1 - 5 ᠳ᠋ᠤᠭᠠᠷ ᠰᠠᠷ᠎ᠠ  ᠶᠢᠨ ᠬᠢᠶ᠎ᠠ ᠪᠠᠭᠰᠢ ᠲᠤᠭᠤᠷᠢᠭ ᠤᠨ ᠦᠢᠯᠡᠴᠢᠯᠡᠭᠡᠨ ᠤ ᠦᠢᠯᠡᠰ ᠦᠷᠭᠦᠯᠵᠢᠯᠡᠨ ᠰᠡᠷᠭᠦᠵᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠲᠣᠭᠲᠠᠭᠤᠨ ᠤ ᠳᠤᠮᠳᠠ ᠨᠡᠮᠡᠭᠳᠡᠪᠡ
ᠨᠡᠶᠢᠲᠡᠯᠡᠭᠰᠡᠨ ᠴᠠᠭ᠄
2024/7/25
    ᠦᠢᠯᠡᠴᠢᠯᠡᠭᠡᠨ ᠤ ᠦᠢᠯᠡᠰ ᠦᠷᠭᠦᠯᠵᠢᠯᠡᠨ ᠰᠡᠷᠭᠦᠵᠦ᠂ ᠠᠷᠠᠳ ᠤᠨ ᠠᠮᠢᠳᠤᠷᠠᠯ ᠤᠨ ᠲᠥᠷᠥᠯ ᠤᠨ ᠦᠢᠯᠡᠴᠢᠯᠡᠭᠡᠨ ᠤ ᠦᠢᠯᠡᠰ ᠢᠯᠡᠳᠲᠡ ᠨᠡᠮᠡᠭᠳᠡᠪᠡ᠃ ᠳᠡᠭᠡᠷ᠎ᠡ ᠬᠠᠭᠠᠰ ᠵᠢᠯ ᠳᠤ᠂ ᠭᠤᠷᠪᠠᠳᠤᠭᠠᠷ ᠠᠵᠤ ᠦᠢᠯᠡᠰ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.1% ᠪᠠᠷ ᠨᠡᠮᠡᠭᠳᠡᠵᠦ᠂ ᠪᠦᠬᠦ ᠬᠤᠲᠠ ᠳᠤ ᠨᠢᠭᠡᠳᠦᠭᠡᠷ ᠲᠤ ᠣᠷᠣᠪᠠ᠃ 1 - 5 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 11.28 ᠳ᠋ᠦᠩᠰᠢᠭᠤᠷ ᠲᠥᠭᠦᠷᠢᠭ ᠲᠤ ᠬᠦᠷᠴᠦ᠂ ᠦᠷᠭᠦᠯᠵᠢᠯᠡᠨ 17 ᠰᠠᠷ᠎ᠠ ᠡᠵᠡᠩᠨᠡᠯᠲᠡ ᠶᠢᠨ ᠣᠷᠣᠯᠭ᠎ᠠ ᠪᠥᠬᠦ ᠬᠤᠲᠠ ᠶᠢᠨ ᠡᠮᠦᠨ᠎ᠡ ᠭᠤᠷᠪᠠ ᠳᠤ ᠣᠷᠣᠪᠠ᠃ ᠡᠭᠦᠨ ᠳᠤ ᠰᠤᠶᠤᠯ ᠵᠢᠭᠤᠯᠴᠢᠯᠠᠯ ᠤᠨ ᠠᠵᠢᠯ ᠲᠥᠷᠥᠯ ᠮᠠᠰᠢ ᠲᠦᠷᠭᠡᠨ ᠬᠥᠭᠵᠢᠵᠦ᠃ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ ᠵᠢᠭᠤᠯᠴᠢᠯᠠᠯ ᠤᠨ  ᠬᠦᠭᠵᠢᠯᠲᠠᠢ ᠴᠠᠭ ᠤᠨ ᠡᠯ᠎ᠡ ᠲᠥᠷᠥᠯ ᠤᠨ ᠠᠵᠢᠯᠯᠠᠭ᠎ᠠ ᠥᠷᠨᠢᠭᠦᠯᠬᠦ ᠦᠢᠯᠡᠳᠦᠯ ᠳᠣᠣᠷ᠎ᠠ᠂ ᠡᠵᠡᠩᠨᠡᠯᠲᠡ ᠶᠢᠨ ᠣᠷᠣᠯᠭ᠎ᠠ ᠶᠡᠭᠡ ᠪᠠᠷ ᠳᠡᠭᠡᠭᠰᠢᠯᠡᠵᠦ᠂ ᠠᠳᠠᠯᠢ ᠬᠤᠭᠤᠴᠠᠭᠠᠨ ᠤ ᠬᠢ ᠠᠴᠠ 114.23% ᠨᠡᠮᠡᠭᠳᠡᠪᠡ᠃ ᠢᠳᠡᠭᠡᠨ ᠤᠮᠳᠠᠭᠠᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠪᠡ᠃ ᠤᠯᠠᠮᠵᠢᠯᠠᠯᠲᠤ ᠠᠵᠢᠯ ᠲᠥᠷᠥᠯ ᠤᠨ ᠥᠰᠥᠯᠲᠡ ᠢᠯᠡᠷᠬᠡᠢ᠃ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠵᠠᠮ ᠲᠡᠭᠡᠭᠡᠪᠦᠷᠢ ᠶᠢᠨ ᠦᠢᠯᠡᠰ᠂ ᠰᠣᠨᠢᠨ ᠮᠡᠳᠡᠭᠡ ᠪᠠ ᠬᠡᠪᠯᠡᠯ ᠤᠨ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠲᠤᠰ ᠲᠤᠰ 17.99%᠂ 72.46%᠂ 0.9% ᠪᠠ 11.2% ᠨᠡᠮᠡᠭᠳᠡᠪᠡ᠃ ᠰᠢᠨ᠎ᠡ ᠪᠠᠷ ᠬᠥᠭᠵᠢᠭᠰᠡᠨ ᠠᠵᠢᠯ ᠲᠥᠷᠥᠯ ᠲᠣᠭᠲᠠᠭᠤᠨ ᠢᠶᠠᠷ ᠨᠡᠮᠡᠭᠳᠡᠪᠡ᠃ ᠮᠡᠳᠡᠭᠡ ᠵᠠᠩᠭᠢ ᠰᠢᠢᠳᠪᠦᠷᠢᠯᠡᠬᠦ ᠪᠠ ᠬᠠᠳᠠᠭᠠᠯᠠᠯᠲᠠ ᠪᠠᠷ ᠦᠢᠯᠡᠴᠢᠯᠡᠭᠡᠨ ᠤ ᠦᠢᠯᠡᠰ ᠢ ᠳᠡᠮᠵᠢᠬᠦ ᠨᠢ ᠠᠳᠠᠯᠢ ᠬᠤᠭᠤᠴᠠᠭᠠᠨ ᠤ ᠬᠢ ᠠᠴᠠ 3.73% ᠨᠡᠮᠡᠭᠳᠡᠪᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠬᠡᠮᠵᠢᠬᠦ ᠦᠢᠯᠡᠴᠢᠯᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 58.25% ᠪᠠᠷ ᠨᠡᠮᠡᠭᠳᠡᠪᠡ᠃    ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠤ ᠳᠤᠮᠳᠠ  ᠰᠠᠶᠢᠵᠢᠷᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠲᠤᠯᠭᠠᠭᠤᠷᠢᠯᠠᠯ ᠬᠦᠴᠦᠲᠡᠢ ᠪᠠᠶᠢᠨ᠎ᠠ᠃ ᠳᠡᠭᠡᠷ᠎ᠡ ᠬᠠᠭᠠᠰ ᠵᠢᠯ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ  ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.4% ᠨᠡᠮᠡᠭᠳᠡᠵᠦ᠂ ᠪᠥᠬᠦ ᠬᠤᠲᠠ ᠶᠢᠨ 0.7 ᠵᠠᠭᠤᠨ ᠤ  ᠨᠢᠭᠡᠴᠢ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠭᠤᠷᠪᠠᠳᠤᠭᠠᠷ ᠲᠤ ᠪᠠᠶᠢᠬᠤ ᠶᠢ ᠪᠠᠲᠤᠯᠠᠪᠠ᠃ ᠲᠥᠷᠥᠯ ᠬᠤᠪᠢᠶᠠᠵᠤ ᠦᠵᠡᠪᠡᠯ᠂  ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 196% ᠪᠠᠷ ᠨᠡᠮᠡᠭᠳᠡᠪᠡ᠃ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ  ᠦᠢᠯᠡᠳᠪᠦᠷᠢᠯᠡᠯ ᠪᠠ ᠬᠠᠩᠭᠠᠯᠭ᠎ᠠ ᠶᠢᠨ  ᠦᠢᠯᠡᠰ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠪᠡ᠃ ᠡᠭᠦᠨ ᠳᠤ᠂ ᠭᠤᠤᠯᠳᠠᠯᠭ᠎ᠠ ᠲᠠᠢ ᠠᠵᠢᠯ ᠲᠥᠷᠥᠯ ᠤᠨ ᠲᠤᠯᠭᠠᠭᠤᠷᠢᠯᠠᠯ ᠬᠦᠴᠦᠲᠡᠶ ᠪᠠᠶᠢᠵᠤ᠂ ᠴᠠᠬᠢᠯᠭᠠᠨ ᠬᠦᠴᠦᠨ ᠤ ᠠᠵᠢᠯ ᠲᠥᠷᠥᠯ ᠤᠨ ᠬᠢᠨ ᠤ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 84% ᠳᠤ ᠬᠦᠷᠴᠡᠶ᠃
ᠢᠷᠡᠯᠲᠡ᠄ ᠳᠣᠰ ᠰᠦᠯᠵᠢᠶ᠎ᠡ