ᠡᠮᠨᠡᠯᠭᠡ ᠶᠢᠨ ᠠᠵᠢᠯᠲᠠᠳ ᠢ ᠬᠦᠴᠦᠷᠬᠡᠭᠯᠡᠯ ᠢᠶᠠᠷ ᠭᠡᠮᠲᠦᠭᠡᠭᠰᠡᠨ ᠪᠣᠯ ᠬᠠᠤᠯᠢ ᠶᠢ ᠵᠥᠷᠢᠴᠡᠭᠰᠡᠨ ᠬᠦᠨᠳᠦ ᠨᠣᠴᠢᠲᠠᠢ ᠶᠠᠯᠠᠲᠤ ᠠᠵᠢᠯᠯᠠᠭ᠎ᠠ ᠮᠥᠨ
ᠨᠡᠶᠢᠲᠡᠯᠡᠭᠰᠡᠨ ᠴᠠᠭ᠄
2024/7/23
       ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 7 ᠳ᠋ᠤᠭᠠᠷ ᠰᠠᠷ᠎ᠠ ᠶᠢᠨ 20 ᠤ ᠡᠳᠦᠷ ᠢᠯᠡᠷᠬᠡᠶᠢᠯᠡᠭᠰᠡᠨ ᠨᠢ᠂ ᠡᠮᠨᠡᠯᠭᠡ ᠶᠢᠨ ᠠᠵᠢᠯᠲᠠᠳ ᠢ ᠬᠦᠴᠦᠷᠬᠡᠭᠯᠡᠯ ᠢᠶᠠᠷ ᠭᠡᠮᠲᠦᠭᠡᠭᠰᠡᠨ ᠪᠣᠯ ᠬᠠᠤᠯᠢ ᠶᠢ ᠵᠥᠷᠢᠴᠡᠭᠰᠡᠨ ᠬᠦᠨᠳᠦ ᠨᠣᠴᠢᠲᠠᠢ ᠶᠠᠯᠠᠲᠤ ᠠᠵᠢᠯᠯᠠᠭ᠎ᠠ ᠮᠥᠨ᠂ ᠡᠭᠦᠨ ᠢ ᠴᠢᠩᠭ᠎ᠠ ᠪᠤᠷᠤᠭᠤᠰᠢᠶᠠᠨ ᠵᠢᠮᠡᠯᠡᠬᠦ ᠬᠡᠷᠡᠭᠲᠡᠢ᠃ ᠡᠮᠴᠢ ᠶᠢ ᠰᠢᠷᠬᠠᠲᠤᠭᠤᠯᠬᠤ ᠠᠵᠢᠯᠯᠠᠭ᠎ᠠ ᠨᠢ ᠡᠮᠨᠡᠯᠭᠡ ᠶᠢᠨ ᠠᠵᠢᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠦᠨᠳᠦ ᠨᠣᠴᠢᠲᠠᠶ ᠬᠤᠬᠢᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠬᠡᠪ ᠤᠨ ᠡᠮᠴᠢᠯᠡᠭᠡᠨ ᠤ ᠦᠢᠯᠡᠴᠢᠯᠡᠭᠡᠨ ᠤ ᠡᠮᠬᠢ ᠵᠢᠷᠤᠮ ᠢ ᠡᠪᠲᠡᠭᠰᠡᠨ᠂ ᠥᠷᠭᠡᠨ ᠣᠯᠠᠨ ᠠᠷᠠᠳ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠶᠠᠪᠤᠳᠠᠯ ᠪᠣᠯᠤᠨ᠎ᠠ᠃       2020 ᠣᠨ ᠤ 6 ᠰᠠᠷ᠎ᠠ ᠶᠢᠨ 1 ᠤ ᠡᠳᠦᠷ ᠤᠨ ᠬᠡᠷᠡᠭᠵᠢᠭᠦᠯᠦᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾ ᠶᠢ ᠦᠨᠳᠦᠰᠦᠯᠡᠪᠡᠯ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠤ ᠬᠥᠮᠦᠨ ᠤ ᠪᠡᠶ᠎ᠡ ᠶᠢᠨ ᠠᠮᠤᠷ ᠲᠦᠪᠰᠢᠨ᠂ ᠨᠡᠷ᠎ᠡ ᠬᠦᠨᠳᠦ ᠳᠤ ᠬᠠᠯᠳᠠᠵᠤ ᠪᠣᠯᠬᠤ ᠥᠬᠡᠶ᠂ ᠲᠡᠭᠦᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠪᠠᠷ ᠬᠠᠮᠠᠭᠠᠯᠠᠨ᠎ᠠ ᠃ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠨᠢ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠤ ᠬᠥᠮᠦᠨ ᠤ ᠪᠡᠶ᠎ᠡ ᠶᠢᠨ ᠠᠮᠤᠷ ᠲᠦᠪᠰᠢᠨ ᠢ ᠰᠦᠷᠳᠡᠭᠦᠯᠬᠦ᠂ ᠬᠤᠤᠷ ᠬᠥᠨᠥᠭᠡᠯ ᠤᠴᠠᠷᠠᠭᠤᠯᠬᠤ ᠶᠢ ᠴᠠᠭᠠᠵᠠᠯᠠᠵᠤ᠂ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠤ ᠨᠡᠷ᠎ᠡ ᠬᠦᠨᠳᠦ ᠳᠤ ᠬᠠᠯᠳᠠᠬᠤ ᠶᠢ ᠴᠠᠭᠠᠵᠠᠯᠠᠨ᠎ᠠ ᠃ᠲᠠᠨᠢᠯᠴᠠᠭᠤᠯᠤᠭᠰᠠᠨ ᠢᠶᠠᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠣᠲᠣᠭᠠᠳᠤ ᠶᠢ ᠬᠠᠮᠠᠭᠠᠯᠠᠬᠤ ᠶᠠᠮᠤᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠭᠠᠵᠠᠷ ᠤᠨ ᠠᠮᠤᠷ ᠠᠮᠤᠭᠤᠯᠠᠩ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ ᠴᠢᠩᠭᠠᠳᠬᠠᠬᠤ ᠶᠢ ᠵᠢᠯᠣᠭᠤᠳᠴᠤ᠂ ᠡᠮᠨᠡᠯᠭᠡ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠪᠡᠳᠴᠢᠲᠡᠨ ᠪᠠ ᠡᠮᠨᠡᠯᠭᠡ ᠶᠢᠨ ᠠᠵᠢᠯᠲᠠᠨ ᠤ ᠠᠮᠤᠷ ᠲᠦᠪᠰᠢᠨ ᠢ ᠬᠠᠮᠠᠭᠠᠯᠠᠨ᠎ᠠ᠃ ᠡᠯ᠎ᠡ ᠭᠠᠵᠠᠷ ᠤᠨ ᠬᠢᠨ ᠡᠮᠨᠡᠯᠭᠡ ᠶᠢᠨ ᠬᠤᠷᠢᠶᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠪᠠᠶᠢᠴᠠᠭᠠᠯᠲᠠ ᠶᠢᠨ ᠠᠷᠭ᠎ᠠ ᠬᠡᠮᠵᠢᠶ᠎ᠡ ᠶᠢ ᠦᠨᠡᠨ ᠬᠦ ᠨᠠᠶᠢᠳᠠᠪᠤᠷᠢᠵᠢᠭᠤᠯᠵᠤ᠂ ᠴᠠᠭᠳᠠᠭ᠎ᠠ ᠪᠣᠯᠤᠨ ᠡᠮᠴᠢ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠡᠮᠴᠢ ᠪᠣᠯᠤᠨ ᠡᠪᠡᠳᠴᠢᠲᠡᠨ ᠤ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ᠃ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠨᠡᠶᠢᠭᠡᠮ ᠤᠨ ᠡᠯ᠎ᠡ ᠡᠲᠡᠭᠡᠳ ᠤᠨ ᠬᠢᠨ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠮᠨᠡᠯᠭᠡ ᠶᠢᠨ ᠠᠵᠢᠯᠲᠠᠨ ᠤ ᠪᠡᠶ᠎ᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠵᠤ᠂ ᠬᠡᠪ ᠤᠨ ᠡᠮᠴᠢᠯᠡᠭᠡᠨ ᠤ ᠡᠮᠬᠢ ᠵᠢᠷᠤᠮ ᠢ ᠬᠠᠮᠲᠤ ᠪᠠᠷ ᠬᠠᠮᠠᠭᠠᠯᠠᠳᠤᠭᠠᠢ ᠭᠡᠵᠦ ᠤᠷᠢᠶᠠᠯᠠᠪᠠ᠃
ᠢᠷᠡᠯᠲᠡ᠄ ᠠᠷᠠᠳ ᠤᠨ ᠰᠦᠯᠵᠢᠶ᠎ᠡ