ᠮᠠᠨ ᠤ ᠬᠤᠲᠠ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠠᠷᠠᠳ ᠠᠴᠠ ᠡᠵᠡᠩᠨᠡᠭᠰᠡᠨ ᠪᠠᠭ᠎ᠠ ᠵᠢᠵᠢᠭ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ ᠪᠤᠢ
ᠨᠡᠶᠢᠲᠡᠯᠡᠭᠰᠡᠨ ᠴᠠᠭ᠄
2024/7/18
       ᠡᠨᠡ ᠵᠢᠯ ᠠᠴᠠ ᠨᠠᠭᠠᠰᠢ᠂ ᠮᠠᠨ ᠤ ᠬᠤᠲᠠ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠪᠠᠷ ᠠᠷᠠᠳ ᠠᠴᠠ ᠡᠵᠡᠩᠨᠡᠭᠰᠡᠨ ᠪᠠᠭ᠎ᠠ ᠵᠢᠵᠢᠭ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠪᠠᠷ ᠴᠢᠬᠤᠯᠠ ᠭᠠᠷᠳᠠᠴᠠ ᠪᠤᠯᠭᠠᠵᠤ᠂ ᠡᠯ᠎ᠡ ᠲᠦᠷᠦᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ᠠᠷᠠᠳ ᠠᠴᠠ ᠡᠵᠡᠩᠨᠡᠭᠰᠡᠨ ᠪᠠᠭ᠎ᠠ ᠵᠢᠵᠢᠭ ᠠᠵᠤ ᠠᠬᠤᠢ ᠶᠢᠨ ᠥᠨᠳᠥᠷ ᠪᠦᠲᠦᠮᠵᠢᠲᠡᠶ᠂ ᠨᠠᠷᠢᠯᠢᠭ ᠣᠨᠣᠴᠠᠲᠠᠢ ᠮᠥᠩᠭᠦᠨ ᠭᠦᠢᠯᠭᠡᠭᠡᠨ ᠤ ᠳᠡᠮᠵᠢᠯᠭᠡ ᠣᠯᠬᠤ ᠶᠢ ᠦᠨᠡᠨ ᠬᠦ ᠪᠠᠲᠤᠯᠠᠪᠠ᠃ 5 ᠰᠠᠷ᠎ᠠ ᠶᠢᠨ ᠰᠡᠭᠦᠯᠴᠢ ᠪᠤᠯᠲᠠᠯ᠎ᠠ᠂ ᠪᠦᠭᠦ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 2127.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.9% ᠪᠠᠷ ᠨᠡᠮᠡᠭᠳᠡᠪᠡ᠃       ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠨᠠᠷᠢᠯᠢᠭ ᠣᠨᠣᠴᠠᠲᠠᠢ ᠪᠠᠷ ᠠᠷᠠᠳ ᠠᠴᠠ ᠡᠵᠡᠩᠨᠡᠭᠰᠡᠨ ᠪᠠᠭ᠎ᠠ ᠵᠢᠵᠢᠭ ᠠᠵᠤ ᠠᠬᠤᠶᠢᠯᠠᠯ ᠳᠤ ᠦᠢᠯᠡᠴᠢᠯᠡᠵᠡᠢ᠃ ᠲᠥᠪ ᠤᠨ ᠪᠠᠩᠬᠢ ᠶᠢᠨ ᠥᠪᠡᠷ ᠤᠨ ᠥᠷᠲᠡᠭ ᠢᠶᠠᠷ ᠳᠣᠣᠷ᠎ᠠ ᠪᠡᠯᠡ ᠮᠥᠩᠭᠦ ᠶᠢ ᠢᠳᠡᠪᠬᠢᠲᠡᠢ ᠬᠡᠷᠡᠭᠯᠡᠵᠦ᠂ ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠵᠢᠭᠡᠯᠡᠯᠭᠡ ᠶᠢᠨ ᠦᠷᠭᠦᠯᠵᠢᠯᠡᠨ ᠨᠡᠮᠡᠭᠳᠡᠬᠦ ᠶᠢ ᠠᠬᠢᠭᠤᠯᠤᠨ᠂ 5 ᠰᠠᠷ᠎ᠠ ᠶᠢᠨ ᠰᠡᠭᠦᠯᠴᠢ ᠪᠤᠯᠲᠠᠯ᠎ᠠ᠂ ᠠᠷᠠᠳ ᠤᠨ ᠪᠠᠩᠬᠢ ᠶᠢᠨ ᠣᠷᠳᠣᠰ ᠬᠤᠲᠠ ᠶᠢᠨ ᠬᠤᠪᠢᠶᠠᠷᠢ ᠪᠠᠩᠬᠢ  ᠠᠴᠠ ᠳᠠᠭᠢᠨ ᠵᠢᠭᠡᠯᠡᠯᠭᠡ ᠲᠠᠯᠪᠢᠬᠤ᠂ ᠳᠠᠭᠢᠨ ᠪᠡᠯᠡᠨ ᠵᠣᠭᠤᠰ ᠰᠣᠯᠢᠭᠰᠠᠨ ᠲᠤᠭ᠎ᠠ ᠨᠡᠶᠢᠲᠡ 51.3 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ 80% ᠠᠴᠠ ᠳᠡᠭᠡᠭᠰᠢᠬᠢ ᠶᠢ ᠠᠷᠠᠳ ᠠᠴᠠ ᠡᠵᠡᠩᠨᠡᠭᠰᠡᠨ ᠠᠵᠤ ᠠᠬᠤᠢ ᠳᠤ ᠴᠢᠭᠯᠡᠭᠦᠯᠦᠨ᠂ ᠪᠦᠭᠦ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ ᠰᠢᠨ᠎ᠡ ᠪᠠᠷ 190.9 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠵᠢᠭᠡᠯᠡᠯᠭᠡ ᠶᠢᠨ ᠤᠷᠮᠠᠰᠢᠭᠤᠯᠬᠤ ᠪᠡᠯᠡ ᠮᠥᠩᠭᠦ ᠶᠢ 619.8 ᠲᠦᠮᠡᠨ ᠲᠥᠭᠦᠷᠢᠭ ᠲᠠᠷᠬᠠᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠠᠴᠠ ᠡᠵᠡᠩᠨᠡᠭᠰᠡᠨ ᠪᠠᠭ᠎ᠠ ᠵᠢᠵᠢᠭ ᠠᠵᠤ ᠠᠬᠤᠶᠢᠯᠠᠯ ᠳᠤ ᠦᠢᠯᠡᠴᠢᠯᠡᠬᠦ ᠢᠳᠡᠪᠬᠢᠵᠢᠯ ᠢ ᠤᠯᠠᠮ ᠨᠢᠭᠡ ᠠᠯᠬᠤᠮ ᠬᠥᠭᠵᠢᠭᠡᠪᠡ᠃       ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠪᠡᠯᠡ ᠮᠥᠩᠭᠦ ᠴᠤᠭᠯᠠᠭᠤᠯᠬᠤ ᠠᠰᠢᠭᠯᠠᠮᠵᠢ ᠶᠢ ᠳᠡᠭᠡᠭᠰᠢᠯᠡᠭᠦᠯᠵᠡᠢ᠃ ᠣᠳᠣᠬᠠᠨ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ︽ᠦᠢᠯᠡᠰ ᠪᠦᠲᠦᠭᠡᠬᠦ ᠵᠢᠭᠡᠯᠡᠯᠭᠡ︾ ᠵᠡᠷᠭᠡ 20 ᠭᠠᠷᠤᠢ ᠵᠦᠢᠯ ᠤᠨ ᠵᠢᠭᠡᠯᠡᠯᠭᠡ ᠶᠢᠨ ᠲᠥᠷᠥᠯ ᠵᠦᠢᠯ ᠢ ᠭᠠᠷᠭᠠᠵᠤ᠂ ᠠᠳᠠᠯᠢ ᠪᠤᠰᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠮᠥᠩᠭᠦ ᠴᠤᠭᠯᠠᠭᠤᠯᠬᠤ ᠬᠡᠷᠡᠭᠴᠡᠭᠡ ᠶᠢ ᠬᠠᠩᠭᠠᠵᠤ ᠪᠠᠶᠢᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠤᠳᠠᠯᠳᠤᠭᠠᠨ ᠤ ᠲᠣᠭᠤᠷᠢᠭ᠂ ᠬᠤᠳᠠᠯᠳᠤᠭᠠᠨ ᠤ ᠡᠷᠦᠭᠡ ᠳᠤ ᠬᠦᠷᠴᠦ᠂ ᠦᠢᠯᠡᠴᠢᠯᠡᠭᠡ ᠬᠠᠩᠭᠠᠬᠤ ᠪᠠ ᠭᠡᠷ ᠲᠤᠨᠢ ᠬᠦᠷᠭᠡᠬᠦ ᠠᠵᠢᠯᠯᠠᠭ᠎ᠠ ᠥᠷᠨᠢᠭᠦᠯᠵᠦ᠂ 5 ᠰᠠᠷ᠎ᠠ ᠶᠢᠨ ᠰᠡᠭᠦᠯᠴᠢ ᠪᠤᠯᠲᠠᠯ᠎ᠠ᠂ ᠨᠡᠶᠢᠲᠡ 1.94 ᠲᠦᠮᠡᠨ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠡᠷᠦᠭᠡ ᠳᠤ 51.17 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠡᠭᠦᠨ ᠳᠤ ᠠᠩᠬ᠎ᠠ ᠵᠢᠭᠡᠯᠡᠯᠭᠡ ᠠᠪᠤᠭᠰᠠᠨ ᠡᠷᠦᠭᠡ 1559 ᠪᠠᠶᠢᠵᠤ᠂ 4.28 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠮᠥᠩᠭᠦ ᠴᠤᠭᠯᠠᠭᠤᠯᠬᠤ ᠳᠤ ᠬᠦᠴᠢᠷ᠂ ᠪᠡᠯᠡ ᠮᠥᠩᠭᠦ ᠴᠤᠭᠯᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠭᠰᠡᠨ ᠪᠠᠶᠢᠨ᠎ᠠ᠃       ᠮᠥᠩᠭᠦᠨ ᠭᠦᠢᠯᠭᠡᠭᠡᠨ ᠤ ᠠᠮᠢ ᠠᠬᠤᠢ ᠶᠢ ᠰᠢᠯᠢᠳᠡᠭᠵᠢᠭᠦᠯᠵᠦ᠂ ᠪᠡᠯᠡ ᠮᠥᠩᠭᠦ ᠴᠤᠭᠯᠠᠭᠤᠯᠬᠤ ᠰᠠᠶᠢᠨ ᠰᠠᠶᠢᠬᠠᠨ ᠣᠷᠴᠢᠨ ᠠᠬᠤᠢ ᠶᠢ ᠪᠤᠢ ᠪᠣᠯᠭᠠᠵᠠᠢ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠮᠥᠩᠭᠦ ᠴᠤᠭᠯᠠᠭᠤᠯᠬᠤ ᠢᠲᠡᠭᠡᠮᠵᠢ ᠶᠢᠨ ᠣᠷᠴᠢᠨ ᠠᠬᠤᠢ ᠶᠢᠨ ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠦᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ 100% ᠪᠠᠷ ᠵᠠᠯᠭᠠᠨ ᠣᠷᠣᠭᠤᠯᠬᠤ ᠶᠢ ᠠᠬᠢᠭᠤᠯᠵᠤ᠂ ︽ᠣᠷᠳᠣᠰ ᠬᠤᠲᠠ ᠶᠢᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠢᠲᠡᠭᠡᠮᠵᠢ ᠶᠢᠨ ᠲᠠᠪᠴᠠᠩ︾ ᠤᠨ ᠠᠵᠤ ᠠᠬᠤᠶᠢᠯᠠᠯ ᠢ ᠳᠡᠮᠵᠢᠬᠦ ᠴᠢᠳᠠᠪᠤᠷᠢ ᠶᠢ ᠴᠢᠩᠭᠠᠳᠬᠠᠨ᠂ 2024 ᠣᠨ ᠠᠴᠠ ᠨᠠᠭᠠᠰᠢ᠂ ᠲᠤᠰ ᠲᠠᠪᠴᠠᠩ ᠳᠤ ᠰᠢᠨ᠎ᠡ ᠪᠠᠷ 180 ᠬᠤᠪᠢ ᠠᠷᠠᠯᠵᠢᠶ᠎ᠠ ᠪᠦᠲᠦᠵᠦ᠂ ᠪᠡᠯᠡ ᠮᠥᠩᠭᠦ ᠴᠤᠭᠯᠠᠭᠤᠯᠤᠭᠰᠠᠨ ᠵᠣᠭᠤᠰᠤᠨ ᠲᠤᠭ᠎ᠠ 2.96 ᠳ᠋ᠦᠩᠰᠢᠭᠤᠷ ᠲᠥᠭᠦᠷᠢᠭ ᠲᠤ ᠬᠦᠷᠴᠡᠢ᠃ ︽ᠬᠤᠷᠢᠶᠠᠬᠤ ᠶᠣᠰᠣᠲᠠᠢ ᠲᠠᠩᠰᠠᠨ ᠤ ᠪᠡᠯᠡ ᠮᠥᠩᠭᠦ ᠴᠤᠭᠯᠠᠭᠤᠯᠬᠤ ᠦᠢᠯᠡᠴᠢᠯᠡᠭᠡᠨ ᠤ ᠲᠠᠪᠴᠠᠩ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠮᠥᠩᠭᠦ ᠴᠤᠭᠯᠠᠭᠤᠯᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠂ ᠪᠡᠯᠡ ᠮᠥᠩᠭᠦ ᠴᠤᠭᠯᠠᠭᠤᠯᠬᠤ ᠦᠢᠯᠡᠴᠢᠯᠡᠭᠡᠨ ᠤ ᠲᠠᠪᠴᠠᠩ ᠤᠨ ᠰᠢᠨ᠎ᠡ ᠪᠠᠷ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 6.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 44.45 ᠳᠠᠭᠢᠨ ᠨᠡᠮᠡᠭᠳᠡᠪᠡ᠃
ᠢᠷᠡᠯᠲᠡ᠄ ᠳᠣᠯᠠᠭᠠᠨ ᠮᠡᠳᠡᠭᠡ