ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠷᠢᠰᠦᠯᠳᠦᠬᠦ ᠤᠷᠤᠯᠳᠤᠭᠠᠨ ᠣᠷᠳᠣᠰ ᠤᠨ ᠣᠯᠠᠨ ᠤᠯᠤᠰ ᠤᠨ ᠲᠡᠷᠭᠡᠨ ᠤᠷᠤᠯᠳᠤᠭᠠᠨ ᠤ ᠬᠤᠳᠠ ᠳᠤ ᠡᠬᠢᠯᠡᠪᠡ
ᠨᠡᠶᠢᠲᠡᠯᠡᠭᠰᠡᠨ ᠴᠠᠭ᠄
2024/7/23
      ᠦᠢᠷ᠎ᠠ ᠶᠢᠨ ᠡᠳᠦᠷ᠂ 2024 ᠣᠨ ᠤ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠷᠢᠰᠦᠯᠳᠦᠬᠦ ᠤᠷᠤᠯᠳᠤᠭᠠᠨ ᠣᠷᠳᠣᠰ ᠤᠨ ᠣᠯᠠᠨ ᠤᠯᠤᠰ ᠤᠨ ᠲᠡᠷᠭᠡᠨ ᠤᠷᠤᠯᠳᠤᠭᠠᠨ ᠤ ᠬᠤᠳᠠ ᠳᠤ ᠡᠬᠢᠯᠡᠪᠡ᠃       ᠡᠬᠢᠯᠡᠯᠲᠡ ᠶᠢᠨ ᠶᠣᠰᠣᠯᠠᠯ ᠨᠢ ᠣᠷᠭᠢᠯᠤᠮ᠎ᠠ ᠬᠠᠯᠠᠭᠤᠨ ᠳᠠᠭᠤᠤ ᠪᠥᠵᠢᠭ ᠤᠨ ᠲᠣᠭᠯᠠᠯᠲᠠ ᠪᠠᠷ ᠬᠥᠰᠢᠭᠡ ᠪᠠᠨ ᠰᠡᠬᠦᠪᠡ᠃ ᠡᠯ᠎ᠡ ᠤᠷᠤᠯᠳᠤᠭᠠᠨ ᠳᠤ ᠣᠷᠣᠯᠴᠠᠭᠰᠠᠨ ᠮᠠᠰᠢᠨ ᠲᠡᠷᠭᠡᠨ ᠤ ᠠᠵᠤ ᠠᠬᠤᠶᠢᠯᠠᠯ ᠨᠠᠷᠠᠲᠤ ᠲᠡᠮᠳᠡᠭᠲᠦ ᠶᠢᠨ ᠦᠵᠡᠭᠦᠯᠭᠡ ᠬᠢᠵᠦ᠂ ᠲᠠᠯ᠎ᠠ ᠨᠤᠲᠤᠭ ᠤᠨ ᠵᠣᠴᠢᠨ ᠤᠭᠲᠤᠬᠤ ᠮᠣᠷᠢᠲᠦ ᠴᠡᠷᠢᠭ ᠲᠠᠯᠠᠪᠠᠶ ᠳᠤ ᠣᠷᠣᠬᠤ ᠣᠨᠴᠠᠭᠠᠶ  ᠶᠣᠰᠣᠯᠠᠯ ᠶᠠᠪᠤᠭᠳᠠᠭᠤᠯᠣᠨ᠂ ᠰᠢᠭᠦᠭᠴᠢ ᠪᠠ ᠲᠡᠷᠭᠡ ᠣᠷᠣᠯᠳᠣᠭᠴᠢ  ᠶᠢᠨ ᠲᠥᠯᠥᠭᠡᠯᠡᠭᠴᠢ  ᠲᠠᠩᠭᠠᠷᠢᠭᠯᠠᠵᠤ᠂ ᠮᠠᠰᠢᠨ ᠲᠡᠷᠭᠡᠨ ᠤ ᠣᠨᠴᠠ ᠮᠡᠷᠭᠡᠵᠢᠯ ᠤᠨ ᠲᠣᠭᠯᠠᠯᠲᠠ ᠵᠢᠴᠢ ᠨᠡᠷᠡᠰ ᠤᠨ ᠵᠢᠭᠰᠠᠭᠠᠯᠲᠠ ᠶᠢᠨ ᠤᠷᠤᠯᠳᠤᠭᠠᠨ ᠶᠠᠪᠤᠭᠤᠯᠪᠠ᠃      ᠲᠤᠰ ᠤᠳᠠᠭᠠᠨ ᠤ ᠤᠷᠤᠯᠳᠤᠭᠠᠨ ᠢᠶᠠᠷ ᠰᠢᠨ᠎ᠡ ᠡᠨᠧᠷᠭᠢ ᠶᠢᠨ ᠮᠠᠰᠢᠨ ᠲᠡᠷᠭᠡᠨ ᠤ  ᠥᠪᠡᠷᠮᠢᠴᠡ ᠮᠡᠷᠭᠡᠵᠢᠯ ᠤᠨ ᠳᠠᠪᠠᠭᠤᠯᠢᠭ ᠢ ᠢᠯᠡᠷᠡᠭᠦᠯᠪᠡ᠃ ᠤᠷᠤᠯᠳᠤᠭᠠᠨ 7 ᠰᠠᠷ᠎ᠠ ᠶᠢᠨ 20 ᠤ ᠡᠳᠦᠷ ᠠᠴᠠ 22 ᠤᠨ ᠡᠳᠦᠷ ᠪᠣᠯᠲᠠᠯ᠎ᠠ ᠦᠷᠭᠦᠯᠵᠢᠯᠡᠵᠦ᠂ 25 ᠮᠠᠰᠢᠨ ᠲᠡᠷᠭᠡᠨ ᠤ ᠠᠵᠤ ᠠᠬᠤᠶᠢᠯᠠᠯ ᠤᠨ 29 ᠰᠢᠨ᠎ᠡ ᠡᠨᠧᠷᠭᠢ ᠶᠢᠨ ᠮᠠᠰᠢᠨ ᠲᠡᠷᠭᠡ  ᠪᠢᠴᠢᠯ ᠬᠡᠯᠪᠡᠷᠢ ᠶᠢᠨ ᠲᠡᠷᠭᠡᠨ ᠳᠠᠭᠠᠭᠠᠴᠠ ᠶᠢᠨ ᠤᠷᠤᠯᠳᠤᠭᠠᠨ᠂ ᠤᠶᠤᠨᠲᠤ ᠲᠡᠷᠭᠡ ᠵᠣᠭᠰᠣᠬᠤ ᠤᠷᠤᠯᠳᠤᠭᠠᠨ ᠵᠡᠷᠭᠡ ᠤᠷᠤᠯᠳᠤᠭᠠᠨ ᠶᠠᠪᠣᠭᠳᠠᠨ᠎ᠠ᠃
01.JPG
02.JPG
03.JPG
04.JPG
05.JPG
06.JPG
07.JPG
08.JPG
09.JPG
10.JPG
11.JPG
12.JPG
 
ᠢᠷᠡᠯᠲᠡ᠄ ᠲᠣᠰ ᠰᠥᠯᠵᠢᠶ᠎ᠡ