯᠭᠦ ᠵᠡᠭᠡᠯᠢ ᠶᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2024/7/18
       ᠣᠶᠢᠷ᠎ᠠ ᠶᠢᠨ ᠡᠳᠦᠷ᠂ ᠭᠢᠶ᠎ᠠ ᠪᠠᠭᠰᠢ ᠲᠣᠭᠤᠷᠢᠭ ᠤᠨ ᠴᠢ ᠱᠦᠨ ᠵᠡᠭᠡᠯᠢ ᠶᠢ ᠪᠦᠭᠦ ᠬᠤᠳᠠ ᠶᠢᠨ ᠠᠩᠬᠠᠳᠠᠭᠴᠢ ︽ᠪᠣᠯᠪᠠᠰᠤᠨ ᠦᠨᠡᠨᠴᠢ ᠢᠲᠡᠭᠡᠮᠵᠢ︾ ᠶᠢᠨ ᠵᠢᠱᠢᠶ᠎ᠡ ᠦᠵᠡᠭᠦᠯᠭᠦ ᠵᠡᠭᠡᠯᠢ ᠪᠣᠯᠭᠠᠨ ᠪᠠᠶᠢᠭᠤᠯᠵᠤ᠂ ᠬᠤᠳᠠ ᠶᠢᠨ ᠠᠷᠠᠳ ᠲᠤ ᠨᠡᠩ ᠴᠢᠨᠠᠷ ᠰᠠᠶᠢᠲᠠᠢ᠂ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠠᠬᠤᠢ ᠶᠢ ᠬᠠᠩᠭᠠᠵᠤ᠂ ᠬᠤᠳᠠ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠠᠵᠤ ᠠᠬᠤᠢ ᠨᠡᠶᠢᠭᠡᠮ ᠤᠨ ᠡᠶ᠎ᠡ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃
02.JPG
       ᠴᠢ ᠱᠦᠨ ᠵᠡᠭᠡᠯᠢ ᠳᠤ᠂ ︽ᠠᠷᠪᠠᠨ ᠨᠢᠭᠡ︾ ᠶᠢᠨ ᠢᠨᠵᠧᠨᠧᠷᠢᠩ ᠲᠦᠭᠡᠮᠡᠯᠵᠢᠵᠦ᠂ ᠪᠣᠯᠪᠠᠰᠤᠨ ᠦᠨᠡᠨᠴᠢ ᠢᠲᠡᠭᠡᠮᠵᠢ ᠶᠢᠨ ᠰᠠᠨᠠᠭᠠᠴᠢᠯᠠᠭ᠎ᠠ ᠠᠴᠠ ᠦᠨᠡᠨᠴᠢ ᠢᠲᠡᠭᠡᠮᠵᠢ ᠶᠢᠨ ᠬᠤᠶᠠᠷ ᠬᠡᠮᠵᠢᠯᠲᠦ ᠺᠣᠳ᠋ ᠭᠦᠷᠲᠡᠯ᠎ᠡ᠂ ᠰᠠᠶᠢᠨ ᠳᠤᠷ᠎ᠠ ᠶᠢᠨ ᠦᠢᠯᠡᠴᠢᠯᠡᠭᠡᠨ ᠤ ᠦᠷᠳᠡᠭᠡ ᠠᠴᠠ ᠦᠨᠡᠨᠴᠢ ᠢᠲᠡᠭᠡᠮᠵᠢᠲᠡᠢ ᠬᠥᠮᠥᠰ ᠤᠨ ᠨᠡᠷᠡᠰ ᠤᠨ ᠵᠢᠭᠰᠠᠭᠠᠯᠲᠠ ᠭᠦᠷᠲᠡᠯ᠎ᠡ᠂ ᠲᠠᠷᠠ ᠪᠦᠭᠦᠳᠡ ᠳᠤ ᠭᠢᠶ᠎ᠠ ᠪᠠᠭᠰᠢ ᠲᠣᠭᠤᠷᠢᠭ ᠤᠨ ︽ᠪᠣᠯᠪᠠᠰᠤᠨ ᠦᠨᠡᠨᠴᠢ ᠢᠲᠡᠭᠡᠮᠵᠢ︾ ᠶᠢᠨ ᠵᠢᠱᠢᠶ᠎ᠡ ᠦᠵᠡᠭᠦᠯᠭᠦ ᠵᠡᠭᠡᠯᠢ ᠶᠢ ᠪᠠᠶᠢᠭᠤᠯᠬᠤ ᠵᠣᠷᠢᠭ ᠰᠠᠨᠠᠭ᠎ᠠ ᠶᠢ ᠬᠠᠷᠠᠭᠤᠯᠤᠨ᠎ᠠ᠃
02.JPG
      ︽ᠠᠷᠪᠠᠨ ᠨᠢᠭᠡ︾ ᠶᠢᠨ ᠢᠨᠵᠧᠨᠧᠷᠢᠩ ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠪᠦᠭᠦ ᠬᠤᠳᠠᠯᠳᠤᠭᠠᠴᠢᠨ ᠡᠷᠦᠭᠡ ᠴᠥᠮ ︽ᠪᠣᠯᠪᠠᠰᠤᠨ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠰᠠᠨᠠᠭᠠᠴᠢᠯᠠᠭ᠎ᠠ︾ ᠳᠤ ᠭᠠᠷ ᠤᠨ ᠥᠰᠥᠭ ᠵᠢᠷᠤᠵᠤ᠂ ᠬᠤᠳᠠᠯᠳᠤᠭᠠᠨ ᠤ ᠶᠣᠰᠣ ᠮᠣᠷᠠᠯ ᠢ ᠵᠢᠷᠤᠮᠯᠠᠨ ᠰᠠᠬᠢᠵᠤ᠂ ᠮᠡᠬᠡᠯᠡᠬᠦ ᠦᠶᠯᠡ ᠠᠵᠢᠯᠯᠠᠭ᠎ᠠ ᠶᠢ ᠡᠷᠡᠰ ᠬᠤᠷᠢᠭᠯᠠᠬᠤ ᠪᠠᠷ ᠠᠮᠠᠯᠠᠭᠰᠠᠨ ᠪᠠᠶᠢᠨ᠎ᠠ᠃ ᠡᠭᠦᠨ ᠤ ᠬᠠᠮᠲᠤ᠂ ᠭᠢᠶ᠎ᠠ ᠪᠠᠭᠰᠢ ᠲᠣᠭᠤᠷᠢᠭ ᠪᠠᠰᠠ ᠣᠳᠣᠨ ᠲᠠᠰ ᠤᠨ ᠬᠤᠳᠠᠯᠳᠤᠭᠠᠴᠢᠨ ᠡᠷᠦᠭᠡ ᠶᠢ ᠰᠢᠯᠭᠠᠷᠠᠭᠤᠯᠬᠤ ᠠᠵᠢᠯᠯᠠᠭ᠎ᠠ ᠥᠷᠨᠢᠭᠦᠯᠵᠦ᠂ ᠵᠢᠱᠢᠶ᠎ᠡ ᠦᠵᠡᠭᠦᠯᠭᠦ ᠵᠡᠭᠡᠯᠢ ᠳᠤ ᠬᠤᠳᠠᠯᠳᠤᠭᠠᠴᠢᠳ ᠣᠳᠣᠨ ᠲᠠᠰ ᠤᠨ ᠦᠨᠡᠯᠡᠨ ᠲᠣᠭᠲᠠᠭᠠᠯᠲᠠ ᠶᠢ ᠭᠦᠷᠳᠡᠭᠦ ᠶᠢᠨ ᠬᠠᠮᠲᠤ ᠣᠳᠣᠨ ᠲᠠᠰ ᠤᠨ ᠲᠡᠮᠳᠡᠭ ᠢ ᠡᠯᠭᠦᠭᠰᠡᠨ ᠪᠠᠶᠢᠨ᠎ᠠ᠃ ᠡᠨᠡ ᠬᠦ ᠠᠷᠭ᠎ᠠ ᠬᠡᠮᠵᠢᠶ᠎ᠡ ᠨᠢ ᠬᠡᠷᠡᠭᠯᠡᠭᠴᠢᠳ ᠤᠨ ᠦᠨᠡᠨᠴᠢ ᠢᠲᠡᠭᠡᠮᠵᠢᠲᠡᠢ ᠬᠤᠳᠠᠯᠳᠤᠭᠠᠴᠢᠨ ᠢ ᠢᠯᠭᠠᠨ ᠲᠠᠨᠢᠬᠤ ᠪᠠ ᠰᠣᠩᠭᠤᠬᠤ ᠳᠤ ᠲᠥᠭᠦᠮ ᠦᠵᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠤᠳᠠᠯᠳᠤᠭᠠᠴᠢᠨ ᠤ ᠲᠣᠰ ᠪᠡᠶ᠎ᠡ ᠳᠤ ᠨᠠᠩ ᠣᠯᠠᠨ ᠬᠤᠳᠠᠯᠳᠤᠭᠠᠨ ᠤ ᠲᠣᠭᠢᠶᠠᠯ ᠪᠠ ᠲᠥᠷᠤᠯ ᠲᠡᠮᠳᠡᠭᠲᠦ ᠶᠢᠨ ᠦᠨ᠎ᠡ ᠥᠷᠲᠡᠭ ᠢ ᠣᠯᠭᠤᠭᠰᠠᠨ ᠪᠠᠶᠢᠨ᠎ᠠ᠃
03.JPG
04.JPG
       ᠣᠳᠣᠨ ᠲᠠᠰ ᠤᠨ ᠦᠨᠡᠯᠡᠨ ᠲᠣᠭᠲᠠᠭᠠᠯᠲᠠ ᠠᠴᠠ ᠭᠠᠳᠠᠨ᠎ᠠ᠂ ᠭᠢᠶ᠎ᠠ ᠪᠠᠭᠰᠢ ᠲᠣᠭᠤᠷᠢᠭ ᠪᠠᠰᠠ ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠲᠡᠭᠡ ᠭᠠᠷᠭᠠᠵᠤ᠂ ᠬᠤᠲᠠ ᠶᠢᠨ ᠠᠷᠠᠳ ᠲᠤ ᠮᠡᠳᠡᠭᠡ ᠵᠠᠩᠭᠢ ᠶᠢᠨ ᠯᠠᠪᠯᠠᠯᠭ᠎ᠠ᠂ ᠦᠵᠡᠭᠦᠯᠭᠡ ᠶᠢᠨ ᠵᠢᠯᠣᠭᠤᠳᠤᠮᠵᠢ ᠵᠡᠷᠭᠡ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡ ᠬᠠᠩᠭᠠᠵᠤ᠂ ᠪᠠᠷᠠᠭ᠎ᠠ ᠬᠤᠳᠠᠯᠳᠤᠨ ᠠᠪᠬᠤ ᠣᠶᠢᠯᠠᠭᠠᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠬᠤᠲᠠ ᠶᠢᠨ ᠠᠷᠠᠳ ᠲᠤ ᠳᠤᠯᠠᠭᠠᠨ ᠬᠤᠲᠠ ᠶᠢᠨ ᠬᠠᠶᠢᠷ᠎ᠠ ᠬᠠᠯᠠᠮᠵᠢ  ᠶᠢ ᠬᠦᠷᠲᠡᠭᠡᠭᠰᠡᠨ ᠪᠠᠶᠢᠨ᠎ᠠ᠃ ᠭᠢᠶ᠎ᠠ ᠪᠠᠭᠰᠢ ᠲᠣᠭᠤᠷᠢᠭ ᠪᠠᠰᠠ ᠵᠢᠱᠢᠶ᠎ᠡ ᠦᠵᠡᠭᠦᠯᠭᠦ ᠵᠡᠭᠡᠯᠢ ᠳᠤ ᠦᠨᠡᠨᠴᠢ ᠢᠲᠡᠭᠡᠮᠵᠢᠲᠡᠢ ᠬᠥᠮᠥᠰ ᠤᠨ ᠨᠡᠷᠡᠰ ᠤᠨ ᠵᠢᠭᠰᠠᠭᠠᠯᠲᠠ ᠶᠢ ᠭᠠᠷᠭᠠᠵᠤ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠲᠠᠯ᠎ᠠ ᠪᠠᠷ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠳᠠᠯᠳᠤᠭᠠᠴᠢᠨ ᠡᠷᠦᠭᠡ ᠪᠠ ᠬᠤᠪᠢ ᠬᠥᠮᠥᠨ ᠤ ᠨᠡᠷᠡᠰ ᠢ ᠵᠢᠭᠰᠠᠭᠠᠵᠤ᠂ ᠨᠠᠩ ᠣᠯᠠᠨ ᠬᠤᠳᠠᠯᠳᠤᠭᠠᠴᠢᠨ ᠡᠷᠦᠭᠡ ᠶᠢᠨ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠡ᠊ᠩᠨᠡᠭᠡᠨ ᠳᠤ ᠣᠷᠣᠬᠤ ᠶᠢ ᠵᠣᠷᠢᠭᠵᠢᠭᠤᠯᠤᠭᠰᠠᠨ ᠪᠠᠶᠢᠨ᠎ᠠ᠃
05.JPG
      ︽ᠪᠣᠯᠪᠠᠰᠤᠨ ᠦᠨᠡᠨᠴᠢ ᠢᠲᠡᠭᠡᠮᠵᠢᠲᠡᠢ︾ ᠵᠢᠱᠢᠶ᠎ᠡ ᠦᠵᠡᠭᠦᠯᠭᠦ ᠵᠡᠭᠡᠯᠢ ᠶᠢ ᠪᠠᠶᠢᠭᠤᠯᠤᠭᠰᠠᠨ ᠨᠢ ᠬᠤᠳᠠᠯᠳᠤᠭᠠᠴᠢᠨ ᠡᠷᠦᠭᠡ ᠶᠢᠨ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠡᠷᠡᠭᠯᠡᠭᠴᠢᠳ ᠤᠨ ᠬᠡᠷᠡᠭᠯᠡᠭᠡᠨ ᠤ ᠢᠲᠡᠭᠡᠯ ᠢ ᠮᠡᠳᠡᠭᠳᠡᠮ᠎ᠡ ᠨᠡᠮᠡᠭᠳᠡᠭᠦᠯᠵᠦ᠂ ᠭᠢᠶ᠎ᠠ ᠪᠠᠭᠰᠢ ᠲᠣᠭᠤᠷᠢᠭ ᠲᠤ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠰᠠᠨ ᠪᠠᠶᠢᠨ᠎ᠠ᠃
06.JPG
07.JPG
 
ᠢᠷᠡᠯᠲᠡ᠄ ᠲᠣᠰ ᠰᠥᠯᠵᠢᠶ᠎ᠡ