ᠳᠡᠭᠡᠷ᠎ᠡ ᠬᠠᠭᠠᠰ ᠵᠢᠯ ᠤᠨ ᠬᠢᠶ᠎ᠠ ᠪᠠᠭᠰᠢ ᠲᠣᠭᠤᠷᠢᠭ ᠤᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/7/19
     ᠳᠡᠭᠡᠷ᠎ᠡ ᠬᠠᠭᠠᠰ ᠵᠢᠯ ᠳᠤ᠂ ᠬᠢᠶ᠎ᠠ ᠪᠠᠭᠰᠢ ᠲᠣᠭᠤᠷᠢᠭ ᠤᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ  ᠬᠠᠮᠤᠭ  ᠤᠨ ᠲᠡᠷᠢᠭᠦᠨ ᠳᠤ 3 ᠲᠦᠮᠡᠨ ᠲᠥᠭᠦᠷᠢᠭ ᠢ ᠳᠠᠪᠠᠵᠤ᠂ 30551 ᠲᠥᠭᠦᠷᠢᠭ ᠲᠤ ᠬᠦᠷᠴᠦ᠂  ᠨᠡᠷᠡᠯᠡᠭᠰᠡᠨ ᠨᠡᠮᠡᠭᠳᠡᠯ ᠤᠨ ᠬᠤᠷᠳᠤᠴᠠ 4.2 % ᠲᠤ ᠬᠦᠷᠪᠡ᠃ ᠡᠭᠦᠨ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 31352 ᠲᠥᠭᠦᠷᠢᠭ ᠲᠤ ᠬᠦᠷᠴᠦ᠂ ᠨᠡᠷᠡᠯᠡᠭᠰᠡᠨ ᠦᠰᠦᠯᠲᠡ 4.1% ᠪᠤᠯᠪᠠ᠃ ᠮᠠᠨ ᠤ  ᠲᠤᠭᠤᠷᠢᠭ ᠤᠨ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠶᠡᠷᠦᠩᠬᠡᠢ ᠬᠡᠮᠵᠢᠶ᠎ᠡ ᠪᠥᠬᠦ ᠬᠤᠲᠠ ᠶᠢᠨ ᠲᠡᠷᠢᠭᠦᠨ ᠳᠤ ᠣᠷᠣᠵᠤ᠂ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃     ᠣᠷᠣᠯᠭ᠎ᠠ ᠶᠢᠨ ᠢᠷᠡᠯᠲᠡ ᠠᠴᠠ ᠠᠪᠴᠤ ᠦᠵᠡᠪᠡᠯ᠄ ᠬᠤᠲᠠ ᠪᠠᠯᠭᠠᠰᠤᠨ ᠤ ᠰᠠᠭᠤᠭᠠᠯᠢ ᠠᠷᠠᠳ ᠤᠨ  ᠴᠠᠯᠢᠩ ᠤᠨ ᠴᠢᠨᠠᠷ ᠲᠠᠢ ᠤᠷᠤᠯᠭ᠎ᠠ ᠶᠢᠨ ᠡᠵᠡᠮᠳᠡᠵᠦ ᠪᠣᠯᠬᠤ ᠤᠷᠤᠯᠭ᠎ᠠ  ᠳᠠᠬᠢ ᠡᠵᠡᠯᠡᠬᠦ ᠬᠤᠪᠢ ᠶᠢᠨ ᠵᠢᠩ ᠨᠢ 72.2% ᠪᠣᠯᠤᠨ᠎ᠠ᠃ ᠡᠵᠡᠩᠨᠡᠯᠲᠡ ᠶᠢᠨ ᠴᠡᠪᠡᠷ ᠣᠷᠣᠯᠭ᠎ᠠ ᠶᠢᠨ ᠡᠵᠡᠮᠳᠡᠵᠦ ᠪᠣᠯᠬᠤ ᠣᠷᠣᠯᠭ᠎ᠠ ᠳᠠᠬᠢ ᠡᠵᠡᠯᠡᠬᠦ ᠬᠤᠪᠢ ᠶᠢᠨ ᠵᠢᠩ ᠨᠢ 11.5% ᠪᠠᠶᠢᠵᠤ᠂ ᠡᠳ᠋ ᠬᠥᠷᠥᠩᠭᠡ ᠶᠢᠨ ᠴᠡᠪᠡᠷ ᠣᠷᠣᠯᠭ᠎ᠠ ᠶᠢᠨ ᠡᠵᠡᠮᠳᠡᠵᠦ ᠪᠣᠯᠬᠤ ᠣᠷᠣᠯᠭ᠎ᠠ ᠳᠠᠬᠢ ᠡᠵᠡᠯᠡᠬᠦ ᠬᠤᠪᠢ ᠶᠢᠨ ᠵᠢᠩ ᠨᠢ 10.2% ᠪᠠᠶᠢᠵᠤ᠂ ᠰᠢᠯᠵᠢᠭᠦᠯᠵᠦ ᠪᠣᠯᠬᠤ ᠴᠡᠪᠡᠷ ᠣᠷᠣᠯᠭ᠎ᠠ ᠶᠢᠨ ᠡᠵᠡᠮᠳᠡᠵᠦ ᠪᠣᠯᠬᠤ ᠣᠷᠣᠯᠭ᠎ᠠ ᠳᠠᠬᠢ ᠡᠵᠡᠯᠡᠬᠦ ᠬᠤᠪᠢ ᠶᠢᠨ ᠵᠢᠩ ᠨᠢ 6. 1% ᠪᠣᠯᠤᠨ᠎ᠠ᠃
ᠢᠷᠡᠯᠲᠡ᠄ ᠳᠣᠰ ᠰᠦᠯᠵᠢᠶ᠎ᠡ