ᠪᠦᠬᠦ ᠤᠯᠤᠰ ᠤᠨ ᠴᠢᠨᠠᠷᠲᠠᠢ ᠠᠵᠢᠯᠯᠠᠭ᠎ᠠ  ᠬᠢᠶ᠎ᠠ ᠪᠠᠭᠰᠢ  ᠲᠤᠭᠤᠷᠢᠭ ᠲᠤ  ᠶᠠᠪᠤᠭᠳᠠᠪᠠ
ᠨᠡᠶᠢᠲᠡᠯᠡᠭᠰᠡᠨ ᠴᠠᠭ᠄
2024/7/19
微信截图_20240719111434.jpg
     7 ᠰᠠᠷ᠎ᠠ ᠶᠢᠨ 17 ᠤ ᠡᠳᠦᠷ᠂ 2024 ᠣᠨ ᠤ ᠪᠥᠬᠦ ᠤᠯᠤᠰ ᠤᠨ ᠵᠣᠨ ᠤ ᠠᠮᠠᠷᠠᠯᠲᠠ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠤᠯᠠᠷᠢᠯ ᠤᠨ ᠭᠤᠤᠯ ᠲᠠᠯᠠᠪᠤᠷ ᠤᠨ ᠠᠵᠢᠯᠯᠠᠭ᠎ᠠ ᠬᠢᠶ᠎ᠠ ᠪᠠᠭᠰᠢ ᠲᠣᠭᠤᠷᠢᠭ ᠲᠤ ᠡᠬᠢᠯᠡᠪᠡ᠃ ᠠᠵᠢᠯᠯᠠᠭ᠎ᠠ ᠨᠢ ︽ᠰᠣᠶᠣᠯ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠵᠦ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠡᠳ᠋ᠯᠡᠬᠦ︾ ᠪᠠᠷ ᠭᠤᠣᠯ ᠰᠡᠳᠦᠪ ᠪᠣᠯᠭᠠᠵᠤ᠂ ᠰᠢᠨ᠎ᠡ ᠪᠠᠷ ᠮᠠᠨᠳᠤᠭᠰᠠᠨ ᠬᠡᠷᠡᠭᠯᠡᠭᠡᠨ ᠤ ᠬᠠᠯᠠᠮᠰᠢᠯ ᠴᠡᠭ᠂ ᠰᠢᠨ᠎ᠡ ᠬᠡᠯᠪᠡᠷᠢ ᠶᠢᠨ ᠬᠡᠷᠡᠭᠯᠡᠭᠡᠨ ᠤ ᠪᠠᠶᠢᠳᠠᠯ᠂ ᠰᠢᠨ᠎ᠡ ᠬᠡᠷᠡᠭᠯᠡᠭᠡᠨ ᠤ ᠠᠬᠤᠢ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯᠪᠡᠭ ᠪᠠᠶᠠᠯᠢᠭ ᠰᠣᠶᠣᠯ ᠪᠠ ᠵᠢᠭᠤᠯᠴᠢᠯᠠᠯ ᠤᠨ ᠬᠡᠷᠡᠭᠯᠡᠭᠡ  ᠪᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠪᠠᠷ ᠵᠤᠭᠠᠴᠠᠭᠰᠠᠳ ᠤᠨ ᠵᠣᠨ ᠤ ᠠᠮᠠᠷᠠᠯᠲᠠ ᠶᠢᠨ ᠬᠤᠭᠤᠴᠠᠭᠠᠨ ᠤ ᠭᠠᠳᠠᠭᠰᠢ ᠭᠠᠷᠴᠤ ᠵᠤᠭᠠᠴᠠᠬᠤ ᠬᠦᠰᠡᠯ ᠪᠠ ᠬᠡᠷᠡᠭᠯᠡᠭᠡᠨ ᠤ ᠬᠡᠷᠡᠭᠴᠡᠭᠡ ᠶᠢ  ᠬᠠᠩᠭᠠᠵᠤ᠂ ᠵᠣᠨ ᠤ ᠠᠮᠠᠷᠠᠯᠲᠠ ᠶᠢᠨ ᠰᠣᠶᠣᠯ  ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠬᠦᠴᠦᠷᠬᠡᠭ ᠶᠡᠭᠡ ᠠᠮᠢᠵᠢᠷᠠᠯ ᠤᠨ ᠬᠦᠴᠦᠨ ᠨᠡᠮᠡᠷᠢᠯᠡᠪᠡ᠃
微信截图_20240719110825.jpg
     ᠡᠬᠢᠯᠡᠯᠲᠡ ᠶᠢᠨ ᠶᠣᠰᠣᠯᠠᠯ ᠳᠡᠭᠡᠷ᠎ᠡ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠠᠴᠠ ︽ᠤᠷᠤᠯᠳᠤᠭᠠᠨ ᠢ ᠳᠠᠭᠠᠵᠤ ᠵᠢᠭᠤᠯᠴᠢᠯᠠᠬᠤ︾ 2024 ᠵᠣᠨ ᠤ ᠠᠮᠠᠷᠠᠯᠲᠠ ᠶᠢᠨ ᠪᠥᠬᠦ ᠤᠯᠤᠰ ᠤᠨ ᠬᠡᠷ ᠤᠨ ᠭᠠᠳᠠᠨᠠᠬᠢ ᠬᠥᠳᠡᠯᠭᠡᠭᠡᠨ ᠤ ᠤᠷᠤᠯᠳᠤᠭᠠᠨ ᠤ ᠭᠠᠷᠴᠠᠭ ᠢ ᠨᠡᠶᠢᠲᠡᠯᠡᠪᠡ᠃ ᠳᠤᠮᠳᠠᠳᠤ ᠤᠯᠤᠰ ᠤᠨ ᠴᠠᠭ ᠠᠭᠤᠷ ᠤᠨ ᠦᠢᠯᠡᠴᠢᠯᠡᠭᠡᠨ ᠤ ᠨᠡᠶᠢᠭᠡᠮᠯᠢᠭ᠂ ᠳᠤᠮᠳᠠᠳᠤ ᠤᠯᠤᠰ ᠤᠨ ᠲᠣᠭᠯᠠᠯᠲᠠ ᠶᠢᠨ ᠠᠵᠢᠯ ᠲᠥᠷᠥᠯ ᠤᠨ ᠨᠡᠶᠢᠭᠡᠮᠯᠢᠭ᠂  ᠹᠧᠢ ᠵᠦ ᠵᠢᠭᠤᠯᠴᠢᠯᠠᠯ  ︽ᠵᠤᠰᠠᠯᠠᠩ ᠤᠨ ᠰᠠᠶᠢᠬᠠᠨ ᠭᠠᠵᠠᠷ︾ ︽ᠲᠣᠭᠯᠠᠯᠲᠠ ᠶᠢ ᠳᠠᠭᠠᠵᠤ ᠵᠢᠭᠤᠯᠴᠢᠯᠠᠬᠤ︾ ︽ᠠᠮᠲᠠᠲᠤ ᠢᠳᠡᠭᠡᠨ ᠢ ᠡᠷᠢᠵᠦ ᠵᠢᠭᠤᠯᠴᠢᠯᠠᠬᠤ︾ ᠵᠡᠷᠭᠡ ᠵᠣᠨ ᠤ ᠠᠮᠠᠷᠠᠯᠲᠠ ᠶᠢᠨ ᠵᠢᠭᠤᠯᠴᠢᠯᠠᠯ ᠤᠨ ᠪᠦᠲᠦᠭᠡᠭᠳᠡᠬᠦᠨ ᠢ ᠨᠡᠶᠢᠲᠡᠯᠡᠪᠡ᠃ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠪᠦᠲᠦᠭᠡᠯᠴᠢ ᠠᠵᠤ ᠦᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠠᠴᠠ ᠬᠤᠶᠠᠳᠤᠭᠠᠷ ᠪᠦᠯᠦᠭ᠂ ᠭᠤᠷᠪᠠᠳᠤᠭᠠᠷ ᠪᠦᠯᠦᠭ ᠤᠨ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠦᠪᠯᠡᠷᠡᠯ ᠤᠨ ᠣᠷᠣᠨ ᠤ  ᠠᠶᠠᠨᠴᠢᠳ ᠤᠨ ᠴᠤᠪᠤᠷᠠᠯ  ᠤᠨ ᠵᠠᠳᠠᠯᠤᠯᠲᠠ ᠨᠡᠶᠢᠲᠡᠯᠡᠪᠡ ᠃ ᠳᠤᠮᠳᠠᠳᠤ ᠤᠯᠤᠰ ᠤᠨ ᠪᠠᠩᠬᠢ ᠶᠢᠨ ᠬᠤᠯᠪᠣᠭ᠎ᠠ᠂ ᠵᠥᠩ ᠰᠢᠨ ᠪᠠᠩᠬᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ᠂ ᠳᠤᠮᠳᠠᠳᠤ ᠤᠯᠤᠰ ᠤᠨ ᠵᠢᠭᠤᠯᠴᠢᠯᠠᠯ ᠤᠨ ᠣᠷᠣᠨ ᠤ ᠨᠡᠶᠢᠭᠡᠮᠯᠢᠭ ᠠᠴᠠ ᠵᠣᠨ ᠤ ᠠᠮᠠᠷᠠᠯᠲᠠ ᠶᠢᠨ ᠬᠤᠭᠤᠴᠠᠭᠠᠨ ᠤ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠠᠷᠠᠳ ᠲᠤ  ᠠᠰᠢᠭ ᠬᠦᠷᠲᠡᠭᠡᠬᠦ ᠠᠵᠢᠯᠯᠠᠭ᠎ᠠ ᠶᠢᠨ ᠲᠣᠬᠢᠷᠠᠭᠤᠯᠤᠯᠲᠠ ᠶᠢ ᠨᠡᠶᠢᠳᠡᠯᠡᠪᠡ ᠃ ᠣᠷᠳᠣᠰ ᠬᠤᠲᠠ ᠰᠣᠶᠣᠯ ᠪᠠ ᠵᠢᠭᠤᠯᠴᠢᠯᠠᠯ ᠤᠨ ᠵᠣᠨ ᠤ ᠠᠮᠠᠷᠠᠯᠲᠠ ᠶᠢᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢᠨ ᠲᠣᠬᠢᠷᠠᠭᠤᠯᠤᠯᠲᠠ ᠶᠢ ᠨᠡᠶᠢᠳᠡᠯᠡᠪᠡ ᠃      ᠲᠠᠨᠢᠯᠴᠠᠭᠤᠯᠤᠭᠰᠠᠨ ᠢᠶᠠᠷ᠂ ᠵᠤᠨ ᠤ ᠠᠮᠠᠷᠠᠯᠲᠠ ᠶᠢᠨ ᠬᠤᠭᠤᠴᠠᠭᠠᠨ ᠳᠤ ᠡᠯ᠎ᠡ ᠭᠠᠵᠠᠷ ᠤᠨ ᠬᠢᠨ ᠪᠠᠷᠤᠭ 3.7 ᠲᠦᠮᠡᠨ ᠲᠠᠯᠠᠪᠤᠷ ᠤᠳᠠᠭ᠎ᠠ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠠᠵᠢᠯᠯᠠᠭ᠎ᠠ ᠥᠷᠨᠢᠭᠦᠯᠵᠦ᠂ ᠰᠥᠨᠢ ᠶᠢᠨ ᠵᠢᠭᠤᠯᠴᠢᠯᠠᠯ᠂ ᠵᠤᠰᠠᠯᠠᠩ ᠤᠨ ᠵᠢᠭᠤᠯᠴᠢᠯᠠᠯ᠂ ᠬᠡᠷ ᠪᠦᠯᠢ ᠶᠢᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠬᠡᠷᠡᠭᠯᠡᠭᠡᠨ ᠤ ᠬᠠᠯᠠᠮᠰᠢᠯ ᠴᠡᠭ ᠤᠨ ᠲᠣᠭᠤᠷᠢᠨ ᠳᠤ ᠬᠡᠷᠡᠭᠯᠡᠭᠡᠨ ᠤ ᠲᠡᠮᠳᠡᠭᠲᠦ᠂ ᠪᠢᠯᠧᠲ ᠤᠨ ᠦᠨ᠎ᠡ ᠶᠢᠨ ᠬᠠᠷᠠᠭᠠᠯᠵᠠᠯ  ᠵᠡᠷᠭᠡ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ  ᠬᠡᠷᠡᠭᠵᠢᠭᠦᠯᠵᠦ᠂ ᠲᠡᠯᠡᠶ ᠳᠠᠭᠠᠤ᠂ ᠤᠰᠤᠨ ᠳᠡᠭᠡᠷᠡᠬᠢ ᠬᠥᠳᠡᠯᠭᠡᠭᠡᠨ᠂ ᠰᠢ ᠵᠦᠴᠦᠭᠡ ᠶᠢᠨ ᠨᠠᠶᠢᠷ᠂ ᠳᠠᠭᠤᠤ ᠬᠥᠭᠵᠢᠮ ᠤᠨ ᠨᠠᠶᠢᠷ᠂ ᠤᠷᠠᠯᠢᠭ ᠤᠨ ᠨᠠᠶᠢᠷ᠂ ᠺᠠᠷᠲ᠋ᠣᠨ ᠨᠠᠶᠢᠷ᠂ ᠳᠠᠭᠤᠤ ᠬᠥᠭᠵᠢᠮ ᠤᠨ ᠨᠠᠶᠢᠷ᠂ ᠦᠵᠡᠭᠦᠯᠦᠯᠭᠡ ᠶᠢᠨ ᠴᠤᠭᠯᠠᠭᠠᠨ᠂ ᠰᠣᠶᠣᠯ ᠲᠠᠮᠢᠷ ᠤᠨ ᠤᠷᠤᠯᠳᠤᠭᠠᠨ ᠵᠡᠷᠭᠡ  ᠶᠢ ᠪᠦᠲᠦᠭᠡᠨ ᠪᠠᠶᠢᠭᠤᠯᠵᠦ᠂ ᠵᠣᠨ ᠤ ᠠᠮᠠᠷᠠᠯᠲᠠ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠨ᠎ᠡ᠃      ᠲᠤᠰ ᠠᠵᠢᠯᠯᠠᠭ᠎ᠠ ᠳᠤ ᠪᠠᠰᠠ ᠳᠠᠭᠤᠤ ᠪᠥᠵᠢᠭ ᠤᠨ ᠲᠣᠭᠯᠠᠯᠲᠠ᠂  ᠬᠦᠮᠦᠨ ᠦᠭᠡᠢ ᠨᠢᠰᠬᠡᠯ ᠤᠨ ᠲᠣᠭᠯᠠᠯᠲᠠ ᠪᠠ ᠳᠠᠭᠤᠤ ᠬᠥᠭᠵᠢᠮ ᠤᠨ ᠣᠷᠭᠢᠯᠤᠮᠠᠯ ᠪᠤᠯᠠᠭ ᠤᠨ ᠲᠣᠭᠯᠠᠯᠲᠠ ᠬᠢᠪᠡ᠃
微信截图_20240719111016.jpg
微信截图_20240719111054.jpg
微信截图_20240719111207.jpg
微信截图_20240719111236.jpg
微信截图_20240719111330.jpg
ᠢᠷᠡᠯᠲᠡ᠄ ᠳᠣᠰ ᠰᠦᠯᠵᠢᠶ᠎ᠡ