1 - 5 ᠳ᠋ᠤᠭᠠᠷ ᠰᠠᠷ᠎ᠠ ᠶᠢᠨ ᠬᠢᠶ᠎ᠠ ᠪᠠᠭᠰᠢ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ  ᠲᠣᠭᠠᠨ ᠤ ᠨᠡᠮᠡᠭᠳᠡᠯ ᠤᠨ ᠬᠤᠷᠳᠤᠴᠠ ᠲᠣᠭᠲᠠᠭᠤᠨ ᠢᠶᠠᠷ ᠳᠡᠭᠡᠭᠰᠢᠯᠡᠪᠡ
ᠨᠡᠶᠢᠲᠡᠯᠡᠭᠰᠡᠨ ᠴᠠᠭ᠄
2024/7/19
        2024 ᠣᠨ ᠤ 1 — 5 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 33.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠨ᠂ ᠲᠦᠷᠦᠭᠦᠤ ᠰᠠᠷ᠎ᠠ ᠶᠢᠨ ᠬᠢ ᠠᠴᠠ 1.9% ᠪᠠᠷ ᠨᠡᠮᠡᠭᠳᠡᠪᠡ᠃        ᠬᠡᠷᠡᠭᠯᠡᠭᠡᠨ ᠤ ᠪᠠᠶᠢᠳᠠᠯ ᠠᠴᠠ ᠦᠵᠡᠪᠡᠯ᠄ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 4.1% ᠪᠠᠷ ᠨᠡᠮᠡᠭᠳᠡᠪᠡ᠃ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 16% ᠪᠠᠷ ᠨᠡᠮᠡᠭᠳᠡᠪᠡ᠃        ᠬᠡᠷᠡᠭᠯᠡᠭᠡᠨ ᠤ ᠬᠡᠯᠪᠡᠷᠢ ᠠᠴᠠ ᠦᠵᠡᠪᠡᠯ᠄ ᠮᠠᠨ ᠤ ᠲᠣᠭᠤᠷᠢᠭ ᠡᠨᠡ ᠵᠢᠯ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠷᠣᠯᠠᠭᠤᠯᠭ᠎ᠠ ᠶᠢ ᠠᠬᠢᠭᠤᠯᠬᠤ ᠵᠠᠷᠤᠳᠠᠯ ᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠬᠥᠭᠵᠢᠭᠦᠯᠵᠦ᠂ 1 - 5 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠦᠢᠯᠡᠰ ᠤᠨ ᠨᠢᠭᠡᠴᠡ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠭᠤᠯᠤᠨ ᠪᠡᠶᠡᠯᠡᠭᠦᠯᠦᠭᠰᠡᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 4.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 129.3% ᠪᠠᠷ ᠨᠡᠮᠡᠭᠳᠡᠨ᠂ ᠪᠥᠬᠦ ᠲᠣᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠤᠭ᠎ᠠ 3.2 ᠵᠠᠭᠤᠨ ᠤ ᠨᠢᠭᠡᠴᠢ ᠨᠡᠮᠡᠭᠳᠡᠵᠦ᠂ ᠪᠥᠬᠦ ᠲᠣᠭᠤᠷᠢᠭ ᠤᠨ ᠨᠡᠶᠢᠭᠡᠮ ᠤᠨ ᠶᠡᠷᠦᠩᠬᠡᠶ ᠲᠣᠭᠠᠨ ᠤ 13.6% ᠶᠢ ᠡᠵᠡᠯᠡᠪᠡ᠃ ᠮᠠᠨ ᠤ ᠲᠣᠭᠤᠷᠢᠭ ᠤᠨ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠭᠤᠯᠤᠨ ᠪᠡᠶᠡᠯᠡᠭᠦᠯᠦᠭᠰᠡᠨ ᠢᠳᠡᠭᠡᠨ ᠤᠮᠳᠠᠭᠠᠨ ᠤ ᠣᠷᠣᠯᠭ᠎ᠠ 0.67 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17% ᠪᠠᠷ ᠨᠡᠮᠡᠭᠳᠡᠪᠡ᠃        ᠬᠡᠷᠡᠭᠯᠡᠭᠡᠨ ᠤ ᠲᠦᠷᠦᠯ ᠵᠦᠢᠯ ᠠᠴᠠ ᠦᠵᠡᠪᠡᠯ᠄ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 1.1% ᠨᠡᠮᠡᠭᠳᠡᠵᠦ᠂ ᠮᠠᠰᠢᠨ ᠲᠡᠷᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 123.7% ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 139.9% ᠨᠡᠮᠡᠭᠳᠡᠵᠦ᠂ ᠠᠮᠤ ᠲᠣᠰᠣ᠂ ᠢᠳᠡᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 31.2%  ᠨᠡᠮᠡᠭᠳᠡᠨ᠂ ᠠᠷᠢᠬᠢ ᠲᠠᠮᠠᠬᠢ ᠠᠳᠠᠯᠢ ᠬᠤᠭᠤᠴᠠᠭᠠᠨ ᠤ ᠬᠢ ᠠᠴᠠ 12.3%ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠠᠳᠠᠯᠢ ᠬᠤᠭᠤᠴᠠᠭᠠᠨ ᠤ ᠬᠢ ᠠᠴᠠ 13.7%  ᠨᠡᠮᠡᠭᠳᠡᠨ᠂  ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 51.2% ᠨᠡᠮᠡᠭᠳᠡᠪᠡ᠃        ᠠᠵᠤ ᠠᠬᠤᠶᠢᠯᠠᠯ ᠤᠨ ᠲᠥᠷᠥᠯ ᠵᠦᠢᠯ ᠢᠶᠠᠷ ᠦᠵᠡᠪᠡᠯ᠄ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 13.5% ᠪᠠᠷ ᠨᠡᠮᠡᠭᠳᠡᠵᠦ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠠᠳᠠᠯᠢ ᠬᠤᠭᠤᠴᠠᠭᠠᠨ ᠤ ᠬᠢ ᠠᠴᠠ 99.3% ᠪᠠᠷ ᠨᠡᠮᠡᠭᠳᠡᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠠᠳᠠᠯᠢ ᠬᠤᠭᠤᠴᠠᠭᠠᠨ ᠤ ᠬᠢ ᠠᠴᠠ 15.5% ᠪᠠᠷ ᠨᠡᠮᠡᠭᠳᠡᠪᠡ᠃        1 - 5 ᠳ᠋ᠤᠭᠠᠷ ᠰᠠᠷ᠎ᠠ ᠳᠤ᠂ ᠵᠠᠰᠠᠭ ᠤᠨ ᠣᠷᠳᠣᠨ ᠤ ᠬᠡᠷᠡᠭᠯᠡᠭᠡᠨ ᠳᠤ ᠰᠡᠳᠡᠯᠲᠡ ᠥᠭᠬᠦ ᠲᠥᠷᠥ ᠶᠢᠨ ᠪᠣᠳᠣᠯᠭ᠎ᠠ ᠶᠢᠨ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠭᠳᠠᠬᠤ ᠶᠢ ᠳᠠᠭᠠᠯᠳᠤᠨ᠂  ᠪᠠᠰᠠ ᠨᠠᠩ ᠣᠯᠠᠨ ᠮᠠᠰᠢᠨ ᠲᠡᠷᠭᠡᠨ ᠤ ᠠᠵᠤ ᠠᠬᠤᠶᠢᠯᠠᠯ ᠬᠢᠶ᠎ᠠ ᠪᠠᠭᠰᠢ ᠳᠤ ᠣᠷᠣᠵᠤ ᠰᠠᠭᠤᠨ᠂ ᠮᠠᠨ ᠤ ᠲᠣᠭᠤᠷᠢᠭ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠬᠤ ᠬᠡᠮᠵᠢᠶ᠎ᠡ ᠲᠠᠰᠤᠷᠠᠯᠲᠠ ᠥᠬᠡᠶ ᠨᠡᠮᠡᠭᠳᠡᠵᠦ᠂ ᠨᠢᠭᠡᠨᠲᠡ ᠮᠠᠨ ᠤ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠭᠤᠤᠯ ᠬᠦᠴᠦᠨ ᠪᠣᠯᠵᠠᠶ᠃
ᠢᠷᠡᠯᠲᠡ᠄ ᠲᠣᠰ ᠰᠥᠯᠵᠢᠶ᠎ᠡ