ᠬᠡᠦᠬᠡᠳ ᠤᠨ ᠴᠡᠴᠡᠷᠯᠢᠭ ᠤᠨ 2024 ᠣᠨ ᠤ ᠵᠤᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ
ᠨᠡᠶᠢᠲᠡᠯᠡᠭᠰᠡᠨ ᠴᠠᠭ᠄
2024/7/18
       1. ︽ᠬᠥᠮᠦᠨ ᠪᠥᠬᠦᠨ ᠴᠥᠮ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ︾ ᠭᠡᠬᠦ ᠣᠶᠢᠯᠠᠭᠠᠭᠳᠠᠬᠤᠨ ᠢ ᠰᠠᠨᠠᠭᠠᠴᠢᠯᠠᠵᠤ᠂ ᠬᠡᠦᠬᠡᠳ ᠢ ᠠᠯᠴᠢᠭᠤᠷ᠂ ᠴᠣᠮᠣ ᠶᠢ ᠬᠠᠮᠲᠤ ᠳᠤ ᠪᠠᠨ ᠬᠡᠷᠡᠭᠯᠡᠬᠦ ᠦᠭᠡᠢ᠂ ᠳᠤᠷ᠎ᠠ ᠪᠠᠷ ᠢᠶᠠᠨ ᠨᠢᠳᠦ ᠪᠠᠨ ᠨᠤᠬᠤᠯᠠᠬᠤ ᠦᠭᠡᠢ ᠪᠠᠷ ᠬᠥᠲᠥᠯᠥᠨ ᠵᠢᠯᠣᠭᠤᠳᠴᠤ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠣᠯᠭᠠᠬᠤ ᠬᠡᠷᠡᠭᠲᠡᠢ᠃ ᠬᠡᠦᠬᠡᠳ ᠤᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠶᠢ ᠰᠠᠶᠢᠲᠤᠷ ᠬᠢᠬᠦ ᠬᠡᠷᠡᠭᠲᠡᠢ᠃       2. ᠭᠡᠷ ᠴᠡᠪᠡᠷᠬᠡᠨ᠂ ᠬᠠᠭᠤᠷᠠᠢ ᠪᠠᠶᠢᠬᠤ ᠶᠢ ᠪᠠᠲᠤᠯᠠᠵᠤ᠂ ᠲᠣᠭᠲᠠᠮᠠᠯ ᠬᠤᠭᠤᠴᠠᠭ᠎ᠠ ᠲᠠᠢ ᠰᠠᠯᠬᠢ ᠨᠡᠪᠲᠡᠷᠡᠭᠦᠯᠦᠨ ᠠᠭᠠᠷ ᠰᠣᠯᠢᠵᠤ᠂ ᠭᠡᠷ ᠤᠨ ᠭᠠᠳᠠᠨᠠᠬᠢ ᠪᠤᠵᠠᠷ ᠮᠠᠭᠤᠬᠠᠢ᠂ ᠠᠷᠢᠭᠤᠳᠬᠠᠭᠰᠠᠨ ᠦᠭᠡᠢ ᠪᠣᠳᠠᠰ ᠢ ᠳᠤᠷ᠎ᠠ ᠪᠠᠷ ᠢᠶᠠᠨ ᠭᠡᠷ ᠲᠤ ᠪᠠᠨ ᠠᠪᠠᠴᠢᠬᠤ ᠦᠭᠡᠢ᠂ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠬᠡᠷᠡᠭᠲᠡᠢ᠃       3. ᠬᠡᠦᠬᠡᠳ ᠲᠤ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠦᠯᠦ ᠨᠡᠶᠢᠴᠡᠬᠦ ᠢᠳᠡᠭᠡᠨ ᠤᠮᠳᠠᠭᠠᠨ ᠢ ᠢᠳᠡᠭᠦᠯᠬᠦ ᠦᠭᠡᠢ᠂ ᠬᠥᠯᠳᠡᠭᠦᠦ ᠢᠳᠡᠭᠡᠨ ᠳᠤᠲᠠᠭᠤ ᠢᠳᠡᠭᠦᠯᠵᠦ᠂ ᠬᠡᠲᠦᠷᠡᠲᠡᠯ᠎ᠡ ᠢᠳᠡᠭᠦᠯᠵᠦ ᠤᠤᠭᠤᠯᠭᠠᠬᠤ ᠦᠭᠡᠢ᠂ ᠳᠠᠪᠤᠰᠤ ᠶᠡᠬᠡᠲᠡᠢ᠂ ᠰᠢᠬᠢᠷ ᠶᠡᠬᠡᠲᠡᠢ᠂ ᠲᠣᠰᠤᠨ ᠳᠤ ᠬᠠᠭᠠᠷᠢᠭᠰᠠᠨ᠂ ᠤᠲᠤᠮᠠᠯ ᠢᠳᠡᠭᠡᠨ ᠢ ᠳᠤᠲᠠᠭᠤ ᠢᠳᠡᠭᠦᠯᠦᠨ᠎ᠡ᠃ ᠲᠠᠨᠢᠬᠤ ᠦᠭᠡᠢ ᠪᠤᠶᠤ ᠢᠷᠡᠯᠲᠡ ᠨᠢ ᠲᠣᠳᠣᠷᠬᠠᠢ ᠦᠭᠡᠢ ᠬᠡᠭᠡᠷ᠎ᠡ ᠶᠢᠨ ᠪᠠᠺᠲ᠋ᠧᠷᠢ ᠶᠢᠨ ᠲᠥᠷᠥᠯ ᠢ ᠲᠡᠭᠦᠬᠦ ᠦᠭᠡᠢ᠂ ᠬᠤᠳᠠᠯᠳᠤᠨ ᠠᠪᠬᠤ ᠦᠭᠡᠢ ᠪᠠᠰᠠ ᠢᠳᠡᠬᠦ ᠦᠭᠡᠢ᠃       4. ᠬᠡᠦᠬᠡᠳ ᠢ ᠳᠠᠭᠠᠭᠤᠯᠤᠨ ᠪᠡᠶ᠎ᠡ ᠮᠠᠬᠠᠪᠤᠳ ᠢ ᠨᠢ ᠵᠣᠬᠢᠰᠲᠠᠢ ᠪᠣᠯᠪᠠᠰᠤᠷᠠᠭᠤᠯᠵᠤ᠂ ᠪᠡᠶ᠎ᠡ ᠮᠠᠬᠠᠪᠣᠳ ᠢ ᠨᠢ ᠴᠢᠬᠢᠷᠠᠭᠵᠢᠭᠤᠯᠤᠨ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠪᠠᠲᠤᠯᠠᠬᠤ ᠬᠡᠷᠡᠭᠲᠡᠢ᠃       5. ᠬᠡᠦᠬᠡᠳ ᠬᠡᠵᠢᠶᠡᠳᠡ ᠭᠡᠷ ᠤᠨ ᠠᠬᠠᠮᠠᠳ ᠤᠨ ᠬᠠᠷᠠᠭᠠᠰᠤ ᠪᠤᠶᠤ ᠬᠢᠨᠠᠯᠲᠠ ᠬᠠᠮᠢᠶᠠᠷᠤᠯᠲᠠ ᠶᠢᠨ ᠬᠡᠪᠴᠢᠶᠡᠨ ᠳᠤ ᠪᠠᠶᠢᠪᠠᠯ ᠵᠣᠬᠢᠨ᠎ᠠ᠂ ᠬᠡᠦᠬᠡᠳ ᠢᠶᠠᠨ ᠭᠡᠷ ᠪᠤᠶᠤ ᠲᠡᠷᠭᠡᠨ ᠳᠣᠲᠣᠷ᠎ᠠ ᠭᠠᠭᠴᠠᠭᠠᠷ ᠨᠢ ᠦᠯᠡᠳᠡᠭᠡᠬᠦ ᠦᠭᠡᠢ᠂ ᠬᠡᠦᠬᠡᠳ ᠢᠶᠠᠨ ᠭᠠᠭᠴᠠᠭᠠᠷ ᠨᠢ ᠭᠠᠳᠠᠭᠰᠢ ᠭᠠᠷᠭᠠᠬᠤ ᠦᠭᠡᠢ᠃       6. ᠬᠡᠦᠬᠡᠳ ᠢ ᠵᠠᠮ ᠤᠨ ᠵᠠᠬ᠎ᠠ᠂ ᠤᠰᠤᠨ ᠤ ᠵᠠᠬ᠎ᠠ᠂ ᠪᠠᠷᠢᠯᠭ᠎ᠠ ᠶᠢᠨ ᠭᠠᠵᠠᠷ ᠵᠡᠷᠭᠡ ᠠᠶᠤᠯ ᠲᠠᠢ ᠣᠷᠣᠨ ᠳᠤ ᠭᠠᠭᠴᠠᠭᠠᠷ ᠨᠢ ᠨᠠᠭᠠᠳᠤᠭᠤᠯᠬᠤ ᠦᠭᠡᠢ᠂ ᠵᠠᠮ ᠬᠠᠷᠢᠯᠴᠠᠭ᠎ᠠ᠂ ᠤᠰᠤᠨ ᠳᠤ ᠤᠨᠠᠬᠤ ᠵᠡᠷᠭᠡ ᠠᠳᠠᠯ ᠭᠠᠷᠬᠤ ᠠᠴᠠ ᠰᠡᠷᠭᠡᠶᠢᠯᠡᠬᠦ ᠬᠡᠷᠡᠭᠲᠡᠢ᠃       7. ᠭᠡᠷ ᠤᠨ ᠨᠠᠷᠠᠪᠴᠢ᠂ ᠲᠠᠪᠴᠠᠩ ᠵᠡᠷᠭᠡ ᠣᠷᠣᠨ ᠪᠦᠰᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠰᠠᠶᠢᠲᠤᠷ ᠬᠢᠨ᠎ᠡ᠃ ᠬᠡᠦᠬᠡᠳ ᠲᠤ ᠪᠠᠨ ᠠᠰᠠᠷ ᠠᠴᠠ ᠳᠣᠭᠤᠭᠰᠢ ᠪᠠᠨ ᠶᠠᠭᠤᠮ᠎ᠠ ᠬᠠᠶᠠᠵᠤ ᠪᠣᠯᠬᠤ ᠦᠭᠡᠢ᠂ ᠨᠡᠷᠡᠨ ᠲᠠᠶᠢᠰᠠ᠂ ᠡᠭᠦᠳᠡᠨ ᠴᠣᠩᠬᠤ ᠪᠤᠶᠤ ᠪᠤᠰᠤᠳ ᠥᠨᠳᠥᠷ ᠲᠤ ᠠᠪᠠᠷᠢᠬᠤ ᠦᠭᠡᠢ ᠶᠢ ᠰᠠᠨᠠᠭᠤᠯᠵᠤ᠂ ᠤᠨᠠᠬᠤ ᠠᠴᠠ ᠰᠡᠷᠭᠡᠶᠢᠯᠡᠬᠦ ᠬᠡᠷᠡᠭᠲᠡᠢ᠃       8. ᠭᠡᠷ ᠤᠨ ᠴᠠᠬᠢᠯᠭᠠᠨ ᠤᠲᠠᠰᠤ᠂ ᠰᠢᠲᠠᠮᠠᠬᠠᠢ ᠬᠡᠢ ᠶᠢᠨ ᠬᠤᠭᠤᠯᠠᠢ᠂ ᠴᠠᠬᠢᠯᠭᠠᠨ ᠬᠡᠷᠡᠭᠰᠡᠯ᠂ ᠢᠷᠲᠦ ᠪᠠᠭᠠᠵᠢ ᠵᠢᠴᠢ ᠪᠤᠰᠤᠳ ᠪᠠᠭᠠᠵᠢ ᠬᠡᠷᠡᠭᠰᠡᠯ ᠤᠨ ᠠᠮᠤᠷ ᠲᠦᠪᠰᠢᠨ ᠢ ᠴᠠᠭ ᠲᠤᠬᠠᠢ ᠳᠤ ᠨᠢ ᠵᠢᠭᠰᠠᠭᠠᠨ ᠪᠠᠶᠢᠴᠠᠭᠠᠵᠤ᠂ ᠴᠠᠬᠢᠯᠭᠠᠨ ᠳᠤ ᠴᠣᠬᠢᠭᠳᠠᠬᠤ᠂ ᠬᠠᠯᠠᠭᠠᠬᠤ᠂ ᠨᠡᠭᠦᠷᠡᠰᠦᠨ ᠬᠡᠢ ᠳᠤ ᠬᠤᠣᠷᠳᠠᠬᠤ᠂ ᠮᠠᠰᠢᠨ ᠪᠠᠭᠠᠵᠢ ᠳᠤ ᠭᠡᠮᠲᠦᠬᠦ ᠵᠡᠷᠭᠡ ᠠᠳᠠᠯ ᠢ ᠰᠡᠷᠭᠡᠶᠢᠯᠡᠬᠦ ᠬᠡᠷᠡᠭᠲᠡᠢ᠃       9. ᠨᠣᠴᠣᠮᠠᠲᠠᠭᠠᠢ᠂ ᠳᠡᠯᠪᠡᠷᠡᠮᠡᠲᠡᠭᠡᠢ᠂ ᠠᠮᠠᠷᠬᠠᠨ ᠬᠡᠮᠬᠡᠷᠡᠳᠡᠭ᠂ ᠬᠤᠣᠷᠲᠠᠢ᠂ ᠢᠷᠲᠡᠢ ᠪᠤᠶᠤ ᠬᠡᠦᠬᠡᠳ ᠤᠨ ᠪᠡᠶ᠎ᠡ ᠰᠡᠳᠬᠢᠯ ᠳᠤ ᠮᠠᠭᠤ ᠨᠥᠯᠥᠭᠡ ᠲᠠᠢ ᠪᠤᠰᠤᠳ ᠲᠣᠭᠯᠠᠭᠠᠮ ᠤᠨ ᠵᠦᠢᠯ᠂ ᠡᠳ᠋ ᠪᠠᠷᠠᠭ᠎ᠠ ᠶᠢ ᠰᠠᠶᠢᠲᠤᠷ ᠬᠠᠳᠠᠭᠠᠯᠠᠵᠤ᠂ ᠬᠡᠦᠬᠡᠳ ᠢᠶᠠᠨ ᠣᠶᠢᠷᠠᠲᠤᠭᠤᠯᠵᠤ ᠪᠣᠯᠬᠤ ᠦᠭᠡᠢ᠃ ᠬᠡᠦᠬᠡᠳ ᠢᠶᠠᠨ ᠶᠠᠭᠤᠮ᠎ᠠ ᠶᠢ ᠴᠢᠬᠢ᠂ ᠬᠠᠮᠠᠷ᠂ ᠨᠢᠳᠦᠨ ᠳᠤ ᠪᠠᠨ ᠬᠢᠬᠦ ᠦᠭᠡᠢ᠂ ᠳᠤᠷ᠎ᠠ ᠪᠠᠷ ᠢᠶᠠᠨ ᠶᠠᠭᠤᠮ᠎ᠠ ᠪᠠᠷ ᠲᠣᠯᠤᠭᠠᠢ ᠪᠤᠶᠤ ᠬᠦᠵᠦᠭᠦᠦ ᠪᠠᠨ ᠪᠣᠭᠤᠵᠤ ᠪᠣᠯᠬᠤ ᠦᠭᠡᠢ ᠭᠡᠵᠦ ᠰᠤᠷᠭᠠᠬᠤ ᠬᠡᠷᠡᠭᠲᠡᠢ᠃       10. ᠭᠡᠷ ᠤᠨ ᠢᠶᠠᠨ ᠡᠮ ᠤᠨ ᠵᠦᠢᠯ ᠢ ᠲᠣᠬᠢᠲᠠᠢ ᠲᠠᠯᠪᠢᠵᠤ᠂ ᠬᠡᠦᠬᠡᠳ ᠳᠤᠷ᠎ᠠ ᠪᠠᠷ ᠢᠶᠠᠨ ᠬᠦᠨᠳᠡᠵᠦ ᠪᠣᠯᠬᠤ ᠦᠭᠡᠢ᠃ ᠬᠡᠦᠬᠡᠳ ᠢ ᠭᠠᠷ ᠤᠲᠠᠰᠤ ᠵᠡᠷᠭᠡ ᠡᠯᠧᠺᠳ᠋ᠷᠣᠨ ᠦᠢᠯᠡᠳᠬᠦᠨ ᠳᠤ ᠰᠢᠨᠤᠭᠤᠯᠬᠤ ᠦᠭᠡᠢ᠃       11. ᠬᠡᠦᠬᠡᠳ ᠢ ᠪᠢᠴᠢᠬᠠᠨ ᠨᠠᠶᠢᠵᠠ ᠨᠠᠷ ᠲᠠᠢ ᠪᠠᠨ ᠨᠥᠬᠦᠷᠰᠡᠭ ᠶᠠᠪᠤᠯᠴᠠᠬᠤ ᠪᠠᠷ ᠰᠤᠷᠭᠠᠨ᠎ᠠ᠃ ᠭᠠᠳᠠᠭᠰᠢ ᠭᠠᠷᠬᠤ ᠳᠤ ᠪᠠᠨ᠂ ᠬᠡᠦᠬᠡᠳ ᠲᠠᠢ ᠬᠠᠮᠲᠤ ᠵᠠᠮ ᠬᠠᠷᠢᠯᠴᠠᠭᠠᠨ ᠤ ᠳᠦᠷᠢᠮ᠂ ᠲᠡᠷᠭᠡᠨ ᠳᠤ ᠰᠠᠭᠤᠬᠤ ᠳᠦᠷᠢᠮ ᠢ ᠰᠠᠬᠢᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ ᠬᠡᠷᠡᠭᠲᠡᠢ᠃ ᠬᠡᠦᠬᠡᠳ ᠢ ᠮᠤᠤᠷ ᠨᠣᠬᠠᠢ ᠵᠡᠷᠭᠡ ᠠᠮᠢᠲᠠᠨ ᠢᠶᠠᠷ ᠲᠣᠭᠯᠠᠭᠤᠯᠬᠤ ᠦᠭᠡᠢ᠃ ᠬᠡᠦᠬᠡᠳ ᠢᠶᠠᠨ ᠭᠠᠳᠠᠭᠰᠢ ᠭᠠᠷᠬᠤ ᠳᠤ ᠲᠡᠷᠭᠡᠨ ᠤ ᠪᠠᠯᠠᠢ ᠣᠷᠣᠨ ᠢ ᠰᠡᠷᠭᠡᠶᠢᠯᠡᠬᠦ ᠬᠡᠷᠡᠭᠲᠡᠢ ᠭᠡᠵᠦ ᠰᠤᠷᠭᠠᠨ᠎ᠠ᠃       12. ᠬᠡᠦᠬᠡᠳ ᠢᠶᠠᠨ ᠪᠤᠰᠤᠳ ᠬᠥᠮᠦᠰ ᠲᠤ ᠥᠪᠡᠷ ᠤᠨ ᠪᠡᠶ᠎ᠡ ᠶᠢᠨ ᠨᠢᠭᠤᠴᠠ ᠬᠡᠰᠡᠭ ᠢᠶᠠᠨ ᠦᠵᠡᠭᠦᠯᠵᠦ ᠪᠣᠯᠬᠤ ᠦᠭᠡᠢ᠂ ᠲᠡᠮᠲᠡᠷᠢᠭᠦᠯᠵᠦ ᠪᠣᠯᠬᠤ ᠦᠭᠡᠢ ᠂ ᠰᠡᠭᠦᠳᠡᠷᠯᠡᠭᠦᠯᠵᠦ ᠪᠣᠯᠬᠤ ᠭᠡᠵᠦ ᠰᠤᠷᠭᠠᠨ᠎ᠠ᠃      13. ᠬᠡᠦᠬᠡᠳ ᠢᠶᠠᠨ ᠲᠠᠨᠢᠯ ᠪᠤᠰᠤ ᠬᠥᠮᠦᠨ ᠤ ᠢᠳᠡᠭᠡᠨ ᠪᠠ ᠪᠡᠯᠡᠭ ᠢ ᠠᠪᠬᠤ ᠦᠭᠡᠢ᠂ ᠭᠡᠷ ᠪᠦᠯᠢ ᠶᠢᠨ ᠮᠡᠳᠡᠭᠡ ᠵᠠᠩᠭᠢ ᠶᠢ ᠦᠯᠦ ᠲᠠᠨᠢᠬᠤ ᠬᠥᠮᠦᠨ ᠳᠤ ᠬᠡᠯᠡᠵᠦ ᠥᠭᠬᠦ ᠦᠭᠡᠢ᠂ ᠲᠠᠨᠢᠯ ᠪᠤᠰᠤ ᠬᠥᠮᠦᠨ ᠠᠯᠪᠠᠳᠠᠯᠭ᠎ᠠ ᠪᠠᠷ ᠳᠠᠭᠠᠭᠤᠯᠵᠤ ᠶᠠᠪᠤᠬᠤ ᠦᠶ᠎ᠡ ᠳᠤ ᠥᠨᠳᠥᠷ ᠳᠠᠭᠤᠨ ᠢᠶᠠᠷ ᠬᠠᠰᠬᠢᠷᠤᠨ ᠠᠪᠤᠷᠠᠯᠲᠠ ᠳᠠᠭᠤᠳᠠᠬᠤ ᠶᠢᠨ ᠬᠠᠮᠲᠤ ᠬᠥᠮᠦᠨ ᠣᠯᠠᠨ ᠴᠤᠭᠯᠠᠷᠠᠳᠠᠭ ᠭᠠᠵᠠᠷ ᠳᠤᠲᠠᠭᠠᠨ ᠣᠴᠢᠨ᠎ᠠ᠂ ᠭᠡᠷ ᠤᠨ ᠬᠥᠮᠦᠰ ᠠᠴᠠ ᠪᠠᠨ ᠰᠠᠯᠵᠤ ᠲᠥᠭᠡᠷᠢᠭᠰᠡᠨ ᠦᠶ᠎ᠡ ᠳᠤ ᠤᠭ ᠭᠠᠵᠠᠷ ᠲᠤ ᠪᠠᠨ ᠬᠥᠳᠡᠯᠬᠦ ᠦᠭᠡᠢ ᠬᠥᠯᠢᠶᠡᠬᠦ ᠪᠤᠶᠤ ᠴᠠᠭᠳᠠᠭ᠎ᠠ ᠠᠴᠠ ᠲᠤᠰᠠᠯᠠᠮᠵᠢ ᠭᠤᠶᠤᠴᠢᠯᠠᠬᠤ ᠬᠡᠷᠡᠭᠲᠡᠢ᠃      14. ᠬᠡᠦᠬᠡᠳ ᠢᠶᠠᠨ ᠣᠪᠣᠭ ᠨᠡᠷ᠎ᠡ᠂ ᠬᠡᠦᠬᠡᠳ ᠤᠨ ᠴᠡᠴᠡᠷᠯᠢᠭ ᠤᠨ ᠨᠡᠷ᠎ᠡ᠂ ᠰᠠᠭᠤᠭ᠎ᠠ ᠭᠠᠵᠠᠷ ᠪᠠ ᠭᠡᠷ ᠤᠨ ᠠᠬᠠᠮᠠᠳ ᠤᠨ ᠣᠪᠣᠭ ᠨᠡᠷ᠎ᠡ᠂ ᠤᠲᠠᠰᠤ᠂ ᠪᠠᠶᠢᠭᠤᠯᠭ᠎ᠠ ᠨᠢᠭᠡᠴᠢ ᠶᠢ ᠲᠣᠳᠤᠷᠬᠠᠢ ᠮᠡᠳᠡᠬᠦ ᠪᠠᠷ ᠰᠤᠷᠭᠠᠵᠤ᠂ ᠰᠠᠨᠠᠭᠠᠨ ᠳᠤ ᠦᠭᠡᠢ ᠬᠡᠷᠡᠭ ᠲᠤ ᠤᠴᠠᠷᠠᠬᠤ ᠦᠶ᠎ᠡ ᠲᠤᠰᠠᠯᠠᠮᠵᠢ ᠭᠤᠶᠤᠴᠢᠯᠠᠵᠤ ᠴᠢᠳᠠᠬᠤ ᠪᠤᠶᠤ ᠲᠣᠳᠣᠷᠬᠠᠢ ᠢᠯᠡᠳᠭᠡᠵᠦ ᠴᠢᠳᠠᠬᠤ ᠬᠡᠷᠡᠭᠲᠡᠢ᠃      15. ᠤᠯᠤᠰ ᠤᠨ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠲᠤ ᠬᠠᠨᠳᠤᠭᠤᠯᠤᠭᠰᠠᠨ ᠰᠦᠯᠵᠢᠶᠡᠨ ᠳᠠᠬᠢ ᠪᠣᠯᠪᠠᠰᠤᠷᠠᠭᠤᠯᠤᠯ ᠢ ᠥᠷᠨᠢᠭᠦᠯᠵᠦ ᠪᠣᠯᠬᠤ ᠦᠭᠡᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠠᠩᠭᠢ᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠠᠩᠭᠢ᠂ ᠰᠡᠳᠬᠢᠬᠦᠢ ᠶᠢᠨ ᠪᠣᠯᠪᠠᠰᠤᠷᠠᠭᠤᠯᠤᠯ ᠤᠨ ᠠᠩᠭᠢ ᠵᠡᠷᠭᠡ ᠨᠡᠷ᠎ᠡ ᠪᠠᠷ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠲᠤ ᠬᠠᠨᠳᠤᠭᠤᠯᠤᠨ ᠰᠦᠯᠵᠢᠶᠡᠨ ᠭᠠᠳᠠᠨᠠᠬᠢ ᠬᠢᠴᠢᠶᠡᠯ ᠲᠥᠷᠥᠯ ︵ᠭᠠᠳᠠᠭᠠᠳᠤ ᠬᠡᠯᠡ ᠶᠢ ᠪᠠᠭᠲᠠᠭᠠᠨ᠎ᠠ︶ ᠤᠨ ᠪᠣᠯᠪᠠᠰᠤᠷᠠᠭᠤᠯᠤᠯ ᠥᠷᠨᠢᠭᠦᠯᠬᠦ ᠶᠢ ᠴᠢᠩᠭ᠎ᠠ ᠬᠤᠷᠢᠭᠯᠠᠨ᠎ᠠ᠃ ᠪᠣᠳᠠᠲᠤ ᠠᠵᠢᠯᠯᠠᠭ᠎ᠠ ᠪᠠᠷ ᠢᠶᠠᠨ ᠳᠡᠮᠵᠢᠯᠭᠡ ᠦᠵᠡᠭᠦᠯᠵᠦ᠂ ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠬᠡᠦᠬᠡᠳ ᠤᠨ ᠡᠷᠡᠭᠦᠯ ᠢᠶᠠᠷ ᠥᠰᠦᠨ ᠪᠤᠶᠢᠵᠢᠬᠤ ᠶᠢ ᠠᠬᠢᠭᠤᠯᠤᠨ᠎ᠠ᠃ 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ