ᠬᠢᠶ᠎ᠠ ᠪᠠᠭᠰᠢ ᠲᠣᠭᠤᠷᠢᠭ ᠤᠨ ᠳᠡᠭᠡᠳᠦ ᠬᠠᠭᠠᠰ ᠵᠢᠯ ᠤᠨ ᠬᠡᠷᠡᠭᠯᠡᠭᠡᠨ ᠤ ᠵᠠᠷᠤᠯᠭ᠎ᠠ ᠦᠷᠭᠦᠯᠵᠢᠯᠡᠨ ᠳᠡᠭᠡᠭᠰᠢᠯᠡᠪᠡ
ᠨᠡᠶᠢᠲᠡᠯᠡᠭᠰᠡᠨ ᠴᠠᠭ᠄
2024/7/19
         ᠳᠡᠭᠡᠳᠦ ᠬᠠᠭᠠᠰ ᠵᠢᠯ ᠳᠤ᠂ ᠬᠢᠶ᠎ᠡ ᠪᠠᠭᠰᠢ ᠲᠣᠭᠤᠷᠢᠭ ᠤᠨ ᠪᠦᠬᠦᠲᠡ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠢ ᠵᠠᠷᠤᠯᠭ᠎ᠠ 21850 ᠲᠥᠭᠦᠷᠢᠭ᠂ ᠨᠡᠮᠡᠭᠳᠡᠯ ᠤᠨ ᠬᠤᠷᠳᠣᠴᠠ ᠨᠢ 8%᠃ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠶ ᠵᠠᠷᠤᠯᠭ᠎ᠠ 22194 ᠲᠥᠭᠦᠷᠢᠭ ᠪᠠᠶᠢᠵᠤ᠂ ᠨᠡᠮᠡᠭᠳᠡᠯ ᠤᠨ ᠬᠤᠷᠳᠣᠴᠠ ᠨᠢ 7.8%᠃ ᠮᠠᠨ ᠤ ᠲᠣᠭᠤᠷᠢᠭ ᠤᠨ ᠪᠦᠬᠦᠲᠡ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ ᠶᠡᠷᠦᠩᠬᠡᠶ ᠬᠡᠮᠵᠢᠶ᠎ᠡ ᠨᠢ ᠪᠥᠬᠦ ᠬᠤᠲᠠ ᠳᠤ ᠬᠤᠶᠠᠳᠤᠭᠠᠷ ᠲᠤ ᠣᠷᠣᠵᠤ᠂ ᠰᠠᠭᠤᠭᠠᠯᠢ ᠠᠷᠠᠳ ᠤᠨ ᠬᠡᠷᠡᠭᠯᠡᠭᠡ ᠦᠷᠭᠦᠯᠵᠢᠯᠡᠨ ᠨᠡᠮᠡᠭᠳᠡᠬᠦ ᠶᠢ ᠪᠡᠶᠡᠯᠡᠭᠦᠯᠪᠡ᠃        ᠬᠡᠷᠡᠭᠯᠡᠭᠡᠨ ᠤ ᠡᠯ᠎ᠡ ᠲᠥᠷᠥᠯ ᠵᠦᠢᠯ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ ᠡᠵᠡᠯᠡᠬᠦ ᠬᠤᠪᠢ ᠶᠢᠨ ᠵᠢᠭ ᠨᠢ᠄ ᠢᠳᠡᠭᠡ ᠠᠷᠢᠬᠢ ᠲᠠᠮᠠᠬᠢᠨ ᠤ ᠬᠡᠷᠡᠭᠯᠡᠭᠡᠨ ᠤ ᠵᠠᠷᠤᠯᠭ᠎ᠠ 24.4% ᠂ ᠬᠤᠪᠴᠠᠰᠤ ᠬᠤᠨᠠᠷ ᠤᠨ ᠬᠡᠷᠡᠭᠯᠡᠭᠡᠨ ᠤ ᠵᠠᠷᠤᠯᠭ᠎ᠠ 8.8%᠂ ᠣᠷᠣᠨ ᠰᠠᠭᠤᠴᠠ ᠶᠢᠨ ᠬᠡᠷᠡᠭᠯᠡᠭᠡᠨ ᠤ ᠵᠠᠷᠤᠯᠭ᠎ᠠ 28.4% ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠬᠡᠷᠡᠭᠯᠡᠭᠡᠨ ᠤ ᠵᠠᠷᠤᠯᠭ᠎ᠠ 5.4%᠂ ᠵᠠᠮ ᠬᠠᠷᠢᠯᠴᠠᠭ᠎ᠠ ᠴᠢᠮᠡᠭᠡ ᠬᠤᠯᠪᠣᠭᠠᠨ ᠤ ᠬᠡᠷᠡᠭᠯᠡᠭᠡᠨ ᠤ ᠵᠠᠷᠤᠯᠭ᠎ᠠ 15.6%᠂ ᠰᠤᠷᠭᠠᠨ ᠬᠥᠮᠦᠵᠢᠯ ᠰᠣᠶᠣᠯ ᠴᠡᠩᠭᠡᠯ ᠤᠨ ᠬᠡᠷᠡᠭᠯᠡᠭᠡᠨ ᠤ ᠵᠠᠷᠤᠯᠭ᠎ᠠ 8.2% ᠂ ᠡᠮᠴᠢᠯᠡᠭᠡ ᠡᠷᠡᠭᠦᠯᠵᠢᠯ ᠤᠨ ᠬᠡᠷᠡᠭᠯᠡᠭᠡᠨ ᠤ ᠵᠠᠷᠤᠯᠭ᠎ᠠ 6.5%᠂ ᠪᠤᠰᠤᠳ ᠬᠡᠷᠡᠭᠯᠡᠭᠡᠨ ᠤ ᠵᠠᠷᠤᠯᠭ᠎ᠠ 2.7%᠃
ᠢᠷᠡᠯᠲᠡ᠄ ᠲᠣᠰ ᠰᠥᠯᠵᠢᠶ᠎ᠡ