ᠬᠢᠶ᠎ᠠ ᠪᠠᠭᠰᠢ ᠲᠣᠭᠤᠷᠢᠭ ᠤᠨ ᠠᠵᠤ ᠦᠢᠯᠡᠳᠪᠦᠷᠢ ᠶᠢᠨ ᠠᠵᠢᠯᠯᠠᠭ᠎ᠠ ᠰᠠᠶᠢᠨ ᠰᠠᠶᠢᠬᠠᠨ ᠶᠠᠪᠣᠭᠳᠠᠵᠤ᠂ ᠠᠷᠠᠳ ᠤᠨ ᠠᠮᠢᠳᠤᠷᠠᠯ ᠪᠠᠲᠤ ᠴᠢᠩᠭ᠎ᠠ ᠪᠠᠲᠤᠯᠠᠭ᠎ᠠ  ᠲᠠᠢ ᠪᠠᠶᠢᠨ᠎ᠠ
ᠨᠡᠶᠢᠲᠡᠯᠡᠭᠰᠡᠨ ᠴᠠᠭ᠄
2024/7/19
          1 - 5 ᠳ᠋ᠤᠭᠠᠷ ᠰᠠᠷ᠎ᠠ ᠳᠤ᠂ ᠬᠢᠶ᠎ᠠ ᠪᠠᠭᠰᠢ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ 9.4% ᠨᠡᠮᠡᠭᠳᠡᠵᠦ᠂ ᠪᠥᠬᠦ ᠬᠤᠲᠠ ᠶᠢᠨ ᠬᠢᠷᠢ ᠲᠦᠪᠰᠢᠨ ᠠᠴᠠ 2.1 ᠵᠠᠭᠤᠨ ᠤ ᠨᠢᠭᠡᠴᠢ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠭᠤᠷᠪᠠᠳᠤᠭᠠᠷ ᠲᠤ ᠣᠷᠣᠪᠠ᠃ ᠲᠥᠷᠥᠯ ᠬᠤᠪᠢᠶᠠᠨ ᠠᠪᠴᠤ ᠦᠵᠡᠪᠡᠯ᠂ ᠦᠢᠯᠡᠳᠬᠦ ᠦᠢᠯᠡᠰ 88.4% ᠪᠠᠷ ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 8.7% ᠪᠠᠷ ᠨᠡᠮᠡᠭᠳᠡᠪᠡ᠃         ᠡᠨᠡ ᠵᠢᠯ ᠠᠴᠠ ᠨᠠᠰᠢ᠂ ᠬᠢᠶ᠎ᠠ ᠪᠠᠭᠰᠢ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠨᠡᠯᠢᠶᠡᠳ ᠰᠠᠶᠢᠨ ᠪᠠᠶᠢᠵᠤ᠂ ᠨᠡᠮᠡᠭᠳᠡᠯ ᠤᠨ ᠬᠤᠷᠳᠤᠴᠠ ᠨᠢ ᠳᠠᠷᠠᠭᠠᠯᠠᠨ ᠭᠤᠷᠪᠠᠨ ᠰᠠᠷ᠎ᠠ 9% ᠠᠴᠠ ᠳᠡᠭᠡᠭᠰᠢ ᠪᠠᠶᠢᠵᠦ᠂ ᠣᠨᠴᠠᠭᠠᠶᠢᠯᠠᠨ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠨ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠤᠨ ᠪᠦᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ 98% ᠳᠤ ᠬᠦᠷᠪᠡ᠃ ᠨᠢᠭᠡ᠂ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠪᠠᠶᠢᠳᠠᠯ ᠴᠢᠩᠭᠠᠷᠠᠪᠠ᠃ 1 - 5 ᠰᠠᠷ᠎ᠠ ᠳᠤ᠂ ᠴᠠᠬᠢᠯᠭᠠᠨ ᠭᠠᠷᠭᠠᠬᠤ ᠬᠡᠮᠵᠢᠶ᠎ᠡ ᠪᠠ ᠴᠠᠬᠢᠯᠭᠠᠨ ᠬᠡᠷᠡᠭᠯᠡᠬᠦ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ 9% ᠳᠤ ᠬᠦᠷᠴᠦ᠂ ᠨᠡᠮᠡᠭᠳᠡᠯ ᠥᠷᠲᠡᠭ  ᠨᠢ 8.8% ᠪᠠᠷ  ᠨᠡᠮᠡᠭᠳᠡᠨ᠂ ᠪᠦᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 8.4 ᠵᠠᠭᠤᠨ ᠤ ᠴᠡᠭ ᠨᠡᠮᠡᠭᠳᠡᠭᠦᠯᠪᠡ᠃ ᠬᠤᠶᠠᠷ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠᠲᠤ ᠴᠢᠩᠭ᠎ᠠ ᠬᠦᠴᠦᠨ ᠲᠠᠢ ᠪᠠᠶᠢᠨ᠎ᠠ᠃ 1 - 5 ᠰᠠᠷ᠎ᠠ ᠳᠤ᠂ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠢᠯᠴᠢ ᠶᠢᠨ ᠬᠦᠴᠦᠨ᠂ ᠰᠢᠲᠠᠮᠠᠬᠠᠶ ᠬᠡᠶ᠂ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠨᠡᠮᠡᠭᠳᠡᠯ ᠥᠷᠲᠡᠭ 5.4% ᠨᠡᠮᠡᠭᠳᠡᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠢᠳᠤᠷᠠᠯ᠂ ᠦᠢᠯᠡᠳᠪᠦᠷᠢᠯᠡᠯ ᠢ ᠪᠠᠲᠤᠯᠠᠨ ᠰᠠᠶᠢᠵᠢᠷᠠᠭᠤᠯᠬᠤ ᠳᠤ ᠪᠠᠲᠤ ᠪᠠᠬᠢ ᠬᠦᠴᠦᠨ ᠨᠡᠮᠡᠷᠢᠯᠡᠪᠡ᠃
ᠢᠷᠡᠯᠲᠡ᠄ ᠲᠣᠰ ᠰᠥᠯᠵᠢᠶ᠎ᠡ